︵2015 ᠤᠨ ᠤ 5 ᠳ᠋ᠤᠭᠠᠷ ᠰᠠᠷ᠎ᠡ ᠶᠢᠨ 22 ᠤᠨ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠶᠢᠨ ᠠᠷᠪᠠᠨ ᠵᠢᠷᠭᠤᠳᠤᠭᠠᠷ ᠬᠤᠷᠠᠯ ᠠᠴᠠ ᠪᠠᠳᠤᠯᠠᠪᠠ︶ | | | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | ᠠᠷᠪᠠᠳᠤᠭᠠᠷ ᠲᠤᠭᠠᠳᠦ | 2015 ᠤᠨ ᠤ 5 ᠳ᠋ᠤᠭᠠᠷ ᠰᠠᠷ᠎ᠡ ᠶᠢᠨ 22 ᠤᠨ ᠡᠳᠦᠷ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠡ ᠶᠢᠨ ᠠᠷᠪᠠᠨ ᠵᠢᠷᠭᠤᠳᠤᠭᠠᠷ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠢᠳᠡᠭᠡᠨ ᠡᠳ᠋ᠰᠢᠯᠡᠬᠦᠯᠬᠦ ᠵᠢᠵᠢᠭ ᠦᠢᠯᠡᠳᠭᠡᠯ ᠪᠤᠯᠤᠨ ᠢᠳᠡᠭᠡᠨ ᠤ ᠲᠡᠯᠭᠡᠬᠦᠷᠴᠢᠨ ᠤ ᠬᠠᠮᠢᠶᠠᠷᠤᠯᠳᠠ ᠶᠢᠨ | ᠲᠦᠷᠢᠮ︾ ᠢ ᠪᠠᠳᠤᠯᠠᠪᠠ᠃ ᠤᠳᠤ ᠨᠡᠶᠢᠳᠡᠯᠡᠶ᠎ᠡ᠂ 2015 ᠤᠨ ᠤ 10 ᠳ᠋ᠤᠭᠠᠷ ᠰᠠᠷ᠎ᠡ ᠶᠢᠨ 1 ᠤ ᠡᠳᠦᠷ ᠠᠴᠠ | ᠡᠬᠢᠯᠡᠨ ᠬᠡᠷᠡᠭᠵᠢᠬᠦᠯᠳᠦᠭᠡᠢ | 2015 ᠤᠨ ᠤ 5 ᠳ᠋ᠤᠭᠠᠷ ᠰᠠᠷ᠎ᠡ ᠶᠢᠨ 22 ᠤᠨ ᠡᠳᠦᠷ | | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠢᠳᠡᠭᠡᠨ ᠡᠳ᠋ᠰᠢᠬᠦᠯᠬᠦ ᠵᠢᠵᠢᠭ ᠦᠢᠯᠡᠳᠬᠡᠯ ᠪᠣᠯᠣᠨ ᠢᠳᠡᠭᠡᠨ ᠤ ᠳᠡᠯᠭᠡᠬᠦᠷᠴᠢᠨ ᠤ | ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠶᠢ ᠵᠢᠷᠣᠮᠵᠢᠭᠤᠯᠵᠣ᠂ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ | ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ︽ᠪᠦᠭᠦᠲᠠ ᠨᠠᠶᠢᠷᠠᠮᠳᠠᠬᠤ ᠲᠤᠮᠳᠠᠲᠤ ᠠᠷᠠᠳ ᠤᠯᠤᠰ ᠤᠨ | ᠢᠳᠡᠭᠡᠨ ᠤ ᠠᠮᠤᠷ ᠲᠦᠪᠰᠢᠨ ᠤ ᠬᠠᠤᠯᠢ︾ ᠪᠠ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠤᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠲᠠᠲᠣ ᠪᠠᠶᠢᠳᠠᠯ ᠲᠠᠢ ᠪᠠᠨ ᠤᠶᠠᠯᠳᠤᠭᠤᠯᠵᠤ᠂ | ᠲᠤᠰ ᠲᠦᠷᠢᠮ ᠢ ᠲᠤᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠲᠤᠷᠠᠬᠢ | ᠢᠳᠡᠭᠡᠨ ᠡᠳ᠋ᠰᠢᠬᠦᠯᠬᠦ ᠵᠢᠵᠢᠭ ᠦᠢᠯᠡᠳᠬᠡᠯ ︵ᠲᠤᠷᠤᠭᠰᠢ ᠢᠳᠡᠭᠡᠨ ᠤ ᠵᠢᠵᠢᠭ ᠦᠢᠯᠡᠳᠭᠡᠯ ᠭᠡᠵᠤ ᠲᠦᠭᠦᠮᠴᠢᠯᠡᠨ᠎ᠡ︶ | ᠪᠠ ᠢᠳᠡᠭᠡᠨ ᠤ ᠳᠡᠯᠭᠡᠬᠦᠷᠴᠢᠨ ᠤ ᠦᠢᠯᠡᠳᠪᠦᠷᠢᠯᠡᠯ ᠡᠵᠡᠩᠨᠡᠯᠲᠠ ᠵᠢᠴᠢ ᠬᠢᠨᠠᠯᠲᠠ ᠬᠠᠮᠢᠶᠠᠷᠤᠯᠲᠠ ᠳᠤ ᠲᠤᠰ | ᠲᠦᠷᠢᠮ ᠢ ᠬᠡᠷᠡᠭᠯᠡᠨ᠎ᠡ᠃ | ᠲᠤᠰ ᠲᠦᠷᠢᠮ ᠳᠠᠬᠢ ᠢᠳᠡᠭᠡᠨ ᠤ ᠵᠢᠵᠢᠭ ᠦᠢᠯᠡᠳᠭᠡᠯ ᠭᠡᠳᠡᠭ ᠨᠢ ᠲᠤᠭᠲᠠᠭᠰᠠᠨ ᠦᠢᠯᠡᠳᠪᠦᠷᠢᠯᠡᠯ ᠤᠨ | ᠲᠠᠯᠠᠪᠤᠷ ᠲᠠᠢ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠦᠪᠰᠢᠶᠡᠷᠡᠯ ᠤᠨ ᠨᠦᠬᠦᠴᠡᠯ ᠳᠤ ᠬᠦᠷᠬᠦ | ᠦᠭᠡᠢ᠂ ᠦᠢᠯᠡᠳᠭᠦᠨ ᠤ ᠤᠷᠢᠳᠴᠢᠯᠡᠨ ᠲᠤᠭᠲᠠᠭᠠᠭᠰᠠᠨ ᠪᠤᠭᠤᠳᠠᠯ ᠦᠭᠡᠢ ᠪᠤᠶᠤ ᠲᠦᠭᠦᠮ ᠪᠤᠭᠤᠳᠠᠯ ᠲᠠᠢ | ᠢᠳᠡᠭᠡᠨ ᠡᠳ᠋ᠰᠢᠬᠦᠯᠬᠦ ᠡᠵᠡᠩᠨᠡᠭᠴᠢ ᠶᠢ ᠵᠢᠭᠠᠨ᠎ᠡ᠃ | ᠲᠤᠰ ᠲᠦᠷᠢᠮ ᠳᠠᠬᠢ ᠢᠳᠡᠭᠡᠨ ᠤ ᠳᠡᠯᠭᠡᠬᠦᠷᠴᠢᠨ ᠭᠡᠳᠡᠭ ᠨᠢ ᠲᠡᠯᠭᠡᠭᠦᠷ ᠭᠠᠷᠭᠠᠨ ᠢᠳᠡᠭᠡᠨ ᠪᠤᠷᠤᠯᠠᠭᠤᠯᠬᠤ᠂ | ᠲᠤᠬᠠᠢ ᠶᠢᠨ ᠲᠠᠯᠠᠪᠤᠷ ᠲᠤᠨᠢ ᠢᠳᠡᠭᠡᠨ ᠦᠢᠯᠡᠳᠴᠤ ᠪᠤᠷᠤᠯᠠᠭᠤᠯᠬᠤ ᠵᠢᠴᠢ ᠢᠳᠡᠭᠡᠨ ᠤᠮᠳᠠᠭᠠᠨ ᠤ ᠦᠢᠯᠡᠴᠢᠯᠡᠭᠡ | ᠬᠠᠩᠭᠠᠬᠤ ᠪᠤᠯᠪᠠᠴᠤ ︽ᠢᠳᠡᠭᠡᠨ ᠤ ᠵᠦᠢᠯᠡᠰ ᠤᠨ ᠡᠵᠡᠩᠨᠡᠯᠲᠠ ᠶᠢᠨ ᠵᠦᠪᠰᠢᠶᠡᠷᠡᠯ ᠤᠨ ᠦᠨᠡᠮᠯᠡᠯ︾ ᠤᠯᠤᠭᠰᠡᠨ | ᠦᠭᠡᠢ ᠢᠳᠡᠭᠡᠨ ᠤ ᠵᠦᠢᠯᠡᠰ ᠢ ᠡᠵᠡᠩᠨᠡᠭᠴᠢ ᠶᠢ ᠵᠢᠭᠠᠨ᠎ᠡ᠃ | ᠭᠤᠷᠪᠠᠳᠤᠭᠠᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠲᠤᠰ ᠵᠠᠰᠠᠭ ᠵᠠᠬᠢᠷᠭᠠᠨ ᠤ ᠤᠷᠤᠨ ᠤ ᠲᠤᠲᠤᠷᠠᠬᠢ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ | ᠲᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠨᠢᠭᠡᠲᠦᠯᠲᠠᠢ ᠤᠳᠤᠷᠢᠳᠤᠨ | ᠵᠤᠬᠢᠴᠠᠭᠤᠯᠵᠤ᠂ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠦᠷᠢᠮ ᠢ | ᠨᠠᠶᠢᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ | ᠲᠦᠷᠪᠡᠳᠦᠭᠡᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠢᠳᠡᠭᠡᠨ ᠪᠠ ᠡᠮ ᠤᠨ ᠵᠦᠢᠯᠡᠰ ᠢ | ᠬᠢᠨᠠᠨ ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠢᠳᠡᠭᠡᠨ ᠤ | ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠡ᠃ | ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠬᠠᠮᠢᠶᠠᠷᠤᠯᠲᠠ ᠶᠢᠨ ᠬᠡᠷᠡᠭᠴᠡᠭᠡ ᠪᠠᠨ ᠦᠨᠳᠦᠰᠦᠯᠡᠵᠤ ᠰᠤᠮᠤ ᠰᠢᠶᠠᠩ ᠪᠠᠯᠭᠠᠰᠤ ᠪᠤᠶᠤ ᠤᠨᠴᠠᠭᠠᠢ ᠲᠤᠭᠲᠠᠭᠠᠭᠰᠠᠨ | ᠤᠷᠤᠨ ᠳᠤ ᠲᠤᠮᠢᠯᠠᠭᠰᠠᠨ ᠪᠠᠶᠢᠭᠤᠯᠭ᠎ᠠ ᠪᠠᠶᠢᠭᠤᠯᠬᠤ ᠬᠡᠷᠡᠭᠲᠠᠢ᠃ | ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭᠠᠯᠠᠯ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ᠂ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠲᠤᠲᠤᠭᠠᠲᠤ ᠶᠢ ᠬᠠᠮᠠᠭᠠᠯᠠᠬᠤ᠂ ᠰᠤᠷᠭᠠᠨ | ᠬᠦᠮᠦᠵᠢᠯ᠂ ᠬᠤᠲᠠ ᠶᠢᠨ ᠬᠠᠮᠢᠶᠠᠷᠤᠯᠲᠠ᠂ ᠦᠨᠳᠦᠰᠦᠲᠡᠨ ᠤ ᠬᠡᠷᠡᠭ ᠡᠷᠬᠢᠯᠡᠬᠦ ᠵᠡᠷᠭᠡ ᠰᠠᠯᠠᠭ᠎ᠠ ᠮᠦᠴᠢᠷ ᠢᠳᠡᠭᠡᠨ ᠤ | ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠵᠢᠴᠢ ᠬᠠᠮᠢᠶ᠎ᠠ ᠪᠦᠬᠦᠢ ᠲᠤᠭᠲᠠᠭᠠᠯ ᠶᠤᠰᠤᠭᠠᠷ᠂ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠲᠤᠷ᠎ᠠ ᠪᠠᠨ ᠢᠳᠡᠭᠡᠨ ᠤ ᠵᠢᠵᠢᠭ ᠦᠢᠯᠡᠳᠭᠡᠯ ᠪᠠ | ᠢᠳᠡᠭᠡᠨ ᠤ ᠳᠡᠯᠭᠡᠬᠦᠷᠴᠢᠨ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠠᠢ᠃ | ᠲᠠᠪᠤᠳᠤᠭᠠᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠵᠢᠴᠢ ᠬᠠᠮᠢᠶ᠎ᠡ ᠪᠦᠬᠦᠢ ᠰᠠᠯᠠᠭ᠎ᠠ ᠮᠦᠴᠢᠷ ᠤᠯᠠᠨ ᠲᠦᠮᠡᠨ ᠤ ᠠᠮᠢᠳᠤᠷᠠᠯ ᠳᠤ ᠲᠦᠭᠦᠮ᠂ ᠠᠵᠤ ᠠᠬᠤᠢ ᠶᠢᠨ | ᠬᠦᠭᠵᠢᠯᠲᠠ ᠪᠠ ᠨᠡᠶᠢᠭᠡᠮ ᠤᠨ ᠠᠵᠢᠯ ᠤᠯᠭᠤᠯᠳᠠ ᠶᠢ ᠠᠬᠢᠭᠤᠯᠬᠤ ᠵᠠᠷᠴᠢᠮ ᠶᠤᠰᠤᠭᠠᠷ᠂ ᠨᠢᠭᠡᠲᠦᠯᠲᠠᠢ | ᠲᠦᠯᠦᠪᠵᠢᠭᠦᠯᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠢᠯᠡᠳᠪᠦᠷᠢᠯᠡᠵᠤ | ᠡᠵᠡᠩᠨᠡᠬᠦ ᠳᠤ ᠲᠤᠬᠢᠷᠠᠬᠤ ᠲᠦᠪᠯᠡᠷᠡᠭᠰᠡᠨ ᠲᠠᠯᠠᠪᠤᠷ᠂ ᠵᠠᠭᠡᠯᠢ ᠲᠤᠭᠤᠷᠢᠭ ᠪᠠᠶᠢᠭᠤᠯᠬᠤ ᠪᠠ ᠦᠭᠡᠷᠡᠴᠢᠯᠡᠨ | ᠪᠠᠶᠢᠭᠤᠯᠬᠤ ᠶᠢᠨ ᠬᠠᠮᠲᠤ ᠰᠠᠭᠤᠷᠢ ᠲᠦᠬᠦᠭᠡᠷᠦᠮᠵᠢ ᠵᠢᠴᠢ ᠢᠵᠢ ᠲᠦᠬᠦᠭᠡᠷᠦᠮᠵᠢ ᠶᠢ ᠲᠡᠭᠦᠯᠳᠡᠷᠵᠢᠭᠦᠯᠵᠤ᠂ | ᠬᠡᠪᠴᠢᠶᠡᠵᠢᠭᠰᠡᠨ᠂ ᠬᠤᠯᠪᠤᠭᠠᠲᠤ ᠡᠵᠡᠩᠨᠡᠯᠲᠠ ᠶᠢ ᠠᠬᠢᠭᠤᠯᠬᠤ ᠬᠡᠷᠡᠭᠲᠠᠢ᠃ | ᠬᠤᠲᠠ ᠶᠢᠨ ᠬᠠᠷᠢᠶ᠎ᠡ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠶᠡᠨ ᠤ ᠪᠠᠶᠢᠭ᠎ᠠ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠬᠤᠲᠠ ᠪᠠᠯᠭᠠᠰᠤᠨ ᠤ ᠲᠦᠯᠦᠪᠵᠢᠭᠦᠯᠭᠡ ᠶᠢ ᠦᠨᠳᠦᠰᠦᠯᠡᠵᠤ | ᠢᠳᠡᠭᠡᠨ ᠤ ᠲᠡᠯᠭᠡᠭᠦᠷᠴᠢᠨ ᠤ ᠢᠳᠡᠭᠡᠨ ᠤ ᠡᠵᠡᠩᠨᠡᠯᠲᠠ ᠶᠢᠨ ᠤᠷᠤᠨ ᠬᠡᠪᠴᠢᠶ᠎ᠡ ᠪᠠ ᠴᠠᠭ ᠬᠤᠭᠤᠴᠠᠭ᠎ᠠ ᠶᠢ | ᠲᠤᠭᠲᠠᠭᠠᠬᠤ ᠶᠢᠨ ᠬᠠᠮᠲᠤ ᠨᠡᠶᠢᠭᠡᠮ ᠨᠡᠶᠢᠳᠡ ᠳᠤ ᠵᠠᠷᠯᠠᠨ ᠨᠡᠶᠢᠳᠡᠯᠡᠬᠦ ᠬᠡᠷᠡᠭᠲᠠᠢ᠃ | ᠵᠢᠷᠭᠤᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠢᠳᠡᠭᠡᠨ ᠤ ᠠᠮᠤᠷ | ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠪᠠ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠶᠤᠰᠤᠭᠠᠷ | ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠬᠢᠵᠤ᠂ ᠬᠤᠲᠠ ᠶᠢᠨ ᠦᠩᠭᠡ ᠦᠵᠡᠮᠵᠢ ᠶᠢᠨ ᠬᠠᠮᠢᠶᠠᠷᠤᠯᠲᠠ ᠵᠢᠴᠢ | ᠬᠤᠯᠪᠤᠭᠳᠠᠯ ᠪᠦᠬᠦᠢ ᠲᠤᠭᠲᠠᠭᠠᠯ ᠢ ᠵᠢᠷᠦᠮᠯᠡᠵᠤ᠂ ᠦᠢᠯᠡᠳᠪᠦᠷᠢᠯᠡᠵᠤ ᠡᠵᠡᠩᠨᠡᠭᠰᠡᠨ ᠢᠳᠡᠭᠡᠨ ᠤ ᠡᠷᠡᠭᠦᠯ ᠬᠠᠮᠠᠭᠠᠯᠠᠯ᠂ | ᠬᠤᠤᠷ᠎ᠠ ᠦᠭᠡᠢ᠂ ᠬᠦᠨᠦᠭᠡᠯ ᠦᠭᠡᠢ ᠪᠠᠶᠢᠬᠤ ᠶᠢ ᠪᠠᠲᠤᠯᠠᠬᠤ ᠬᠡᠷᠡᠭᠲᠠᠢ᠃ | ᠲᠤᠯᠤᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠤᠨ ᠦᠢᠯᠡᠳᠪᠦᠷᠢᠯᠡᠯ ᠤᠨ ᠨᠦᠬᠦᠴᠡᠯ ᠢᠶᠠᠨ | ᠰᠠᠶᠢᠵᠢᠷᠠᠭᠤᠯᠵᠤ᠂ ᠦᠢᠯᠡᠳᠪᠦᠷᠢᠯᠡᠯ ᠤᠨ ᠴᠢᠳᠠᠪᠤᠷᠢ ᠪᠠᠨ ᠲᠡᠭᠡᠭᠰᠢᠯᠡᠭᠦᠯᠵᠤ᠂ ᠡᠵᠡᠩᠨᠡᠯᠲᠠ ᠶᠢᠨ ᠬᠡᠪᠴᠢᠶ᠎ᠡ ᠪᠠᠨ | ᠦᠷᠭᠡᠳᠭᠡᠵᠤ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠲᠡᠰ | ᠲᠡᠪᠰᠢᠬᠦ ᠶᠢ ᠵᠤᠷᠢᠬᠵᠢᠭᠤᠯᠤᠨ᠎ᠡ᠃ | ᠨᠠᠢᠮᠠᠳᠤᠭᠠᠷ ᠵᠦᠢᠯ ᠢᠳᠡᠭᠡᠨ ᠤ ᠠᠵᠢᠯ ᠲᠦᠷᠦᠯ ᠤᠨ ᠨᠡᠶᠢᠭᠡᠮᠯᠢᠭ ᠤᠨ ᠤᠷᠤᠨ ᠨᠤᠲᠤᠭ ᠤᠨ ᠢᠳᠡᠭᠡᠨ ᠤ | ᠪᠠᠷᠢᠮᠵᠢᠶ᠎ᠡ ᠪᠠ ᠢᠳᠡᠭᠡᠨ ᠤ ᠠᠵᠢᠯ ᠲᠦᠷᠦᠯ ᠤᠨ ᠵᠢᠷᠣᠮᠵᠢᠯ ᠢ ᠲᠤᠭᠲᠠᠭᠠᠬᠤ ᠳᠤ ᠤᠷᠤᠯᠴᠠᠬᠤ ᠶᠢ ᠵᠤᠷᠢᠬᠵᠢᠭᠤᠯᠵᠤ᠂ | ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠤ᠂ ᠢᠳᠡᠭᠡᠨ ᠤ ᠵᠢᠵᠢᠭ ᠦᠢᠯᠡᠳᠭᠡᠯ | ᠪᠠ ᠢᠳᠡᠭᠡᠨ ᠤ ᠳᠡᠯᠭᠡᠬᠦᠷᠴᠢᠨ ᠤ ᠬᠠᠤᠯᠢ ᠶᠤᠰᠤᠭᠠᠷ ᠦᠢᠯᠡᠳᠪᠦᠷᠢᠯᠡᠨ ᠡᠵᠡᠩᠨᠡᠬᠦ ᠶᠢ ᠬᠦᠳᠦᠯᠦᠨ ᠵᠢᠷᠣᠮᠵᠢᠭᠤᠯᠵᠣ᠂ | ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠡ᠃ | ᠶᠢᠰᠦᠳᠦᠭᠡᠷ ᠵᠦᠢᠯ ᠷᠠᠳᠢᠣ᠋ ᠨᠡᠪᠲᠡᠷᠡᠭᠦᠯᠭᠡ᠂ ᠲᠧᠯᠸᠢᠰ᠂ ᠰᠤᠨᠢᠨ ᠰᠡᠳᠭᠦᠯ᠂ ᠰᠦᠯᠵᠢᠶ᠎ᠡ ᠵᠡᠷᠭᠡ ᠰᠤᠨᠢᠨ | ᠮᠡᠳᠡᠭᠡᠨ ᠤ ᠵᠠᠭᠤᠴᠢᠯᠠᠭᠤᠷ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠵᠢᠴᠢ | ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠪᠠ ᠮᠡᠳᠡᠯᠭᠡ ᠶᠢᠨ ᠲᠤᠬᠠᠢ ᠨᠡᠶᠢᠲᠠ ᠶᠢᠨ ᠠᠰᠠᠷᠠᠮᠵᠢ ᠶᠢᠨ ᠤᠬᠠᠭᠤᠯᠭ᠎ᠠ | ᠦᠷᠨᠢᠭᠦᠯᠵᠤ᠂ ᠠᠮᠤᠷ ᠲᠦᠪᠰᠢᠨ ᠢᠳᠡᠭᠡᠨ ᠤᠮᠳᠠᠭᠠᠨ ᠤ ᠠᠷᠭ᠎ᠠ ᠬᠡᠯᠪᠡᠷᠢ ᠶᠢ ᠰᠠᠨᠠᠭᠠᠴᠢᠯᠠᠨ ᠰᠡᠳᠦᠵᠤ᠂ ᠤᠯᠠᠨ | ᠨᠡᠶᠢᠲᠠ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠡᠪᠤᠷᠢ ᠶᠢ | ᠨᠡᠮᠡᠭᠳᠡᠭᠦᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠤᠭᠲᠠᠭᠠᠯ ᠠᠴᠠ ᠵᠦᠷᠢᠴᠡᠭᠰᠡᠨ | ᠠᠵᠢᠯᠯᠠᠭ᠎ᠠ ᠳᠤ ᠶᠠᠷᠢᠶ᠎ᠡ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠠᠢ᠃ | ᠠᠷᠪᠠᠳᠤᠭᠠᠷ ᠵᠦᠢᠯ ᠶᠠᠮᠠᠷᠪᠡ ᠨᠢᠭᠡᠴᠡ ᠪᠠ ᠬᠤᠪᠢ ᠬᠦᠮᠦᠨ ᠢᠳᠡᠭᠡᠨ ᠤ ᠵᠢᠵᠢᠭ ᠦᠢᠯᠡᠳᠭᠡᠯ ᠪᠠ | ᠢᠳᠡᠭᠡᠨ ᠤ ᠳᠡᠯᠭᠡᠬᠦᠷᠴᠢᠨ ᠤ ᠦᠢᠯᠡᠳᠪᠦᠷᠢᠯᠡᠯ ᠡᠵᠡᠩᠨᠡᠯᠲᠠ ᠲᠤᠮᠳᠠᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ | ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ ᠪᠠᠶᠢᠴᠠᠭᠠᠨ ᠬᠡᠷᠡᠴᠢᠯᠡᠭᠡᠳ ᠦᠨᠡᠨ ᠪᠤᠯᠬᠤ ᠵᠠᠭᠠᠯᠳᠤᠯᠭ᠎ᠠ ᠶᠢ᠂ | ᠬᠦᠯᠢᠶᠡᠨ ᠠᠪᠤᠭᠰᠠᠨ ᠰᠠᠯᠠᠭ᠎ᠠ ᠮᠦᠴᠢᠷ ᠨᠢ ᠬᠠᠮᠢᠶ᠎ᠡ ᠪᠦᠬᠦᠢ ᠲᠤᠭᠲᠠᠭᠠᠯ ᠶᠤᠰᠤᠭᠠᠷ ᠬᠦᠬᠢᠭᠦᠯᠬᠦ ᠬᠡᠷᠡᠭᠲᠠᠢ᠃ | ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠳᠡᠯᠭᠡᠬᠦᠷᠴᠢᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠲᠤᠰ ᠰᠠᠯᠠᠭ᠎ᠠ ᠮᠦᠴᠢᠷ ᠤᠨ ᠢᠶᠠᠨ ᠢᠮᠧᠯ ᠂ ᠨᠢᠭᠡᠴᠡ ᠶᠢᠨ ᠬᠠᠶ᠋ᠢᠭ ᠪᠠ | ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠬᠤ ᠤᠳᠠᠰᠤ ᠪᠠᠨ ᠨᠡᠶᠢᠲᠡᠯᠡᠬᠦ ᠬᠡᠷᠡᠭᠲᠠᠢ᠃ | ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠤᠭᠰᠠᠨ ᠰᠠᠯᠠᠭ᠎ᠠ ᠮᠦᠴᠢᠷ ᠵᠠᠭᠠᠯᠳᠤᠭᠰᠠᠨ | ᠬᠦᠮᠦᠨ᠂ ᠢᠯᠡᠴᠢᠯᠡᠨ ᠮᠡᠳᠡᠭᠦᠯᠦᠭᠰᠡᠨ ᠬᠦᠮᠦᠨ ᠤ ᠨᠢᠭᠤᠴᠠ ᠶᠢ ᠬᠠᠮᠠᠭᠠᠯᠠᠵᠤ᠂ ᠲᠡᠳᠡᠨ ᠤ ᠬᠠᠤᠯᠢ ᠶᠤᠰᠤᠨ ᠤ ᠡᠷᠬᠡ | ᠠᠰᠢᠭ ᠢ ᠬᠠᠮᠠᠭᠠᠯᠠᠬᠤ ᠬᠡᠷᠡᠭᠲᠠᠢ᠃ | ᠬᠤᠶᠠᠳᠤᠭᠠᠷ ᠪᠦᠯᠦᠭ ᠢᠳᠡᠭᠡᠨ ᠤ ᠵᠢᠵᠢᠭ ᠦᠢᠯᠡᠳᠭᠡᠯ ᠤᠨ ᠡᠳ᠋ᠰᠢᠭᠦᠯᠦᠯᠲᠠ | ᠠᠷᠪᠠᠨ ᠨᠢᠭᠡᠳᠦᠭᠡᠷ ᠵᠦᠢᠯ ᠢᠳᠡᠭᠡᠨ ᠤ ᠵᠢᠵᠢᠭ ᠦᠢᠯᠡᠳᠭᠡᠯ ᠡᠷᠬᠢᠯᠡᠵᠤ ᠢᠳᠡᠭᠡᠨ ᠡᠳ᠋ᠰᠢᠬᠦᠯᠬᠦ ᠳᠤ | ᠲᠤᠤᠷᠠᠬᠢ ᠨᠦᠬᠦᠴᠡᠯ ᠢ ᠪᠦᠷᠢᠯᠳᠦᠭᠦᠯᠬᠦ ᠬᠡᠷᠡᠭᠲᠠᠢ᠄ | ︵ᠨᠢᠭᠡ︶ ᠡᠳ᠋ᠰᠢᠭᠦᠯᠬᠦ ᠢᠳᠡᠭᠡᠨ ᠤ ᠲᠦᠷᠦᠯ ᠵᠦᠢᠯ᠂ ᠳᠤᠭ᠎ᠠ ᠬᠡᠮᠵᠢᠶ᠎ᠡ᠂ ᠶᠠᠰᠤ ᠴᠢᠨᠠᠷ ᠤᠨ | ᠱᠠᠭᠠᠷᠳᠠᠯᠭ᠎ᠠ ᠲᠠᠢ ᠬᠠᠷᠢᠯᠴᠠᠨ ᠵᠤᠬᠢᠴᠠᠭᠰᠠᠨ ᠡᠳ᠋ᠰᠢᠭᠦᠯᠬᠦ᠂ ᠪᠤᠭᠤᠳᠠᠯᠯᠠᠬᠤ᠂ ᠬᠠᠳᠠᠭᠠᠯᠠᠬᠤ ᠵᠡᠷᠭᠡ ᠲᠠᠯᠠᠪᠤᠷ ᠲᠠᠢ | ᠪᠠᠶᠢᠬᠤ ᠶᠢᠨ ᠬᠠᠮᠲᠤ ᠬᠤᠤᠷ ᠬᠦᠨᠦᠭᠡᠯ ᠲᠠᠢ ᠲᠠᠯᠠᠪᠤᠷ ᠵᠢᠴᠢ ᠪᠤᠰᠤᠳ ᠪᠤᠬᠢᠷᠳᠤᠯ ᠤᠨ ᠰᠤᠷᠪᠤᠯᠵᠢ ᠠᠴᠠ | ᠲᠤᠭᠲᠠᠭᠰᠠᠨ ᠵᠠᠢ ᠲᠠᠢ ᠪᠠᠶᠢᠬᠤ ᠶᠢ ᠪᠠᠲᠤᠯᠠᠨ᠎ᠡ︔ | ︵ᠬᠤᠶᠠᠷ︶ ᠡᠳ᠋ᠰᠢᠭᠦᠯᠬᠦ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠲᠠᠢ ᠬᠠᠷᠢᠯᠴᠠᠨ ᠵᠤᠬᠢᠴᠠᠭᠰᠠᠨ | ᠤᠭᠢᠶᠠᠬᠤ᠂ ᠠᠷᠢᠭᠤᠳᠬᠠᠬᠤ᠂ ᠰᠡᠷᠢᠭᠦᠨ ᠬᠠᠳᠠᠭᠠᠯᠠᠬᠤ᠂ ᠵᠦᠭᠡᠭᠡᠪᠦᠷᠢᠯᠡᠬᠦ᠂ ᠢᠯᠵᠢᠷᠡᠬᠦ ᠶᠢ ᠰᠡᠷᠭᠡᠶᠢᠯᠡᠬᠦ᠂ | ᠲᠤᠭᠤᠰᠤ ᠶᠢ ᠰᠡᠷᠭᠡᠶᠢᠯᠡᠬᠦ᠂ ᠢᠯᠠᠭ᠎ᠠ ᠠᠴᠠ ᠰᠡᠷᠭᠡᠶᠢᠯᠡᠬᠦ᠂ ᠬᠤᠯᠤᠭᠠᠨ᠎ᠡ ᠠᠴᠠ ᠰᠡᠷᠭᠡᠶᠢᠯᠡᠬᠦ᠂ ᠪᠤᠬᠢᠷᠳᠤᠯ ᠢ | ᠰᠡᠷᠭᠡᠶᠢᠯᠡᠬᠦ ᠵᠢᠴᠢ ᠬᠠᠶᠠᠭᠳᠠᠮᠠᠯ ᠤᠰᠤ ᠪᠠᠨ ᠰᠢᠢᠳᠪᠦᠷᠢᠯᠡᠬᠦ᠂ ᠬᠤᠭ ᠲᠠᠯᠪᠢᠬᠤ ᠵᠡᠷᠭᠡ ᠪᠡᠯᠡᠳᠭᠡᠯ | ᠲᠦᠬᠦᠭᠡᠷᠦᠮᠵᠢ ᠲᠠᠢ ᠪᠠᠶᠢᠬᠤ︔ | ︵ᠭᠤᠷᠪᠠ︶ ᠵᠤᠬᠢᠰᠲᠠᠢ ᠪᠡᠯᠡᠳᠭᠡᠯ ᠲᠦᠬᠦᠭᠡᠷᠦᠮᠵᠢ ᠶᠢᠨ ᠪᠠᠶᠢᠷᠢᠯᠠᠭᠤᠯᠤᠯᠲᠠ ᠪᠠ ᠭᠠᠷ ᠤᠷᠠᠯᠠᠯ ᠤᠨ | ᠴᠤᠪᠤᠷᠠᠯ ᠲᠠᠢ᠂ ᠢᠳᠡᠭᠡᠨ ᠲᠠᠢ ᠰᠢᠭᠤᠳ ᠬᠦᠷᠦᠯᠴᠡᠵᠤ ᠪᠠᠶᠢᠭ᠎ᠠ ᠦᠢᠯᠡᠳᠪᠦᠷᠢᠯᠡᠯ ᠤᠨ ᠲᠦᠬᠦᠭᠡᠷᠦᠮᠵᠢ᠂ ᠰᠠᠪᠠ | ᠬᠡᠷᠡᠭᠰᠡᠯ ᠨᠢ ᠬᠤᠤᠷ᠎ᠠ ᠦᠭᠡᠢ᠂ ᠬᠦᠨᠦᠭᠡᠯ ᠦᠭᠡᠢ᠂ ᠢᠯᠵᠢᠷᠠᠵᠤ ᠢᠳᠡᠭᠳᠡᠬᠦ ᠳᠤ ᠲᠡᠰᠪᠦᠷᠢ ᠲᠠᠢ᠂ ᠠᠮᠠᠷᠬᠠᠨ ᠵᠢᠪᠡᠷᠡᠬᠦ | ᠦᠭᠡᠢ᠂ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠬᠦ︔ | ︵ᠲᠦᠷᠪᠡ︶ ᠢᠳᠡᠭᠡᠨ ᠢ ᠪᠤᠭᠤᠳᠠᠯᠯᠠᠬᠤ ᠳᠤ ᠬᠡᠷᠡᠭᠯᠡᠬᠦ ᠰᠠᠪᠠ ᠪᠡ ᠬᠡᠷᠡᠭᠰᠡᠯ ᠨᠢ ᠠᠷᠢᠭᠤᠨ ᠴᠠᠪᠡᠷ᠂ ᠬᠤᠤᠷ᠎ᠠ | ᠦᠭᠡᠢ᠂ ᠬᠦᠨᠦᠭᠡᠯ ᠦᠭᠡᠢ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠪᠠ ᠢᠳᠡᠭᠡᠨ ᠤ ᠪᠤᠭᠤᠳᠠᠯ ᠤᠨ ᠪᠠᠷᠢᠮᠵᠢᠶ᠎ᠡ ᠳᠤ | ᠨᠡᠶᠢᠴᠡᠬᠦ᠃ | ᠠᠷᠪᠠᠨ ᠬᠤᠶᠠᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠨᠢ ᠬᠤᠰᠢᠭᠤ ᠰᠢᠶᠡᠨ ᠤ ᠱᠠᠲᠤᠨ ᠤ | ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢᠶᠠᠷ ᠲᠠᠩᠰᠠᠯᠠᠭᠤᠯᠬᠤ ᠶᠢᠨ ᠬᠠᠮᠲᠤ ︽ | ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠤᠯᠤᠭᠰᠠᠨ ᠤ ᠲᠠᠷᠠᠭ᠎ᠠ᠂ ᠢᠳᠡᠭᠡᠨ | ᠡᠳ᠋ᠰᠢᠭᠦᠯᠵᠤ ᠪᠤᠯᠤᠨ᠎ᠡ᠃ | ᠠᠷᠪᠠᠨ ᠭᠤᠷᠪᠠᠳᠤᠭᠠᠷ ᠵᠦᠢᠯ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ | ᠭᠤᠶᠤᠴᠢᠯᠠᠬᠤ ᠳᠤ ᠲᠠᠩᠰᠠᠯᠠᠬᠤ ᠪᠠᠶᠢᠭᠤᠯᠭ᠎ᠠ ᠳᠤ ᠡᠵᠡᠩᠨᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠲᠠᠪᠲᠡᠷ ᠵᠢᠴᠢ | ᠲᠠᠷᠤᠮᠠᠯᠯᠠᠭᠰᠠᠨ ᠲᠠᠪᠲᠡᠷ᠂ ᠬᠠᠶ᠋ᠢᠭ᠂ ᠡᠳ᠋ᠰᠢᠭᠦᠯᠬᠦ ᠭᠠᠵᠠᠷ᠂ ᠡᠳ᠋ᠰᠢᠭᠦᠯᠬᠦ ᠢᠳᠡᠭᠡᠨ ᠤ ᠨᠠᠷᠠᠶᠢᠳᠤᠯ ᠵᠢᠴᠢ ᠲᠦᠷᠦᠯ | ᠵᠦᠢᠯ᠂ ᠬᠡᠷᠡᠭᠯᠡᠬᠦ ᠢᠳᠡᠭᠡᠨ ᠤ ᠨᠡᠮᠡᠯᠲᠠ ᠡᠳ᠋ ᠤᠨ ᠨᠡᠷᠡᠶᠢᠳᠤᠯ ᠪᠠ ᠲᠦᠷᠦᠯ ᠵᠦᠢᠯ᠂ ᠠᠵᠢᠯᠯᠠᠭᠴᠢᠳ ᠤᠨ ᠡᠷᠡᠭᠦᠯ | ᠮᠡᠨᠲᠤ ᠶᠢᠨ ᠬᠡᠷᠡᠴᠢ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠠᠢ᠃ | ᠠᠷᠪᠠᠨ ᠲᠦᠷᠪᠡᠳᠦᠭᠡᠷ ᠵᠦᠢᠯ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ | ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠤᠨ ᠭᠤᠶᠤᠴᠢᠯᠠᠭᠴᠢ ᠶᠢᠨ ᠲᠤᠰᠢᠶᠠᠭᠰᠠᠨ | ᠬᠤᠯᠪᠤᠭᠳᠠᠯ ᠪᠦᠬᠦᠢ ᠮᠠᠲ᠋ᠧᠷᠢᠶᠠᠯ ᠢ ᠬᠠᠤᠯᠢ ᠶᠤᠰᠤᠭᠠᠷ ᠬᠢᠨᠠᠨ ᠬᠠᠷᠭᠤᠭᠤᠯᠵᠤ᠂ ᠴᠢᠬᠤᠯᠠ ᠲᠠᠢ ᠦᠶᠡᠰ | ᠭᠤᠶᠤᠴᠢᠯᠠᠭᠴᠢ ᠶᠢᠨ ᠦᠢᠯᠡᠳᠪᠦᠷᠢᠯᠡᠯ ᠡᠵᠡᠩᠨᠡᠯᠲᠠ ᠶᠢᠨ ᠲᠠᠯᠠᠪᠤᠷ ᠲᠤ ᠬᠦᠷᠴᠦ ᠲᠤᠬᠠᠢ ᠶᠢᠨ ᠲᠠᠯᠠᠪᠠᠢ ᠳᠤᠨᠢ | ᠬᠠᠷᠭᠤᠭᠤᠯᠣᠨ ᠪᠠᠶᠢᠴᠠᠭᠠᠨ᠎ᠡ︔ ᠲᠤᠰ ᠲᠦᠷᠢᠮ ᠤᠨ ᠠᠷᠪᠠᠨ ᠨᠢᠭᠡᠳᠦᠭᠡᠷ ᠵᠦᠢᠯ ᠳᠤ ᠲᠤᠭᠲᠠᠭᠠᠭᠰᠠᠨ | ᠨᠦᠬᠦᠴᠡᠯ ᠳᠤ ᠨᠡᠶᠢᠴᠡᠪᠡᠯ᠂ ᠲᠠᠩᠰᠠᠯᠠᠭᠤᠯᠬᠤ ᠶᠢ ᠵᠦᠪᠰᠢᠶᠡᠷᠡᠨ᠎ᠡ︔ ᠲᠤᠭᠲᠠᠭᠠᠭᠰᠠᠨ ᠨᠦᠬᠦᠴᠡᠯ ᠳᠤ ᠨᠡᠶᠢᠴᠡᠬᠦ | ᠦᠭᠡᠢ ᠪᠤᠯ᠂ ᠲᠠᠩᠰᠠᠯᠠᠵᠤ ᠦᠭᠬᠦ ᠦᠭᠡᠢ ᠪᠦᠭᠡᠳ ᠪᠢᠴᠢᠭ ᠢᠶᠠᠷ ᠰᠢᠯᠲᠠᠭᠠᠨ ᠢ ᠨᠢ ᠲᠤᠳᠤᠷᠬᠠᠶᠢᠯᠡᠨ ᠦᠭᠭᠦᠨ᠎ᠡ᠃ | ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠲᠠᠩᠰᠠᠯᠠᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠲᠤᠷ᠎ᠠ | ᠲᠠᠩᠰᠠᠯᠠᠬᠤ ᠪᠤᠶᠤ ᠦᠯᠦ ᠲᠠᠩᠰᠠᠯᠠᠬᠤ ᠲᠤᠭᠲᠠᠭᠠᠯ ᠭᠠᠷᠭᠠᠬᠤ ᠶᠢᠨ ᠬᠠᠮᠲᠤ ᠶᠠᠮᠠᠷᠴᠤ ᠰᠦᠢᠳᠭᠡᠯ ᠬᠤᠷᠢᠶᠡᠵᠤ ᠪᠤᠯᠬᠤ | ᠦᠭᠡᠢ ᠪᠤᠶᠤ ᠬᠡᠯᠪᠡᠷᠢ ᠶᠢ ᠨᠢ ᠬᠤᠪᠢᠷᠠᠭᠤᠯᠣᠨ ᠬᠤᠷᠢᠶᠡᠵᠤ ᠪᠤᠯᠬᠤ ᠦᠭᠡᠢ᠃ | ᠠᠷᠪᠠᠨ ᠲᠠᠪᠤᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠢᠳᠡᠭᠡᠨ ᠤ ᠵᠢᠵᠢᠭ ᠦᠢᠯᠡᠳᠭᠡᠯ ᠤᠨ | ᠡᠳ᠋ᠰᠢᠭᠦᠯᠦᠭᠰᠡᠨ ᠢᠳᠡᠭᠡᠨ ᠳᠤ ᠲᠦᠷᠦᠯ ᠵᠦᠢᠯ ᠤᠨ ᠭᠠᠷᠴᠠᠭ ᠢᠶᠠᠷ ᠬᠠᠮᠢᠶᠠᠷᠬᠤ ᠲᠦᠷᠢᠮ ᠢ ᠬᠡᠷᠡᠭᠵᠢᠭᠦᠯᠦᠨ᠎ᠡ᠃ | ᠢᠳᠡᠭᠡᠨ ᠤ ᠵᠢᠵᠢᠭ ᠦᠢᠯᠡᠳᠭᠡᠯ ᠤᠨ ᠡᠳ᠋ᠰᠢᠭᠦᠯᠬᠦ ᠶᠢ ᠴᠠᠭᠠᠵᠠᠯᠠᠬᠤ ᠢᠳᠡᠭᠡᠨ ᠤ ᠲᠦᠷᠦᠯ ᠵᠦᠢᠯ ᠤᠨ ᠭᠠᠷᠴᠠᠭ ᠢ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ | ᠨᠠᠶᠢᠷᠠᠭᠤᠯᠤᠨ ᠵᠤᠬᠢᠶᠠᠬᠤ ᠶᠢᠨ ᠬᠠᠮᠲᠤ ᠨᠡᠶᠢᠭᠡᠮ ᠨᠠᠶᠢᠳᠠ ᠳᠤ ᠵᠠᠷᠯᠠᠨ ᠢᠯᠡ ᠨᠡᠶᠢᠳᠡᠯᠡᠨ᠎ᠡ᠃ | ᠠᠷᠪᠠᠨ ᠵᠢᠷᠭᠤᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠲᠤᠤᠷᠠᠬᠢ ᠲᠤᠭᠲᠠᠭᠠᠯ ᠢ ᠵᠢᠷᠤᠮᠯᠠᠬᠤ | ᠬᠡᠷᠡᠭᠲᠠᠢ᠄ | ︵ᠨᠢᠭᠡ︶ ᠡᠳ᠋ᠰᠢᠭᠦᠯᠬᠦ ᠢᠳᠡᠭᠡᠨ ᠤ ᠬᠡᠷᠡᠭᠯᠡᠵᠤ ᠪᠠᠶᠢᠭ᠎ᠠ ᠲᠦᠭᠦᠭᠡᠢ ᠡᠳ᠋᠂ ᠢᠳᠡᠭᠡᠨ ᠤ ᠨᠡᠮᠡᠯᠲᠠ ᠡᠳ᠋ ᠨᠢ | ᠤᠯᠤᠰ ᠤᠨ ᠢᠳᠡᠭᠡᠨ ᠤ ᠠᠮᠤᠷ ᠲᠦᠪᠰᠢᠨ ᠤ ᠲᠤᠭᠲᠠᠭᠠᠯ ᠪᠠ ᠬᠠᠮᠢᠶ᠎ᠠ ᠪᠦᠬᠦᠢ ᠢᠳᠡᠭᠡᠨ ᠤ ᠠᠮᠤᠷ ᠲᠦᠪᠰᠢᠨ ᠤ | ᠪᠠᠷᠢᠮᠵᠢᠶ᠎ᠡ ᠳᠤ ᠨᠡᠶᠢᠴᠡᠬᠦ︔ | ︵ᠬᠤᠶᠠᠷ︶ ᠪᠠᠷᠠᠭ᠎ᠠ ᠤᠷᠤᠭᠤᠯᠬᠤ ᠶᠢ ᠲᠡᠮᠳᠡᠭᠯᠡᠬᠦ ᠡᠬᠡ ᠲᠠᠩᠰᠠ ᠪᠠᠶᠢᠭᠤᠯᠵᠤ᠂ ᠢᠳᠡᠭᠡᠨ ᠤ ᠲᠦᠭᠦᠭᠡᠢ ᠡᠳ᠋ | ᠂ ᠢᠳᠡᠭᠡᠨ ᠤ ᠨᠡᠮᠡᠯᠲᠡ ᠡᠳ᠋ ᠤᠨ ᠨᠡᠷᠡᠶᠢᠳᠤᠯ᠂ ᠲᠤᠭᠲᠠᠭᠠᠭᠰᠠᠨ ᠪᠠᠷᠢᠮᠵᠢᠶ᠎ᠡ᠂ ᠲᠤᠭ᠎ᠠ᠂ ᠪᠠᠷᠠᠭ᠎ᠠ ᠬᠠᠩᠭᠠᠭᠴᠢ ᠶᠢᠨ | ᠨᠡᠷᠡᠶᠢᠳᠤᠯ ᠵᠢᠴᠢ ᠬᠠᠷᠢᠯᠴᠠᠬᠤ ᠠᠷᠭ᠎ᠠ ᠬᠡᠯᠪᠡᠷᠢ᠂ ᠪᠠᠷᠠᠭ᠎ᠠ ᠤᠷᠤᠭᠤᠯᠤᠭᠰᠠᠨ ᠴᠠᠭ ᠬᠤᠭᠤᠴᠠᠭ᠎ᠠ ᠶᠢ ᠦᠨᠡᠨ | ᠪᠤᠲᠠᠲᠠᠢ ᠲᠡᠮᠳᠡᠭᠯᠡᠬᠦ᠃ ᠡᠬᠡ ᠲᠠᠩᠰᠠ ᠶᠢ ᠦᠯᠡᠳᠡᠭᠡᠬᠦ ᠬᠤᠭᠤᠴᠠᠭ᠎ᠠ ᠨᠢ ᠬᠤᠶᠠᠷ ᠵᠢᠯ ᠠᠴᠠ ᠲᠤᠤᠷ᠎ᠠ ᠪᠤᠰᠤ ᠪᠠᠶᠢᠬᠤ | ︔ | ︵ᠭᠤᠷᠪᠠ︶ ᠢᠳᠡᠭᠡᠨ ᠡᠳ᠋ᠰᠢᠬᠦᠯᠬᠦ ᠶᠢ ᠲᠡᠮᠳᠡᠭᠯᠡᠬᠦ ᠲᠦᠷᠢᠮ ᠪᠠᠶᠢᠭᠤᠯᠵᠤ᠂ ᠡᠳ᠋ᠰᠢᠭᠦᠯᠬᠦ ᠲᠤᠮᠲᠠ ᠤᠭ | ᠨᠠᠮᠠᠯᠳᠠ ᠡᠳ᠋ ᠢ ᠤᠷᠤᠭᠤᠯᠤᠭᠰᠠᠨ ᠲᠤᠭ᠎ᠠ ᠬᠡᠮᠵᠢᠶ᠎ᠡ᠂ ᠦᠢᠯᠡᠳᠪᠦᠷᠢᠯᠡᠭᠰᠡᠨ ᠴᠠᠭ ᠬᠤᠭᠤᠴᠠᠭ᠎ᠠ᠂ ᠢᠳᠡᠭᠡᠨ ᠤ | ᠨᠡᠮᠡᠯᠲᠠ ᠡᠳ᠋ ᠤᠨ ᠨᠡᠷᠡᠶᠢᠳᠦᠯ᠂ ᠬᠡᠷᠡᠭᠯᠡᠭᠰᠡᠨ ᠬᠡᠮᠵᠢᠶ᠎ᠡ᠂ ᠬᠡᠷᠡᠭᠯᠡᠭᠰᠡᠨ ᠬᠦᠮᠦᠨ ᠵᠡᠷᠭᠡ ᠠᠭᠤᠯᠭ᠎ᠠ ᠶᠢ ᠦᠨᠡᠨ | ᠪᠤᠲᠠᠲᠠᠢ ᠲᠡᠮᠳᠡᠭᠯᠡᠬᠦ᠃ ᠲᠡᠮᠳᠡᠭᠯᠡᠭᠰᠡᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠨᠢ ᠬᠤᠶᠠᠷ ᠵᠢᠯ ᠠᠴᠠ ᠲᠤᠤᠷ᠎ᠠ | ᠪᠤᠰᠤ ᠪᠠᠶᠢᠬᠤ︔ | ︵ᠲᠦᠷᠪᠠ︶ ᠲᠦᠭᠦᠮ ᠪᠤᠭᠤᠳᠠᠯᠯᠠᠭᠰᠠᠨ ᠢᠳᠡᠭᠡᠨ ᠦᠢᠯᠡᠳᠪᠦᠷᠢᠯᠡᠬᠦ ᠳᠤ ᠦᠢᠯᠡᠳᠪᠦᠷᠢᠯᠡᠭᠴᠢ ᠶᠢᠨ | ᠨᠡᠷᠡᠶᠢᠳᠦᠯ᠂ ᠬᠠᠶ᠋ᠢᠭ᠂ ᠲᠤᠭᠲᠠᠭᠠᠭᠰᠠᠨ ᠪᠠᠷᠢᠮᠵᠢᠶ᠎ᠡ᠂ ᠦᠢᠯᠡᠳᠪᠦᠷᠢᠯᠡᠭᠰᠡᠨ ᠴᠠᠭ ᠬᠤᠭᠤᠴᠠᠭ᠎ᠠ᠂ ᠴᠢᠨᠠᠷ ᠢ | ᠪᠠᠲᠤᠯᠠᠬᠤ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠲᠤᠳᠤᠷᠬᠠᠶᠢᠯᠠᠭᠰᠠᠨ ᠲᠡᠮᠳᠡᠭ ᠢ ᠲᠠᠭᠠᠯᠳᠤᠭᠤᠯᠬᠤ ᠬᠡᠷᠡᠭᠲᠠᠢ︔ | ︵ᠲᠠᠪᠤ︶ ᠢᠳᠡᠭᠡᠨ ᠡᠳ᠋ᠰᠢᠭᠦᠯᠬᠦ ᠠᠵᠢᠯᠲᠡᠨ ᠠᠷᠢᠭᠤᠨ ᠴᠡᠪᠡᠷ ᠠᠵᠢᠯ ᠤᠨ ᠬᠤᠪᠴᠠᠰᠤ ᠮᠠᠯᠠᠭᠠᠢ ᠡᠮᠤᠰᠴᠤ᠂ | ᠠᠮᠠᠪᠴᠢ ᠵᠡᠭᠦᠨ᠂ ᠬᠤᠪᠢ ᠬᠦᠮᠦᠨ ᠤ ᠡᠷᠡᠭᠦᠯ ᠬᠠᠮᠠᠭᠠᠯᠠᠯ ᠢ ᠪᠠᠲᠤᠯᠠᠬᠤ︔ | ︵ᠵᠢᠷᠭᠤᠭ᠎ᠠ︶ ᠤᠰᠤ ᠬᠡᠷᠡᠭᠯᠡᠬᠦ ᠨᠢ ᠤᠯᠤᠰ ᠤᠨ ᠲᠤᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ | ᠡᠷᠡᠭᠦᠯ ᠬᠠᠮᠠᠭᠠᠯᠠᠯ ᠤᠨ ᠪᠠᠷᠢᠮᠵᠢᠶ᠎ᠡ ᠳᠤ ᠨᠡᠶᠢᠴᠡᠬᠦ︔ | ︵ᠲᠤᠯᠤᠭ᠎ᠠ︶ ᠢᠳᠡᠭᠡᠨ ᠤ ᠨᠡᠮᠡᠯᠲᠡ ᠡᠳ᠋ ᠢ ᠲᠤᠰᠠᠭᠠᠷ ᠲᠦᠬᠦᠭᠡᠷᠦᠮᠵᠢ ᠳᠤ ᠬᠠᠳᠠᠭᠠᠯᠠᠬᠤ︔ | ︵ᠨᠠᠢᠮᠠ︶ ᠡᠳ᠋ᠰᠢᠭᠦᠯᠬᠦ ᠤᠷᠤᠨ ᠪᠤᠯᠤᠨ ᠠᠮᠢᠳᠤᠷᠠᠯ ᠤᠨ ᠤᠷᠤᠨ ᠢ ᠰᠠᠯᠭᠠᠬᠤ᠂ ᠲᠦᠭᠦᠭᠡᠢ ᠪᠠ ᠪᠤᠯᠭᠤᠭᠰᠠᠨ | ᠢᠳᠡᠭᠡᠨ ᠪᠤᠯᠪᠠᠰᠤᠷᠠᠭᠤᠯᠬᠤ ᠪᠠᠭᠠᠵᠢ ᠰᠠᠪᠡ ᠶᠢ ᠰᠠᠯᠭᠠᠨ ᠬᠡᠷᠡᠭᠯᠡᠬᠦ︔ | ︵ᠶᠢᠰᠦ︶ ᠢᠳᠡᠭᠡᠨ ᠲᠡᠭᠡᠭᠡᠪᠤᠷᠢᠯᠡᠬᠦ ᠲᠡᠷᠭᠡ ᠪᠠ ᠢᠳᠡᠭᠡᠨ ᠲᠡᠭᠡᠭᠡᠵᠤ ᠪᠠᠭᠤᠯᠭᠠᠬᠤ ᠲᠦᠬᠦᠭᠡᠷᠦᠮᠵᠢ᠂ | ᠰᠠᠪᠠ ᠶᠢᠨ ᠠᠷᠢᠭᠤᠨ ᠴᠡᠪᠡᠷ ᠡᠷᠡᠭᠦᠯ ᠬᠠᠮᠠᠭᠠᠯᠠᠯ ᠢ ᠪᠠᠲᠤᠯᠠᠵᠤ᠂ ᠢᠳᠡᠭᠡᠨ ᠢ ᠬᠤᠤᠷ᠎ᠠ ᠲᠠᠢ᠂ ᠬᠦᠨᠦᠭᠡᠯ ᠲᠠᠢ | ᠪᠤᠳᠠᠰ ᠲᠠᠢ ᠬᠠᠮᠲᠤᠪᠡᠷ ᠲᠡᠭᠡᠭᠡᠪᠤᠷᠢᠯᠡᠵᠤ ᠪᠤᠯᠬᠤ ᠦᠭᠡᠢ᠃ | ᠠᠷᠪᠠᠨ ᠲᠤᠯᠤᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠳᠤ ᠲᠤᠤᠷᠠᠬᠢ ᠦᠢᠯᠡ ᠠᠵᠢᠯᠯᠠᠭ᠎ᠠ | ᠪᠠᠶᠢᠬᠤ ᠶᠢ ᠴᠢᠩᠭ᠎ᠠ ᠴᠠᠭᠠᠵᠠᠯᠡᠨ᠎ᠡ᠄ | ︵ᠨᠢᠭᠡ︶ ᠢᠳᠡᠭᠡᠨ ᠤ ᠪᠤᠰᠤ ᠲᠦᠭᠦᠭᠡᠢ ᠡᠳ᠋᠂ ᠪᠤᠴᠠᠭᠠᠨ ᠬᠤᠷᠢᠶᠠᠭᠰᠠᠨ ᠢᠳᠡᠭᠡᠨ ᠪᠤᠶᠤ ᠴᠢᠨᠠᠷ ᠢ | ᠪᠠᠲᠤᠯᠠᠬᠤ ᠬᠤᠭᠤᠴᠠᠭ᠎ᠠ ᠨᠢ ᠬᠡᠲᠤᠷᠡᠭᠰᠡᠨ ᠢᠳᠡᠭᠡᠨ ᠢᠶᠠᠷ ᠲᠦᠭᠦᠭᠡᠢ ᠡᠳ᠋ ᠪᠤᠯᠭᠠᠨ ᠢᠳᠡᠭᠡᠨ ᠡᠳ᠋ᠰᠢᠬᠦᠯᠬᠦ︔ | ︵ᠬᠤᠶᠠᠷ︶ ᠢᠯᠵᠢᠷᠠᠵᠤ ᠴᠢᠨᠠᠷ ᠬᠤᠪᠢᠷᠠᠭᠰᠠᠨ᠂ ᠢᠰᠭᠦᠯᠡᠩ ᠪᠤᠯᠤᠭᠰᠠᠨ᠂ ᠢᠯᠵᠢᠷᠠᠵᠤ ᠬᠤᠷᠤᠬᠠᠶᠢᠳᠤᠭᠰᠠᠨ | ᠂ ᠠᠷᠢᠭᠤᠨ ᠴᠡᠪᠡᠷ ᠪᠤᠰᠤ᠂ ᠤᠨᠳᠤᠤ ᠪᠤᠳᠠᠰ ᠬᠤᠯᠢᠯᠳᠤᠭᠰᠠᠨ᠂ ᠬᠡᠪ ᠤᠨ ᠪᠤᠰᠤ ᠦᠵᠡᠭᠳᠡᠬᠦ ᠲᠦᠭᠦᠭᠡᠢ ᠡᠳ᠋ ᠢᠶᠠᠷ | ᠢᠳᠡᠭᠡᠨ ᠡᠳ᠋ᠰᠢᠬᠦᠯᠬᠦ︔ | ︵ᠭᠤᠷᠪᠠ︶ ᠡᠪᠡᠳᠴᠢᠨ ᠢᠶᠠᠷ ᠦᠬᠦᠭᠰᠡᠨ᠂ ᠬᠤᠤᠷᠠᠳᠠᠭᠳᠠᠵᠤ ᠦᠬᠦᠭᠰᠡᠨ᠂ ᠦᠬᠦᠭᠰᠡᠨ ᠰᠢᠯᠲᠠᠭᠠᠨ ᠨᠢ | ᠲᠤᠳᠤᠷᠬᠠᠢ ᠪᠤᠰᠤ ᠪᠤᠶᠤ ᠰᠢᠯᠭᠠᠨ ᠪᠠᠶᠢᠴᠠᠭᠠᠯᠲᠠ᠂ ᠬᠢᠵᠢᠭ ᠤᠨ ᠪᠠᠶᠢᠴᠠᠭᠠᠯᠲᠠ ᠶᠢ ᠲᠠᠮᠵᠢᠬᠰᠡᠨ ᠦᠭᠡᠢ ᠵᠢᠭᠦᠷᠲᠡᠨ᠂ | ᠲᠡᠵᠢᠭᠡᠪᠦᠷᠢ᠂ ᠠᠷᠢᠶᠠᠲᠡᠨ᠂ ᠤᠰᠤᠨ ᠤ ᠭᠠᠷᠤᠯᠲᠠ ᠵᠡᠷᠭᠡ ᠠᠮᠢᠲᠡᠨ ᠤ ᠮᠢᠬ᠎ᠠ ᠵᠢᠴᠢ ᠪᠦᠲᠦᠭᠡᠭᠳᠡᠭᠦᠨ ᠢᠶᠠᠷ ᠢᠳᠡᠭᠡᠨ | ᠡᠳ᠋ᠰᠢᠬᠦᠯᠬᠦ︔ | ︵ᠲᠦᠷᠪᠠ︶ ᠬᠦᠮᠦᠨ ᠤ ᠪᠡᠶ᠎ᠡ ᠶᠢᠨ ᠡᠷᠡᠭᠦᠯ ᠴᠢᠬᠢᠷᠠᠭ ᠲᠤ ᠬᠤᠤᠷ᠎ᠠ ᠲᠠᠢ ᠬᠢᠮᠢ ᠶᠢᠨ ᠵᠦᠢᠯᠡᠰ᠂ | ᠤᠬᠢᠶᠠᠯᠭ᠎ᠠ ᠶᠢᠨ ᠡᠳ᠋ ᠢᠶᠠᠷ ᠤᠬᠢᠶᠠᠵᠤ ᠰᠢᠢᠳᠪᠦᠷᠢᠯᠡᠭᠰᠡᠨ ᠢᠳᠡᠭᠡᠨ ᠤ ᠲᠦᠭᠦᠭᠡᠢ ᠡᠳ᠋ ᠢ ᠬᠡᠷᠡᠭᠯᠡᠨ ᠢᠳᠡᠭᠡᠨ | ᠡᠳ᠋ᠰᠢᠬᠦᠯᠬᠦ︔ | ︵ᠲᠠᠪᠤ︶ ᠪᠤᠬᠢᠷᠳᠤᠭᠰᠠᠨ ᠪᠤᠭᠤᠳᠠᠯ ᠤᠨ ᠬᠡᠷᠡᠭᠰᠡᠯ᠂ ᠰᠡᠪᠠ᠂ ᠪᠠᠭᠠᠵᠢ ᠶᠢ ᠬᠡᠷᠡᠭᠯᠡᠨ ᠢᠳᠡᠭᠡᠨ ᠡᠳ᠋ᠰᠢᠬᠦᠯᠬᠦ︔ | | ︵ᠵᠢᠷᠭᠤᠭ᠎ᠠ︶ ᠡᠪᠡᠳᠴᠢᠨ ᠡᠭᠦᠰᠭᠡᠬᠦ ᠴᠢᠨᠠᠷᠲᠠᠢ ᠮᠢᠺᠷᠤᠪ᠂ ᠲᠠᠷᠢᠶᠠᠨ ᠡᠮ ᠤᠨ ᠦᠯᠡᠳᠡᠪᠦᠷᠢ᠂ ᠮᠠᠯ ᠤᠨ | ᠡᠮ ᠤᠨ ᠦᠯᠡᠳᠡᠪᠦᠷᠢ᠂ ᠬᠦᠨᠲᠦ ᠲᠡᠮᠦᠷᠯᠢᠭ᠂ ᠠᠮᠢᠲᠤ ᠪᠤᠳᠠᠰ ᠤᠨ ᠬᠤᠤᠷᠠᠳᠤ ᠡᠯᠧᠮᠧᠨ᠋ᠲ᠂ ᠪᠤᠬᠢᠷᠳᠤᠯ ᠲᠠᠢ ᠪᠤᠳᠠᠰ | ᠵᠢᠴᠢ ᠠᠭᠤᠯᠤᠭᠳᠠᠬᠤᠨ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠠᠴᠠ ᠬᠡᠲᠦᠷᠡᠭᠰᠡᠨ ᠬᠦᠮᠦᠨ ᠤ ᠪᠡᠶ᠎ᠡ ᠶᠢᠨ | ᠡᠷᠡᠭᠦᠯ ᠴᠢᠬᠢᠷᠠᠭ ᠢ ᠬᠤᠬᠢᠷᠠᠭᠤᠯᠬᠤ ᠪᠤᠳᠠᠰ ᠢ ᠬᠡᠷᠡᠭᠯᠡᠵᠤ ᠢᠳᠡᠭᠡᠨ ᠡᠳ᠋ᠰᠢᠬᠦᠯᠬᠦ︔ | ︵ᠲᠤᠯᠤᠭ᠎ᠠ︶ ᠤᠯᠤᠰ ᠤᠨ ᠢᠳᠡᠭᠡᠨ ᠤ ᠠᠮᠤᠷ ᠲᠦᠪᠰᠢᠨ ᠤ ᠪᠠᠷᠢᠮᠵᠢᠶᠡᠨ ᠤ ᠲᠤᠭᠲᠠᠭᠠᠯ ᠠᠴᠠ ᠵᠦᠷᠢᠴᠡᠨ | ᠢᠳᠡᠭᠡᠨ ᠤ ᠨᠡᠮᠡᠯᠲᠠ ᠡᠳ᠋ ᠢ ᠬᠡᠷᠡᠭᠯᠡᠬᠦ ᠪᠤᠶᠤ ᠲᠤᠷ᠎ᠠ ᠪᠠᠷ ᠬᠡᠷᠡᠭᠯᠡᠨ ᠢᠳᠡᠭᠡᠨ ᠡᠳ᠋ᠰᠢᠭᠦᠯᠬᠦ︔ | ︵ᠨᠠᠢᠮᠠ︶ ᠢᠳᠡᠭᠡᠨ ᠡᠳ᠋ᠰᠢᠭᠦᠯᠬᠦ ᠳᠤ ᠬᠠᠭᠤᠷᠮᠠᠭ ᠡᠳ᠋᠂ ᠡᠯᠳᠡᠪ ᠵᠦᠢᠯ ᠢ ᠬᠤᠯᠢᠬᠤ᠃ | ᠭᠤᠷᠪᠠᠳᠤᠭᠠᠷ ᠪᠦᠯᠦᠭ ᠢᠳᠡᠭᠡᠨ ᠤ ᠲᠡᠯᠭᠡᠭᠦᠷᠴᠢᠨ ᠤ ᠡᠵᠡᠩᠨᠡᠯᠲᠠ | ᠠᠷᠪᠠᠨ ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠤᠷᠤᠨ ᠢᠳᠡᠭᠡᠨ ᠤ ᠲᠡᠯᠭᠡᠭᠦᠷᠴᠢᠨ ᠢ ᠲᠠᠩᠰᠡᠯᠠᠨ | ᠲᠡᠮᠳᠡᠭᠯᠡᠬᠦ ᠲᠦᠷᠢᠮ ᠢ ᠬᠡᠷᠡᠭᠵᠢᠭᠦᠯᠵᠤ᠂ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ | ᠬᠠᠮᠢᠶᠠᠷᠬᠤ ᠰᠠᠯᠠᠭ᠎ᠠ ᠮᠦᠴᠢᠷ ᠤᠨ ᠠᠵᠢᠯᠲᠡᠨ ᠲᠡᠯᠭᠡᠭᠦᠷ ᠤᠨ ᠭᠠᠵᠠᠷ ᠬᠦᠷᠴᠤ ᠲᠡᠯᠭᠡᠭᠦᠷᠴᠢᠨ ᠤ ᠪᠡᠶ᠎ᠡ ᠶᠢᠨ ᠦᠨᠡᠮᠯᠡᠯ | ᠂ ᠡᠷᠡᠭᠦᠯ ᠮᠡᠨᠲᠤ ᠶᠢᠨ ᠦᠨᠡᠮᠯᠡᠯ᠂ ᠢᠳᠡᠭᠡᠨ ᠤ ᠢᠷᠡᠯᠲᠠ ᠵᠡᠷᠭᠡ ᠬᠢᠨᠠᠨ ᠬᠠᠮᠢᠶᠠᠷᠬᠤ ᠮᠡᠳᠡᠭᠡ ᠵᠠᠩᠭᠢ ᠶᠢ | ᠴᠤᠭᠯᠠᠭᠤᠯᠬᠤ ᠶᠢᠨ ᠬᠠᠮᠲᠤ ᠲᠠᠩᠰᠡᠯᠠᠨ ᠲᠡᠮᠳᠡᠭᠯᠡᠬᠦ ᠭᠠᠷᠳᠠᠮ ᠭᠦᠢᠴᠡᠳᠭᠡᠨ᠎ᠡ᠃ ᠢᠳᠡᠭᠡᠨ ᠤ ᠲᠡᠯᠭᠡᠭᠦᠷᠴᠢᠨ ᠬᠢᠨᠠᠨ | ᠬᠠᠮᠢᠶᠠᠷᠬᠤ ᠠᠵᠢᠯᠲᠡᠨ ᠤ ᠱᠠᠭᠠᠷᠳᠠᠯᠭ᠎ᠠ ᠶᠤᠰᠤᠭᠠᠷ ᠮᠡᠳᠡᠭᠡ ᠵᠠᠩᠭᠢ ᠶᠢ ᠦᠨᠡᠨ ᠪᠤᠲᠠᠲᠠᠢ ᠪᠠᠷ ᠬᠠᠩᠭᠠᠵᠤ᠂ | ᠬᠤᠯᠪᠤᠭᠳᠠᠯ ᠪᠦᠬᠦᠢ ᠦᠨᠡᠮᠯᠡᠯ ᠢᠶᠠᠨ ᠦᠵᠡᠭᠦᠯᠬᠦ ᠬᠡᠷᠡᠭᠲᠠᠢ᠃ ᠦᠪᠡᠷ ᠢᠶᠠᠨ ᠦᠢᠯᠡᠳᠪᠦᠷᠢᠯᠡᠭᠰᠡᠨ ᠤᠯᠠᠷᠢᠯ ᠤᠨ | ᠴᠢᠨᠠᠷᠲᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠢ ᠪᠤᠷᠤᠯᠠᠭᠤᠯᠬᠤ ᠳᠤ᠂ ᠲᠠᠩᠰᠡᠯᠠᠨ | ᠲᠡᠮᠳᠡᠭᠯᠡᠬᠦ ᠭᠠᠷᠲᠡᠮ ᠬᠢᠬᠦ ᠦᠭᠡᠢ ᠪᠠᠶᠢᠵᠤ ᠪᠤᠯᠤᠨ᠎ᠡ᠃ | ᠢᠳᠡᠭᠡᠨ ᠤ ᠲᠡᠯᠭᠡᠭᠦᠷᠴᠢᠨ ᠲᠦᠪᠯᠡᠷᠡᠩᠭᠦᠢ ᠠᠷᠠᠯᠵᠢᠶᠡᠨ ᠤ ᠵᠠᠬ᠎ᠠ ᠲᠡᠯᠭᠡᠭᠦᠷ᠂ ᠫᠦᠰᠠ ᠵᠡᠷᠭᠡ ᠲᠤᠭᠲᠠᠮᠠᠯ | ᠲᠠᠯᠠᠪᠤᠷ ᠲᠤ ᠡᠵᠡᠩᠨᠡᠬᠦ ᠪᠤᠶᠤ ᠵᠠᠰᠠᠭ ᠤᠨ ᠤᠷᠳᠤᠨ ᠤ ᠨᠡᠶᠢᠲᠡᠯᠡᠭᠰᠡᠨ ᠤᠷᠤᠨ ᠪᠠ ᠴᠠᠭ ᠬᠤᠭᠤᠴᠠᠭᠠᠨ ᠲᠤᠲᠤᠷ᠎ᠠ | ᠡᠵᠡᠩᠨᠡᠯᠲᠠ ᠶᠢᠨ ᠠᠵᠢᠯᠯᠠᠭ᠎ᠠ ᠬᠢᠬᠦ ᠬᠡᠷᠡᠭᠲᠠᠢ᠃ | ᠠᠷᠪᠠ ᠶᠢᠰᠦᠳᠦᠭᠡᠷ ᠵᠦᠢᠯ ᠢᠳᠡᠭᠡᠨ ᠤ ᠲᠡᠯᠭᠡᠭᠦᠷᠴᠢᠨ ᠡᠵᠡᠩᠨᠡᠯᠲᠠ ᠶᠢᠨ ᠠᠵᠢᠯᠯᠠᠭ᠎ᠠ ᠬᠢᠬᠦ ᠳᠤ | ᠲᠤᠤᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠄ | ︵ᠨᠢᠭᠡ︶ ᠪᠤᠷᠤᠭᠠᠨ ᠠᠴᠠ ᠰᠡᠷᠭᠡᠶᠢᠯᠡᠬᠦ᠂ ᠲᠤᠭᠤᠰᠤ ᠶᠢ ᠰᠡᠷᠭᠡᠶᠢᠯᠡᠬᠦ᠂ ᠬᠤᠷᠤᠬᠠᠢ ᠶᠢ ᠰᠡᠷᠭᠡᠶᠢᠯᠡᠬᠦ᠂ | ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠡ ᠠᠴᠠ ᠰᠡᠷᠭᠡᠶᠢᠯᠡᠬᠦ᠂ ᠪᠤᠬᠢᠷᠳᠤᠯ ᠢ ᠰᠡᠷᠭᠡᠶᠢᠯᠡᠬᠦ ᠵᠡᠷᠭᠡ ᠲᠦᠬᠦᠭᠡᠷᠦᠮᠵᠢ ᠵᠢᠴᠢ | ᠴᠢᠩᠭ᠎ᠠ ᠪᠢᠲᠡᠭᠦᠮᠵᠢᠯᠡᠭᠰᠡᠨ ᠬᠠᠶᠠᠭᠳᠠᠮᠠᠯ ᠪᠤᠳᠠᠰ ᠤᠨ ᠰᠠᠪᠠ ᠲᠤᠬᠢᠷᠠᠭᠤᠯᠬᠤ︔ | ︵ᠬᠤᠶᠠᠷ︶ ᠡᠳ᠋ᠰᠢᠭᠦᠯᠬᠦ ᠴᠢᠬᠤᠯᠠ ᠲᠠᠢ ᠢᠳᠡᠭᠡᠨ ᠪᠤᠯᠤᠨ ᠰᠢᠭᠤᠳ ᠢᠳᠡᠬᠦ ᠢᠳᠡᠭᠡᠨ᠂ ᠲᠦᠭᠦᠭᠡᠢ ᠡᠳ᠋ | ᠪᠤᠯᠤᠨ ᠪᠦᠲᠦᠭᠡᠭᠳᠡᠭᠦᠨ ᠢ ᠰᠠᠯᠭᠠᠨ ᠲᠠᠯᠪᠢᠵᠤ᠂ ᠢᠳᠡᠭᠡᠨ ᠢ ᠬᠤᠤᠷ᠎ᠠ ᠲᠠᠢ ᠪᠤᠳᠠᠰ᠂ ᠠᠷᠢᠭᠤᠨ ᠴᠡᠪᠡᠷ ᠪᠤᠰᠤ | ᠪᠤᠳᠠᠰ ᠲᠠᠢ ᠬᠦᠷᠦᠯᠴᠡᠬᠦ ᠠᠴᠠ ᠵᠠᠶᠢᠯᠠᠰᠬᠢᠬᠦ︔ | ︵ᠭᠤᠷᠪᠠ︶ ᠬᠡᠷᠡᠭᠯᠡᠬᠦ ᠤᠰᠤ ᠨᠢ ᠤᠯᠤᠰ ᠤᠨ ᠲᠤᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ | ᠡᠷᠡᠭᠦᠯ ᠬᠠᠮᠠᠭᠠᠯᠠᠯ ᠤᠨ ᠪᠠᠷᠢᠮᠵᠢᠶ᠎ᠡ ᠳᠤ ᠨᠡᠶᠢᠴᠡᠬᠦ︔ | ︵ᠲᠦᠷᠪᠡ︶ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠪᠠ ᠲᠡᠭᠡᠭᠡᠵᠤ ᠪᠠᠭᠤᠯᠭᠠᠬᠤ ᠪᠠᠭᠠᠵᠢ ᠰᠠᠪᠠ ᠪᠠ | ᠲᠦᠬᠦᠭᠡᠷᠦᠮᠵᠢ ᠨᠢ ᠬᠤᠤᠷ᠎ᠠ ᠦᠭᠡᠢ᠂ ᠬᠦᠨᠦᠭᠡᠯ ᠦᠭᠡᠢ᠂ ᠠᠷᠢᠭᠤᠨ ᠴᠡᠪᠡᠷ ᠪᠠᠶᠢᠬᠤ︔ | ︵ᠲᠠᠪᠤ︶ ᠢᠳᠡᠭᠡᠨ ᠢ ᠪᠤᠷᠤᠯᠠᠭᠤᠯᠬᠤ ᠳᠤ ᠬᠤᠤᠷ᠎ᠠ ᠦᠭᠡᠢ᠂ ᠬᠦᠨᠦᠭᠡᠯ ᠦᠭᠡᠢ᠂ ᠠᠷᠢᠭᠤᠨ ᠴᠡᠪᠡᠷ | ᠪᠤᠭᠤᠳᠠᠯᠯᠠᠬᠤ ᠬᠡᠷᠡᠭᠰᠡᠯ ᠢ ᠬᠡᠷᠡᠭᠯᠡᠬᠦ︔ | ︵ᠵᠢᠷᠭᠤᠭ᠎ᠠ︶ ᠢᠳᠡᠭᠡᠨ ᠤᠷᠤᠭᠤᠯᠤᠭᠰᠡᠨ ᠪᠢᠴᠢᠭ ᠪᠠᠷᠢᠮᠲᠠ ᠬᠡᠷᠡᠴᠢ ᠶᠢ ᠦᠯᠡᠳᠡᠭᠡᠬᠦ ᠬᠤᠭᠤᠴᠠᠭ᠎ᠠ ᠨᠢ | ᠨᠢᠭᠡ ᠵᠢᠯ ᠠᠴᠠ ᠲᠤᠤᠷ᠎ᠠ ᠪᠠᠶᠢᠵᠤ ᠪᠤᠯᠬᠤ ᠦᠭᠡᠢ᠃ | ᠬᠤᠷᠢᠳᠤᠭᠠᠷ ᠵᠦᠢᠯ ᠲᠤᠬᠠᠢ ᠶᠢᠨ ᠲᠠᠯᠠᠪᠤᠷ ᠲᠤ ᠬᠢᠵᠤ ᠪᠤᠷᠤᠯᠠᠭᠤᠯᠬᠤ᠂ ᠢᠳᠡᠭᠡᠨ ᠤᠮᠳᠠᠭᠠᠨ ᠤ | ᠦᠢᠯᠡᠴᠢᠯᠡᠭᠡ ᠬᠠᠩᠭᠠᠵᠤ ᠪᠠᠶᠢᠭ᠎ᠠ ᠲᠡᠯᠭᠡᠭᠦᠷᠴᠢᠨ ᠢᠳᠡᠭᠡᠨ ᠤ ᠡᠵᠡᠩᠨᠡᠯᠲᠠ ᠲᠤᠮᠲᠠ ᠲᠤᠰ ᠲᠦᠷᠢᠮ ᠤᠨ ᠠᠷᠪᠠ | ᠶᠢᠰᠦᠳᠦᠭᠡᠷ ᠵᠦᠢᠯ ᠤᠨ ᠲᠤᠭᠲᠠᠭᠠᠯ ᠳᠤ ᠨᠡᠶᠢᠴᠡᠬᠦ ᠠᠴᠠ ᠭᠠᠳᠠᠨ᠎ᠡ᠂ ᠪᠠᠰᠠ ᠲᠤᠤᠷᠠᠬᠢ ᠱᠠᠭᠠᠷᠳᠠᠯᠭ᠎ᠠ ᠳᠤ ᠨᠡᠶᠢᠴᠡᠬᠦ | ᠬᠡᠷᠡᠭᠲᠠᠢ᠄ | ︵ᠨᠢᠭᠡ︶ ᠢᠳᠡᠭᠡᠨ ᠤ ᠡᠷᠡᠭᠦᠯ ᠬᠠᠮᠠᠭᠠᠯᠠᠯ ᠤᠨ ᠨᠦᠬᠦᠴᠡᠯ ᠳᠤ ᠨᠡᠶᠢᠴᠡᠭᠰᠡᠨ ᠢᠳᠡᠭᠡᠨ ᠬᠢᠬᠦ ᠪᠠ | ᠪᠤᠷᠤᠯᠠᠭᠤᠯᠬᠤ ᠲᠢᠩᠰᠠ᠂ ᠫᠧᠩ᠂ ᠲᠡᠷᠭᠡ᠂ ᠲᠠᠶᠢᠰᠠ ᠵᠡᠷᠭᠡ ᠲᠦᠬᠦᠭᠡᠷᠦᠮᠵᠢ ᠲᠠᠢ ᠪᠠᠶᠢᠬᠤ︔ | ︵ᠬᠤᠶᠠᠷ︶ ᠢᠳᠡᠭᠡᠨ ᠲᠠᠢ ᠬᠦᠷᠦᠯᠴᠡᠬᠦ ᠰᠠᠪᠠ ᠬᠡᠷᠡᠭᠰᠡᠯ᠂ ᠠᠵᠢᠯᠯᠠᠬᠤ ᠲᠠᠶᠢᠰᠠ ᠵᠢᠴᠢ ᠪᠠᠷᠠᠭᠠᠨ ᠤ | ᠲᠠᠯᠪᠢᠭᠤᠷ᠂ ᠬᠤᠷᠭᠤ ᠨᠢ ᠢᠳᠡᠭᠡᠨ ᠤ ᠡᠷᠡᠭᠦᠯ ᠬᠠᠮᠠᠭᠠᠯᠠᠯ ᠤᠨ ᠨᠦᠬᠦᠴᠡᠯ ᠳᠤ ᠨᠡᠶᠢᠴᠡᠬᠦ︔ | ︵ᠭᠤᠷᠪᠠ︶ ᠬᠡᠷᠡᠭᠯᠡᠬᠦ ᠬᠤᠭᠤᠯᠠᠨ ᠤ ᠰᠠᠪᠠ ᠬᠡᠷᠡᠭᠰᠡᠯ ᠢ ᠲᠦᠢᠯᠪᠤᠷᠢᠲᠠᠢ ᠪᠠᠷ ᠤᠭᠢᠶᠠᠬᠤ᠂ ᠠᠷᠢᠭᠤᠳᠬᠠᠬᠤ︔ | | ︵ᠲᠦᠷᠪᠡ︶ ᠬᠡᠷᠡᠭᠯᠡᠬᠦ ᠤᠬᠢᠶᠠᠯᠭ᠎ᠠ ᠶᠢᠨ ᠡᠳ᠋᠂ ᠠᠷᠢᠭᠤᠳᠬᠠᠬᠤ ᠡᠳ᠋ ᠨᠢ ᠬᠦᠮᠦᠨ ᠤ ᠪᠡᠶ᠎ᠡ ᠳᠤ ᠠᠮᠤᠷ | ᠲᠦᠪᠰᠢᠨ᠂ ᠬᠦᠨᠦᠭᠡᠯ ᠦᠭᠡᠢ ᠪᠠᠶᠢᠬᠤ᠂ ᠬᠤᠷᠤᠬᠠᠢ ᠠᠯᠠᠬᠤ ᠡᠳ᠋᠂ ᠬᠤᠯᠤᠭᠠᠨ᠎ᠡ ᠠᠯᠠᠬᠤ ᠡᠳ᠋ ᠵᠡᠷᠭᠡ ᠶᠢ ᠰᠠᠶᠢᠨ | ᠬᠠᠳᠠᠭᠠᠯᠠᠨ ᠬᠠᠮᠢᠶᠠᠷᠴᠤ᠂ ᠢᠳᠡᠭᠡᠨ ᠤ ᠡᠵᠡᠩᠨᠡᠯᠲᠠ ᠶᠢᠨ ᠲᠠᠯᠠᠪᠤᠷ ᠲᠤ ᠲᠠᠯᠪᠢᠵᠤ ᠪᠤᠯᠬᠤ ᠦᠭᠡᠢ︔ | ︵ᠲᠠᠪᠤ︶ ᠢᠳᠡᠭᠡᠨ ᠤ ᠡᠵᠡᠩᠨᠡᠭᠴᠢ ᠴᠡᠪᠡᠷᠬᠡᠨ ᠠᠵᠢᠯ ᠤᠨ ᠬᠤᠪᠴᠠᠰᠤ ᠮᠠᠯᠠᠭᠠᠢ ᠡᠮᠤᠰᠴᠤ᠂ ᠠᠮᠠᠪᠴᠢ | ᠵᠡᠭᠦᠵᠤ᠂ ᠬᠤᠪᠢ ᠬᠦᠮᠦᠨ ᠤ ᠡᠷᠡᠭᠦᠯ ᠬᠠᠮᠠᠭᠠᠯᠠᠯ ᠢ ᠪᠠᠲᠤᠯᠠᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠢᠳᠡᠭᠡᠨ ᠤ ᠲᠡᠯᠭᠡᠭᠦᠷᠴᠢᠨ ᠲᠤᠤᠷᠠᠬᠢ ᠦᠢᠯᠡ ᠠᠵᠢᠯᠯᠠᠭ᠎ᠠ ᠲᠠᠢ ᠪᠠᠶᠢᠬᠤ ᠶᠢ | ᠴᠢᠩᠭ᠎ᠠ ᠴᠠᠭᠠᠵᠠᠯᠠᠨ᠎ᠡ᠄ | ︵ᠨᠢᠭᠡ︶ ᠴᠢᠨᠠᠷ ᠢ ᠪᠠᠲᠤᠯᠠᠬᠤ ᠬᠤᠭᠤᠴᠠᠭ᠎ᠠ ᠠᠴᠠ ᠨᠢ ᠬᠡᠲᠦᠷᠡᠭᠰᠡᠨ ᠢᠳᠡᠭᠡᠨ ᠢ ᠦᠢᠯᠡᠳᠬᠦ᠂ ᠡᠵᠡᠩᠨᠡᠬᠦ︔ | | ︵ᠬᠤᠶᠠᠷ︶ ᠬᠦᠢᠲᠡᠨ ᠮᠢᠬᠠᠯᠢᠭ ᠢᠳᠡᠭᠡᠨ ᠢ ᠲᠤᠬᠠᠢ ᠶᠢᠨ ᠲᠠᠯᠠᠪᠤᠷ ᠲᠤ ᠦᠢᠯᠡᠳᠬᠦ︔ | ︵ᠭᠤᠷᠪᠠ︶ ᠪᠠᠶᠢᠭᠠᠯᠢᠯᠢᠭ ᠬᠤᠤᠷ᠎ᠠ ᠲᠠᠢ ᠪᠦᠷᠢᠯᠳᠦᠭᠦᠨ ᠲᠠᠢ ᠤᠷᠭᠤᠮᠠᠯ᠂ ᠠᠮᠢᠲᠡᠨ ᠢ ᠬᠡᠷᠡᠭᠯᠡᠨ ᠢᠳᠡᠭᠡᠨ | ᠦᠢᠯᠡᠳᠬᠦ︔ | ︵ᠲᠦᠷᠪᠡ︶ ᠢᠳᠡᠭᠡᠨ ᠤ ᠨᠡᠮᠡᠯᠲᠠ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠨᠢ ᠬᠡᠲᠤᠷᠡᠭᠦᠯᠦᠨ ᠬᠡᠷᠡᠭᠯᠡᠵᠤ | ᠢᠳᠡᠭᠡᠨ ᠦᠢᠯᠡᠳᠬᠦ︔ | ︵ᠲᠠᠪᠤ︶ ᠢᠳᠡᠭᠡᠨ ᠤ ᠨᠡᠮᠡᠯᠲᠠ ᠡᠳ᠋ ᠠᠴᠠ ᠭᠠᠳᠠᠨᠠᠬᠢ ᠬᠢᠮᠢ ᠶᠢᠨ ᠪᠤᠳᠠᠰ ᠢ ᠬᠡᠷᠡᠭᠯᠡᠨ ᠢᠳᠡᠭᠡᠨ ᠦᠢᠯᠡᠳᠬᠦ᠃ | | ᠳᠦᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | ᠬᠤᠷᠢᠨ ᠬᠤᠶᠠᠳᠤᠭᠠᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠲᠤᠰ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ᠂ ᠶᠠᠰᠤ ᠴᠢᠨᠠᠷ ᠲᠤ ᠬᠢᠨᠠᠯᠲᠠ | ᠲᠠᠯᠪᠢᠬᠤ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠲᠤᠰ ᠵᠠᠰᠠᠭ | ᠵᠠᠬᠢᠷᠭᠠᠨ ᠤ ᠤᠷᠤᠨ ᠤ ᠢᠳᠡᠭᠡᠨ ᠤ ᠠᠮᠤᠷ ᠲᠦᠪᠰᠢᠨ ᠤ ᠤᠨ ᠤ ᠬᠢᠨᠠᠨ ᠬᠠᠮᠢᠶᠠᠷᠬᠤ ᠲᠦᠯᠦᠪᠯᠡᠭᠡ ᠲᠤᠭᠲᠠᠭᠠᠵᠤ᠂ | ᠨᠡᠶᠢᠭᠡᠮ ᠳᠤ ᠵᠠᠷᠯᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠠᠢ᠃ | ᠬᠤᠷᠢᠨ ᠭᠤᠷᠪᠠᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢ ᠬᠢᠨᠠᠨ | ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠬᠢᠨᠠᠨ ᠪᠠᠶᠢᠴᠠᠭᠠᠬᠤ ᠦᠶᠡᠰ᠂ ᠲᠡᠭᠦᠨ ᠤ ᠬᠠᠤᠯᠢ | ᠬᠡᠷᠡᠭᠵᠢᠭᠦᠯᠬᠦ ᠠᠵᠢᠯᠲᠡᠨ ᠬᠤᠶᠠᠷ ᠬᠦᠮᠦᠨ ᠠᠴᠠ ᠴᠦᠭᠡᠨ ᠪᠠᠶᠢᠵᠤ ᠪᠤᠯᠬᠤ ᠦᠭᠡᠢ ᠪᠦᠭᠡᠳ ᠪᠠᠶᠢᠴᠠᠭᠠᠭᠳᠠᠭᠴᠢ ᠳᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠦᠵᠡᠭᠦᠯᠬᠦ ᠬᠡᠷᠡᠭᠲᠠᠢ᠃ | ᠬᠢᠨᠠᠨ ᠪᠠᠶᠢᠴᠠᠭᠠᠬᠤ ᠠᠵᠢᠯ ᠨᠢ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠬᠠᠤᠯᠢ | ᠶᠤᠰᠤᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠶᠢ ᠬᠠᠷᠰᠢᠯᠡᠵᠤ ᠪᠤᠯᠬᠤ ᠦᠭᠡᠢ᠃ | ᠬᠤᠷᠢᠨ ᠲᠦᠷᠪᠡᠳᠦᠭᠡᠷ ᠵᠦᠢᠯ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢ ᠬᠢᠨᠠᠨ | ᠬᠠᠮᠢᠶᠠᠷᠬᠤ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ | ᠲᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠦᠶᠡᠰ᠂ ᠲᠤᠤᠷᠠᠬᠢ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄ | ︵ᠨᠢᠭᠡ︶ ᠦᠢᠯᠡᠳᠪᠦᠷᠢᠯᠡᠯ ᠡᠵᠡᠩᠨᠡᠯᠲᠠ ᠶᠢᠨ ᠲᠠᠯᠠᠪᠤᠷ ᠲᠤ ᠬᠦᠷᠴᠤ ᠲᠤᠬᠠᠢ ᠶᠢᠨ ᠲᠠᠯᠠᠪᠤᠷ ᠲᠤᠨᠢ | ᠪᠠᠶᠢᠴᠠᠭᠠᠬᠤ︔ | ︵ᠬᠤᠶᠠᠷ︶ ᠦᠢᠯᠡᠳᠪᠦᠷᠢᠯᠡᠵᠤ ᠡᠵᠡᠩᠨᠡᠭᠰᠡᠨ ᠢᠳᠡᠭᠡᠨ ᠠᠴᠠ ᠦᠯᠢᠭᠡᠷ ᠠᠪᠴᠣ ᠰᠢᠯᠭᠠᠨ ᠪᠠᠶᠢᠴᠠᠭᠠᠬᠤ︔ | ︵ᠭᠤᠷᠪᠠ︶ ᠬᠠᠮᠢᠶ᠎ᠠ ᠪᠦᠬᠦᠢ ᠭᠡᠷ᠎ᠡ᠂ ᠪᠢᠴᠢᠭ ᠪᠠᠷᠢᠮᠲᠠ᠂ ᠲᠠᠩᠰᠠ ᠵᠢᠴᠢ ᠪᠤᠰᠤᠳ ᠬᠠᠮᠢᠶ᠎ᠠ ᠪᠦᠬᠦᠢ | ᠮᠠᠲ᠋ᠧᠷᠢᠶᠠᠯ ᠢ ᠪᠠᠶᠢᠴᠠᠭᠠᠨ ᠬᠢᠨᠠᠵᠣ᠂ ᠬᠠᠭᠤᠯᠤᠨ ᠪᠠᠭᠤᠯᠭᠠᠵᠤ᠂ ᠬᠠᠮᠢᠶ᠎ᠠ ᠪᠦᠬᠦᠢ ᠠᠵᠢᠯᠲᠡᠨ ᠠᠴᠠ ᠬᠤᠯᠪᠤᠭᠳᠠᠯ | ᠪᠦᠬᠦᠢ ᠪᠠᠶᠢᠳᠠᠯ ᠢ ᠤᠶᠢᠯᠠᠭᠠᠬᠤ︔ | ︵ᠲᠦᠷᠪᠡ︶ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠡ ᠳᠤ ᠨᠡᠶᠢᠴᠡᠬᠦ ᠦᠭᠡᠢ ᠶᠢ ᠬᠡᠷᠡᠴᠢᠯᠡᠭᠰᠡᠨ ᠢᠳᠡᠭᠡᠨ | ᠵᠢᠴᠢ ᠬᠠᠤᠯᠢ ᠠᠴᠠ ᠵᠦᠷᠢᠴᠡᠨ ᠬᠡᠷᠡᠭᠯᠡᠭᠰᠡᠨ ᠢᠳᠡᠭᠡᠨ ᠤ ᠲᠦᠭᠦᠭᠡᠢ ᠮᠠᠲ᠋ᠧᠷᠢᠶᠠᠯ᠂ ᠢᠳᠡᠭᠡᠨ ᠤ ᠨᠡᠮᠡᠯᠲᠠ ᠡᠳ᠋᠂ | ᠢᠳᠡᠭᠡᠨ ᠤ ᠬᠤᠯᠪᠤᠭᠳᠠᠯ ᠪᠦᠬᠦᠢ ᠪᠦᠲᠦᠭᠡᠭᠳᠡᠭᠦᠨ ᠢ ᠪᠠᠶᠢᠴᠠᠭᠠᠨ ᠪᠢᠲᠡᠭᠦᠮᠵᠢᠯᠡᠬᠦ᠂ ᠪᠠᠷᠢᠴᠠᠭᠠᠨ ᠳᠤ ᠦᠯᠡᠳᠡᠭᠡᠬᠦ︔ | ︵ᠲᠠᠪᠤ︶ ᠬᠠᠤᠯᠢ ᠪᠤᠰᠤ ᠪᠠᠷ ᠢᠳᠡᠭᠡᠨ ᠡᠳ᠋ᠰᠢᠭᠦᠯᠵᠤ ᠪᠠᠶᠢᠭ᠎ᠠ ᠲᠠᠯᠠᠪᠤᠷ ᠢ ᠪᠠᠶᠢᠴᠠᠭᠠᠨ ᠪᠢᠲᠡᠭᠦᠮᠵᠢᠯᠡᠬᠦ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠢᠳᠡᠭᠡᠨ ᠪᠠ ᠡᠮ ᠤᠨ | ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠯ ᠪᠦᠷᠢ ᠢᠳᠡᠭᠡᠨ ᠳᠤ ᠬᠢᠨᠠᠯᠲᠠ ᠲᠠᠯᠪᠢᠨ ᠦᠯᠢᠭᠡᠷ ᠠᠪᠴᠤ | ᠰᠢᠯᠭᠠᠨ ᠪᠠᠶᠢᠴᠠᠭᠠᠬᠤ ᠲᠦᠯᠦᠪᠯᠡᠭᠡ ᠲᠤᠭᠲᠠᠭᠠᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ | ᠲᠡᠯᠭᠡᠭᠦᠷᠴᠢᠨ ᠤ ᠦᠢᠯᠡᠳᠪᠦᠷᠢᠯᠡᠵᠤ ᠡᠵᠡᠩᠨᠡᠭᠰᠡᠨ ᠢᠳᠡᠭᠡᠨ ᠳᠤ ᠲᠤᠭᠲᠠᠮᠠᠯ ᠬᠤᠭᠤᠴᠠᠭ᠎ᠠ ᠪᠤᠶᠤ ᠲᠤᠭᠲᠠᠮᠠᠯ ᠪᠤᠰᠤ | ᠬᠤᠭᠤᠴᠠᠭ᠎ᠠ ᠲᠠᠢ ᠪᠠᠷ ᠦᠯᠢᠭᠡᠷ ᠠᠪᠴᠤ ᠰᠢᠯᠭᠠᠨ ᠪᠠᠶᠢᠴᠠᠭᠠᠬᠤ ᠶᠢᠨ ᠬᠠᠮᠲᠤ ᠵᠣᠬᠢᠰᠳᠠᠢ ᠠᠷᠭ᠎ᠠ ᠬᠡᠯᠪᠡᠷᠢ ᠶᠢ | ᠰᠤᠩᠭᠤᠨ ᠰᠢᠯᠭᠠᠨ ᠪᠠᠶᠢᠴᠠᠭᠠᠭᠰᠡᠨ ᠦᠷ᠎ᠡ ᠳ᠋ᠦᠩ ᠢᠶᠠᠨ ᠨᠡᠶᠢᠲᠡᠯᠡᠬᠦ ᠬᠡᠷᠡᠭᠲᠠᠢ᠃ | ᠬᠢᠨᠠᠯᠲᠠ ᠲᠠᠯᠪᠢᠨ ᠦᠯᠢᠭᠡᠷ ᠠᠪᠴᠤ ᠰᠢᠯᠭᠠᠨ ᠪᠠᠶᠢᠴᠠᠭᠠᠬᠤ ᠳᠤ ᠢᠳᠡᠭᠡᠨ ᠢ ᠰᠢᠯᠭᠠᠨ ᠪᠠᠶᠢᠴᠠᠭᠠᠬᠤ ᠬᠢᠷᠢ | ᠭᠡᠮ ᠲᠠᠢ ᠪᠠᠶᠢᠭᠤᠯᠤᠮᠵᠢ ᠳᠤ ᠨᠡᠶᠢᠲᠠᠬᠤ ᠬᠡᠷᠡᠭᠲᠠᠢ᠂ ᠲᠤᠬᠠᠢ ᠶᠢᠨ ᠬᠦᠮᠦᠨ ᠰᠢᠯᠭᠠᠨ ᠪᠠᠶᠢᠴᠠᠭᠠᠭᠰᠠᠨ ᠦᠷ᠎ᠡ | ᠳ᠋ᠦᠩ ᠳᠤ ᠰᠠᠨᠠᠯ ᠲᠠᠢ ᠪᠤᠯ᠂ ᠲᠠᠬᠢᠨ ᠪᠠᠶᠢᠴᠠᠭᠠᠯᠭᠠᠬᠤ ᠪᠠᠷ ᠭᠤᠶᠤᠴᠢᠯᠡᠵᠤ ᠪᠤᠯᠤᠨ᠎ᠡ᠃ | ᠰᠢᠯᠭᠠᠨ ᠪᠠᠶᠢᠴᠠᠭᠠᠭᠠᠳ ᠬᠢᠷᠢ ᠲᠠᠩᠴᠡᠭᠰᠡᠨ ᠦᠭᠡᠢ ᠢᠳᠡᠭᠡᠨ ᠢ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ | ᠰᠢᠢᠳᠪᠦᠷᠢᠯᠡᠨ᠎ᠡ᠃ | ᠬᠢᠨᠠᠯᠲᠠ ᠲᠠᠯᠪᠢᠨ ᠦᠯᠢᠭᠡᠷ ᠠᠪᠴᠤ ᠰᠢᠯᠭᠠᠨ ᠪᠠᠶᠢᠴᠠᠭᠠᠬᠤ ᠳᠤ ᠦᠯᠢᠭᠡᠷ ᠠᠪᠤᠭᠰᠠᠨ ᠰᠦᠢᠳᠭᠡᠯ | ᠲᠤᠰᠢᠶᠠᠬᠤ ᠬᠡᠷᠡᠭᠲᠠᠢ ᠪᠦᠭᠡᠳ ᠲᠤᠬᠠᠢ ᠶᠢᠨ ᠬᠦᠮᠦᠨ ᠠᠴᠠ ᠶᠠᠮᠠᠷᠪᠠ ᠰᠦᠢᠳᠭᠡᠯ ᠬᠤᠷᠢᠶᠠᠵᠤ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠢᠳᠡᠭᠡᠨ ᠪᠠ ᠡᠮ ᠤᠨ | ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠯ ᠪᠦᠷᠢ ᠢᠳᠡᠭᠡᠨ ᠤ ᠠᠮᠤᠷ ᠲᠦᠪᠰᠢᠨ ᠤ ᠬᠦᠮᠦᠵᠢᠯ ᠤᠨ | ᠪᠤᠯᠪᠠᠰᠤᠷᠠᠯ ᠤᠨ ᠲᠦᠯᠦᠪᠯᠡᠭᠡ ᠲᠤᠭᠲᠠᠭᠠᠵᠤ᠂ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ | ᠠᠵᠢᠯᠯᠠᠭᠴᠢᠳ ᠲᠤ ᠢᠳᠡᠭᠡᠨ ᠤ ᠠᠮᠤᠷ ᠲᠦᠪᠰᠢᠨ ᠤ ᠮᠡᠳᠡᠯᠭᠡ ᠵᠢᠴᠢ ᠢᠳᠡᠭᠡᠨ ᠤ ᠠᠮᠤᠷ ᠲᠦᠪᠰᠢᠨ ᠤ ᠬᠠᠤᠯᠢ | ᠴᠠᠭᠠᠵᠠ᠂ ᠬᠠᠤᠯᠢ ᠲᠤᠭᠲᠠᠭᠠᠯ ᠤᠨ ᠪᠤᠯᠪᠠᠰᠤᠷᠠᠯ ᠬᠦᠷᠲᠡᠭᠡᠬᠦ ᠬᠡᠷᠡᠭᠲᠠᠢ᠃ | ᠬᠤᠷᠢᠨ ᠲᠤᠯᠤᠳᠤᠭᠠᠷ ᠵᠦᠢᠯ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ | ᠬᠠᠮᠢᠶᠠᠷᠬᠤ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠨᠡᠨᠴᠢ | ᠢᠲᠡᠭᠡᠮᠵᠢ ᠶᠢ ᠲᠡᠮᠳᠡᠭᠯᠡᠬᠦ ᠲᠦᠷᠢᠮ ᠢ ᠬᠡᠷᠡᠭᠵᠢᠭᠦᠯᠵᠤ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ ᠶᠢᠨ ᠦᠷ᠎ᠡ | ᠳ᠋ᠦᠩ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠭᠰᠡᠨ ᠵᠡᠷᠭᠡ ᠪᠠᠶᠢᠳᠠᠯ ᠢ ᠲᠡᠮᠳᠡᠭᠯᠡᠵᠤ᠂ | ᠦᠨᠡᠨᠴᠢ ᠢᠲᠡᠭᠡᠮᠵᠢ ᠶᠢ ᠲᠡᠮᠳᠡᠭᠯᠡᠭᠰᠡᠨ ᠪᠠᠶᠢᠳᠠᠯ ᠢ ᠦᠨᠳᠦᠰᠦᠯᠡᠵᠤ᠂ ᠡᠷᠡᠭᠦᠯ ᠪᠤᠰᠤ ᠢᠳᠡᠭᠡᠮᠵᠢ ᠶᠢᠨ ᠲᠡᠮᠳᠡᠭᠯᠡᠯ ᠲᠠᠢ | ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠳᠤ ᠬᠢᠨᠠᠯᠲᠠ ᠪᠠᠶᠢᠴᠠᠭᠠᠯᠲᠠ ᠪᠠ ᠴᠡᠭᠴᠡᠯᠡᠨ | ᠦᠭᠡᠷᠡᠴᠢᠯᠡᠬᠦ ᠵᠢᠯᠤᠭᠤᠳᠤᠯᠭ᠎ᠠ ᠪᠠᠨ ᠴᠢᠩᠭᠠᠳᠬᠠᠬᠤ ᠬᠡᠷᠡᠭᠲᠠᠢ᠃ | ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠤ ᠦᠨᠡᠨᠴᠢ ᠢᠲᠡᠭᠡᠮᠵᠢ ᠶᠢᠨ ᠪᠠᠶᠢᠳᠠᠯ ᠢ | ᠲᠤᠬᠢᠷᠠᠭᠰᠠᠨ ᠴᠠᠭ ᠲᠤ ᠨᠡᠶᠢᠳᠡᠯᠡᠬᠦ ᠬᠡᠷᠡᠭᠲᠠᠢ᠃ | ᠬᠤᠷᠢᠨ ᠨᠠᠢᠮᠠᠳᠤᠭᠠᠷ ᠵᠦᠢᠯ ᠬᠤᠳᠠᠯᠳᠤᠭᠠᠨ ᠤ ᠲᠠᠯᠠᠪᠠᠢ᠂ ᠬᠠᠮ ᠲᠡᠯᠭᠡᠭᠦᠷ᠂ ᠴᠤᠭᠯᠠᠭ᠎ᠠ ᠮᠠᠶᠢᠮᠠᠢ ᠶᠢᠨ | ᠵᠠᠬ᠎ᠠ ᠳᠡᠯᠭᠡᠭᠦᠷ᠂ ᠲᠦᠪᠯᠡᠷᠡᠭᠦᠯᠦᠨ ᠡᠵᠡᠩᠨᠡᠬᠦ ᠲᠤᠭᠤᠷᠢᠭ ᠢ ᠨᠡᠭᠡᠭᠡᠨ ᠡᠷᠬᠢᠯᠡᠵᠤ ᠪᠠᠶᠢᠭ᠎ᠠ ᠡᠷᠬᠢᠯᠡᠭᠴᠢ ᠨᠢ ᠢᠳᠡᠭᠡᠨ | ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠢ ᠬᠠᠪᠰᠤᠷᠤᠨ ᠲᠤᠤᠷᠠᠬᠢ ᠡᠭᠦᠷᠭᠡ ᠶᠢ ᠭᠦᠢᠴᠡᠳᠭᠡᠬᠦ | ᠬᠡᠷᠡᠭᠲᠠᠢ᠄ | ︵ᠨᠢᠭᠡ︶ ᠢᠳᠡᠭᠡᠨ ᠤ ᠲᠡᠯᠭᠡᠭᠦᠷᠴᠢᠨ ᠤ ᠠᠵᠢᠯᠯᠠᠭᠴᠢᠳ ᠤᠨ ᠡᠷᠡᠭᠦᠯ ᠮᠡᠨᠲᠤ ᠶᠢᠨ ᠬᠡᠷᠡᠴᠢ ᠶᠢ ᠪᠠᠶᠢᠴᠠᠭᠠᠨ | ᠰᠢᠯᠭᠠᠬᠤ︔ | ︵ᠬᠤᠶᠠᠷ︶ ᠢᠳᠡᠭᠡᠨ ᠤ ᠲᠡᠯᠭᠡᠭᠦᠷᠴᠢᠨ ᠤ ᠦᠢᠯᠡᠳᠪᠦᠷᠢᠯᠡᠯ ᠡᠵᠡᠩᠨᠡᠯᠲᠠ ᠶᠢᠨ ᠤᠷᠴᠢᠨ ᠲᠤᠭᠤᠷᠢᠨ ᠪᠠ | ᠨᠦᠬᠦᠴᠡᠯ ᠢ ᠪᠠᠶᠢᠴᠠᠭᠠᠨ᠂ ᠲᠤᠰ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠢᠯᠡᠷᠡᠭᠦᠯᠪᠡᠯ᠂ ᠴᠠᠭ ᠲᠤᠬᠠᠢ ᠳᠤᠨᠢ ᠬᠤᠷᠢᠭᠯᠠᠬᠤ ᠶᠢᠨ ᠬᠠᠮᠲᠤ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠭᠦᠯᠬᠦ ᠬᠡᠷᠡᠭᠲᠠᠢ︔ | ︵ᠭᠤᠷᠪᠠ︶ ᠢᠳᠡᠭᠡᠨ ᠤ ᠲᠡᠯᠭᠡᠭᠦᠷᠴᠢᠨ ᠤ ᠲᠠᠩᠰᠠ ᠡᠪᠭᠡᠮᠡᠯ ᠪᠠᠶᠢᠭᠤᠯᠵᠤ᠂ ᠢᠳᠡᠭᠡᠨ ᠤ ᠲᠡᠯᠭᠡᠭᠦᠷᠴᠢᠨ ᠤ | ᠦᠨᠳᠦᠰᠦᠨ ᠪᠠᠶᠢᠳᠠᠯ᠂ ᠡᠵᠡᠩᠨᠡᠯᠲᠠ ᠶᠢᠨ ᠲᠦᠷᠦᠯ ᠵᠦᠢᠯ᠂ ᠲᠠᠸᠠᠷ ᠤᠨ ᠮᠡᠳᠡᠭᠡ ᠵᠠᠩᠭᠢ ᠶᠢ ᠲᠡᠮᠳᠡᠭᠯᠡᠵᠤ᠂ | ᠢᠳᠡᠭᠡᠨ ᠤ ᠲᠡᠯᠭᠡᠭᠦᠷᠴᠢᠨ ᠢ ᠦᠢᠯᠡᠳᠪᠦᠷᠢᠯᠡᠯ ᠡᠵᠡᠩᠨᠡᠯᠲᠠ ᠶᠢᠨ ᠲᠡᠮᠳᠡᠭᠯᠡᠯ᠂ ᠪᠠᠷᠠᠭ᠎ᠠ ᠤᠷᠤᠭᠤᠯᠬᠤ ᠶᠢ ᠪᠠᠶᠢᠴᠠᠭᠠᠨ | ᠰᠢᠯᠭᠠᠬᠤ ᠵᠡᠷᠭᠡ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠠᠮᠢᠶ᠎ᠠ ᠪᠦᠬᠦᠢ ᠲᠦᠷᠢᠮ ᠪᠠᠶᠢᠭᠤᠯᠬᠤ ᠶᠢ | ᠵᠢᠯᠤᠭᠤᠳᠬᠤ ᠶᠢᠨ ᠬᠠᠮᠲᠤ ᠱᠠᠯᠠᠪᠳᠠᠭᠤᠯᠣᠨ᠎ᠠ᠃ | ᠬᠤᠷᠢ ᠶᠢᠰᠦᠳᠦᠭᠡᠷ ᠵᠦᠢᠯ ᠢᠳᠡᠭᠡᠨ ᠤ ᠲᠡᠯᠭᠡᠭᠦᠷᠴᠢᠨ ᠤ ᠠᠵᠢᠯᠯᠠᠭᠴᠢᠳ ᠪᠠ ᠢᠳᠡᠭᠡᠨ ᠤ ᠲᠡᠯᠭᠡᠭᠦᠷᠴᠢᠨ | ᠵᠢᠯ ᠪᠦᠷᠢ ᠨᠢᠭᠡ ᠣᠳᠠᠭ᠎ᠠ ᠶᠢᠨ ᠡᠷᠡᠭᠦᠯ ᠮᠡᠨᠲᠤ ᠶᠢᠨ ᠪᠠᠶᠢᠴᠠᠭᠠᠯᠲᠠ ᠬᠢᠬᠦ ᠬᠡᠷᠡᠭᠲᠠᠢ᠂ ᠡᠷᠡᠭᠦᠯ ᠮᠡᠨᠲᠤ ᠶᠢᠨ | ᠬᠡᠷᠡᠴᠢ ᠶᠢ ᠤᠯᠤᠭᠰᠠᠨ ᠤ ᠲᠠᠷᠠᠭ᠎ᠠ ᠢᠳᠡᠭᠡᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠡᠷᠬᠢᠯᠡᠵᠦ ᠪᠤᠯᠤᠨ᠎ᠡ | ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠲᠤᠭᠲᠠᠭᠠᠭᠰᠠᠨ ᠢᠳᠡᠭᠡᠨ ᠤ ᠠᠮᠤᠷ ᠲᠦᠪᠰᠢᠨ ᠢ ᠨᠦᠯᠦᠭᠡᠯᠡᠬᠦ ᠡᠪᠳᠴᠢᠨ ᠲᠠᠢ ᠬᠦᠮᠦᠨ ᠰᠢᠭᠤᠳ ᠢᠳᠡᠬᠦ | ᠢᠳᠡᠭᠡᠨ ᠲᠠᠢ ᠬᠦᠷᠦᠯᠴᠡᠬᠦ ᠠᠵᠢᠯ ᠢ ᠬᠢᠵᠤ ᠪᠤᠯᠬᠤ ᠦᠭᠡᠢ᠃ | ᠭᠤᠴᠢᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠨᠢ ᠢᠯᠡᠷᠭᠡᠢ ᠪᠠᠶᠢᠷᠢᠨ ᠳᠤ ︽ᠢᠳᠡᠭᠡᠨ ᠤ ᠵᠢᠵᠢᠭ | ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ ᠪᠠ ᠠᠵᠢᠯᠯᠠᠭᠴᠢᠳ ᠤᠨ ᠡᠷᠡᠭᠦᠯ ᠮᠡᠨᠲᠤ ᠶᠢᠨ ᠬᠡᠷᠡᠴᠢ ᠪᠠᠨ | ᠲᠠᠯᠪᠢᠬᠤ ᠬᠡᠷᠡᠭᠲᠠᠢ᠃ | ᠢᠳᠡᠭᠡᠨ ᠤ ᠲᠡᠯᠭᠡᠭᠦᠷᠴᠢᠨ ᠲᠤᠰ ᠪᠡᠶ᠎ᠡ ᠶᠢᠨ ᠡᠷᠡᠭᠦᠯ ᠮᠡᠨᠲᠤ ᠶᠢᠨ ᠬᠡᠷᠡᠴᠢ ᠪᠠᠨ ᠪᠠᠶ᠎ᠠ ᠳᠡᠭᠡᠨ ᠠᠪᠴᠤ | ᠶᠠᠪᠤᠬᠤ ᠬᠡᠷᠡᠭᠲᠠᠢ᠃ ᠯᠠᠯᠤ ᠶᠢᠨ ᠢᠳᠡᠭᠡᠨ ᠦᠢᠯᠡᠳᠪᠦᠷᠢᠯᠡᠵᠤ ᠪᠤᠯᠪᠠᠰᠤᠷᠠᠭᠤᠯᠬᠤ ᠢᠳᠡᠭᠡᠨ ᠤ ᠵᠢᠵᠢᠭ ᠦᠢᠯᠡᠳᠭᠡᠯ | ᠪᠠ ᠢᠳᠡᠭᠡᠨ ᠤ ᠲᠡᠯᠭᠡᠭᠦᠷᠴᠢᠨ ᠢᠯᠡᠷᠭᠡᠢ ᠪᠠᠶᠢᠷᠢᠨ ᠳᠤ ᠯᠠᠯᠤ ᠶᠢᠨ ᠰᠢᠨᠵᠢ ᠲᠡᠮᠳᠡᠭ ᠲᠠᠢ ᠫᠠᠶᠢᠰᠠ ᠶᠢ ᠡᠯᠭᠦᠬᠦ | ᠬᠡᠷᠡᠭᠲᠠᠢ᠃ | ᠭᠤᠴᠢᠨ ᠨᠢᠭᠡᠳᠦᠭᠡᠷ ᠵᠦᠢᠯ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠨᠢ | ᠢᠳᠡᠭᠡᠨ ᠤ ᠠᠮᠤᠷ ᠲᠦᠪᠰᠢᠨ ᠤ ᠠᠲᠡᠯ ᠡᠭᠦᠰᠪᠡᠯ᠂ ᠡᠵᠡᠩᠨᠡᠭᠴᠢ ᠲᠠᠷᠤᠢ ᠲᠦᠷᠭᠡᠨ ᠰᠢᠢᠳᠪᠦᠷᠢᠯᠡᠵᠤ᠂ ᠢᠳᠡᠭᠡᠨ ᠳᠤ | ᠬᠤᠤᠷᠠᠳᠠᠭᠳᠠᠭᠰᠠᠨ ᠠᠵᠢᠯᠲᠡᠨ ᠢ ᠴᠠᠭ ᠲᠤᠬᠠᠢ ᠳᠤᠨᠢ ᠠᠪᠤᠷᠠᠨ᠂ ᠢᠳᠡᠭᠡᠨ ᠤ ᠬᠤᠤᠷᠠᠳᠠᠯ ᠡᠭᠦᠰᠭᠡᠵᠤ ᠮᠡᠳᠡᠬᠦ | ᠢᠳᠡᠭᠡᠨ ᠵᠢᠴᠢ ᠲᠦᠭᠦᠭᠡᠢ ᠡᠳ᠋ ᠢ ᠪᠢᠲᠡᠭᠦᠮᠵᠢᠯᠡᠨ ᠬᠠᠳᠠᠭᠠᠯᠠᠵᠤ᠂ ᠠᠳᠡᠯ ᠤᠨ ᠦᠷᠭᠡᠳᠬᠦ ᠶᠢ ᠰᠡᠷᠭᠡᠶᠢᠯᠡᠬᠦ ᠶᠢᠨ | ᠬᠠᠮᠲᠤ ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠭᠦᠯᠬᠦ ᠬᠡᠷᠡᠭᠲᠠᠢ᠃ | ᠬᠤᠰᠢᠭᠤ ᠰᠢᠶᠡᠨ ᠤ ᠱᠠᠲᠤᠨ ᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠢᠳᠡᠭᠡᠨ ᠤ ᠠᠮᠤᠷ ᠲᠦᠪᠰᠢᠨ ᠤ ᠠᠳᠡᠯ ᠤᠨ ᠮᠡᠳᠡᠭᠦᠯᠦᠯᠲᠠ ᠶᠢ ᠳᠣᠰᠣᠨ ᠤᠯᠤᠭᠰᠡᠨ ᠤ ᠲᠠᠷᠠᠭ᠎ᠠ᠂ ᠲᠠᠷᠤᠢ | ᠲᠦᠷᠭᠡᠨ ᠵᠤᠬᠢᠴᠠᠩᠭᠤᠢ ᠠᠷᠭ᠎ᠠ ᠬᠡᠮᠵᠢᠶ᠎ᠡ ᠠᠪᠴᠤ᠂ ᠠᠳᠡᠯ ᠤᠨ ᠠᠶᠤᠯ ᠢ ᠪᠠᠭᠠᠰᠬᠠᠬᠤ ᠶᠢᠨ ᠬᠠᠮᠲᠤ ᠡᠷᠡᠭᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠴᠠᠭ ᠲᠠᠷᠤᠢ ᠳᠤᠨᠢ ᠮᠡᠳᠡᠭᠦᠯᠬᠦ ᠬᠡᠷᠡᠭᠲᠠᠢ᠃ ᠶᠠᠮᠠᠷᠪᠠ | ᠵᠤᠬᠢᠶᠠᠨ ᠪᠠᠶᠢᠭᠤᠯᠤᠯᠲᠠ᠂ ᠨᠢᠭᠡᠴᠡ ᠪᠤᠶᠤ ᠬᠤᠪᠢ ᠬᠦᠮᠦᠨ ᠢᠳᠡᠭᠡᠨ ᠤ ᠠᠮᠤᠷ ᠲᠦᠪᠰᠢᠨ ᠤ ᠠᠳᠡᠯ ᠢ ᠨᠢᠭᠤᠬᠤ᠂ | ᠬᠤᠳᠠᠯ ᠢᠶᠠᠷ ᠮᠡᠳᠡᠭᠦᠯᠬᠦ᠂ ᠤᠷᠦ᠋ᠢᠳᠠᠭᠤᠯᠵᠤ ᠮᠡᠳᠡᠭᠦᠯᠵᠤ ᠪᠤᠯᠬᠤ ᠦᠭᠡᠢ᠂ ᠪᠢᠴᠢᠭ ᠪᠠᠷᠢᠮᠲᠠ᠂ ᠪᠤᠲᠠᠲᠤ ᠡᠳ᠋ ᠵᠡᠷᠭᠡ | ᠬᠠᠮᠢᠶ᠎ᠠ ᠪᠦᠬᠦᠢ ᠬᠡᠷᠡᠴᠢ ᠪᠠᠷᠢᠮᠲᠠ ᠶᠢ ᠰᠦᠢᠳᠭᠡᠵᠤ ᠪᠤᠯᠬᠤ ᠦᠭᠡᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ︽ᠢᠳᠡᠭᠡᠨ ᠤ ᠵᠢᠵᠢᠭ ᠦᠢᠯᠡᠳᠭᠡᠯ ᠤᠨ | ᠲᠠᠩᠰᠠᠯᠠᠭᠤᠯᠣᠭᠰᠠᠨ ᠦᠨᠡᠮᠯᠡᠯ︾ ᠤᠯᠤᠭᠰᠠᠨ ᠦᠭᠡᠢ ᠪᠠᠷ ᠢᠳᠡᠭᠡᠨ ᠡᠳ᠋ᠰᠢᠭᠦᠯᠪᠡᠯ ᠢᠳᠡᠭᠡᠨ ᠪᠠ ᠡᠮ ᠤᠨ ᠵᠦᠢᠯᠡᠰ ᠢ | ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠠᠴᠠ ᠵᠦᠷᠢᠴᠡᠨ ᠣᠯᠣᠭᠰᠡᠨ ᠤᠯᠵᠠᠪᠤᠷᠢ᠂ ᠬᠠᠤᠯᠢ ᠠᠴᠠ ᠵᠦᠷᠢᠴᠡᠨ | ᠡᠳ᠋ᠰᠢᠭᠦᠯᠦᠭᠰᠡᠨ ᠢᠳᠡᠭᠡᠨ ᠪᠠ ᠬᠠᠤᠯᠢ ᠶᠢ ᠵᠦᠷᠢᠴᠡᠨ ᠡᠳ᠋ᠰᠢᠭᠦᠯᠬᠦ ᠳᠤ ᠬᠡᠷᠡᠭᠯᠡᠭᠰᠡᠨ ᠪᠠᠭᠠᠵᠢ᠂ ᠪᠡᠯᠡᠳᠭᠡᠯ | ᠲᠦᠬᠦᠭᠡᠷᠦᠮᠵᠢ᠂ ᠲᠦᠭᠦᠭᠡᠢ ᠡᠳ᠋ ᠵᠡᠷᠭᠡ ᠪᠤᠳᠠᠰ ᠢ ᠬᠤᠷᠢᠶᠠᠨ ᠠᠪᠬᠤ ᠶᠢᠨ ᠬᠠᠮᠲᠤ 1 ᠲᠦᠮᠡᠨ ᠲᠦᠭᠦᠷᠢᠭ ᠠᠴᠠ | ᠲᠡᠭᠡᠭᠰᠢ 5 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠭᠤᠴᠢᠨ ᠭᠤᠷᠪᠠᠳᠤᠭᠠᠷ ᠵᠦᠢᠯ ᠢᠳᠡᠭᠡᠨ ᠤ ᠵᠢᠵᠢᠭ ᠦᠢᠯᠡᠳᠭᠡᠯ ᠲᠤᠰ ᠲᠦᠷᠢᠮ ᠤᠨ ᠠᠷᠪᠠᠨ | ᠵᠢᠷᠭᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠨ ᠢᠳᠡᠭᠡᠨ ᠡᠳ᠋ᠰᠢᠭᠦᠯᠪᠡᠯ᠂ ᠢᠳᠡᠭᠡᠨ ᠪᠠ ᠡᠮ ᠤᠨ ᠵᠦᠢᠯᠡᠰ ᠢ | ᠬᠢᠨᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ | ᠬᠡᠲᠦᠷᠡᠭᠡᠳ ᠵᠠᠯᠠᠷᠠᠭᠤᠯᠬᠤ ᠦᠭᠡᠢ ᠪᠤᠯ᠂ 2000 ᠲᠦᠭᠦᠷᠢᠭ ᠠᠴᠠ ᠲᠡᠭᠡᠭᠰᠢ 1 ᠲᠦᠮᠡᠨ ᠲᠦᠭᠦᠷᠢᠭ ᠠᠴᠠ | ᠲᠤᠷᠤᠭᠰᠢ ᠵᠤᠭᠤᠰ ᠢᠶᠠᠷ ᠲᠤᠷᠭᠠᠨ᠎ᠡ᠃ | ᠭᠤᠴᠢᠨ ᠲᠦᠷᠪᠡᠳᠦᠭᠡᠷ ᠵᠦᠢᠯ ᠢᠳᠡᠭᠡᠨ ᠤ ᠵᠢᠵᠢᠭ ᠦᠢᠯᠡᠳᠭᠡᠯ ᠲᠤᠰ ᠲᠦᠷᠢᠮ ᠤᠨ ᠠᠷᠪᠠᠨ | ᠲᠤᠯᠤᠳᠤᠭᠠᠷ ᠵᠦᠢᠯ ᠤᠨ ᠲᠤᠭᠲᠠᠭᠠᠯ ᠠᠴᠠ ᠵᠦᠷᠢᠴᠡᠨ ᠢᠳᠡᠭᠡᠨ ᠡᠳ᠋ᠰᠢᠭᠦᠯᠪᠡᠯ᠂ ᠢᠳᠡᠭᠡᠨ ᠪᠠ ᠡᠮ ᠤᠨ ᠵᠦᠢᠯᠡᠰ ᠢ | ᠬᠢᠨᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠠᠴᠠ ᠵᠦᠷᠢᠴᠡᠨ ᠣᠯᠣᠭᠰᠡᠨ ᠤᠯᠵᠠᠪᠤᠷᠢ᠂ ᠬᠠᠤᠯᠢ ᠠᠴᠠ ᠵᠦᠷᠢᠴᠡᠨ | ᠡᠵᠡᠩᠨᠡᠭᠰᠡᠨ ᠢᠳᠡᠭᠡᠨ ᠵᠢᠴᠢ ᠦᠢᠯᠡᠳᠪᠦᠷᠢᠯᠡᠯ ᠳᠤ ᠬᠡᠷᠡᠭᠯᠡᠭᠰᠡᠨ ᠲᠦᠭᠦᠭᠡᠢ ᠡᠳ᠋ ᠢ ᠨᠢ ᠬᠤᠷᠢᠶᠠᠨ ᠠᠪᠬᠤ ᠶᠢᠨ | ᠬᠠᠮᠲᠤ 1 ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ | ᠦᠢᠯᠡ ᠪᠠᠶᠢᠳᠠᠯ ᠨᠢ ᠬᠦᠨᠲᠦ ᠨᠤᠴᠢᠲᠠᠢ ᠪᠤᠯ᠂ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ | ᠦᠨᠡᠮᠯᠡᠯ︾ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠡ᠃ | ᠭᠤᠴᠢᠨ ᠲᠠᠪᠤᠳᠤᠭᠠᠷ ᠵᠦᠢᠯ ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠠᠷᠪᠠᠨ ᠨᠠᠢᠮᠠᠳᠤᠭᠠᠷ | ᠵᠦᠢᠯ ᠤᠨ ᠬᠤᠶᠠᠳᠤᠭᠠᠷ ᠪᠠᠳᠠᠭ ᠤᠨ ᠲᠤᠭᠲᠠᠭᠠᠯ ᠠᠴᠠ ᠵᠦᠷᠢᠴᠡᠪᠡᠯ᠂ ᠬᠤᠲᠠ ᠶᠢᠨ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠬᠠᠤᠯᠢ ᠶᠤᠰᠤᠭᠠᠷ ᠪᠠᠶᠢᠴᠠᠭᠠᠨ ᠰᠢᠳᠭᠡᠨ᠎ᠡ᠃ | ᠭᠤᠴᠢᠨ ᠵᠢᠷᠭᠤᠳᠤᠭᠠᠷ ᠵᠦᠢᠯ ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠠᠷᠪᠠ ᠶᠢᠰᠦᠳᠦᠭᠡᠷ | ᠵᠦᠢᠯ ᠤᠨ ᠲᠤᠭᠲᠠᠭᠠᠯ ᠠᠴᠠ ᠵᠦᠷᠢᠴᠡᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ | ᠂ 300 ᠲᠦᠭᠦᠷᠢᠭ ᠠᠴᠠ ᠲᠡᠭᠡᠭᠰᠢ 500 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠭᠤᠴᠢᠨ ᠲᠤᠯᠤᠳᠤᠭᠠᠷ ᠵᠦᠢᠯ ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠬᠤᠷᠢᠳᠤᠭᠠᠷ ᠵᠦᠢᠯ ᠤᠨ | ᠲᠤᠭᠲᠠᠭᠠᠯ ᠠᠴᠠ ᠵᠦᠷᠢᠴᠡᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠤᠯ | 500 ᠲᠦᠭᠦᠷᠢᠭ ᠠᠴᠠ ᠲᠡᠭᠡᠭᠰᠢ 1000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠭᠤᠴᠢᠨ ᠨᠠᠢᠮᠠᠳᠤᠭᠠᠷ ᠵᠦᠢᠯ ᠢᠳᠡᠭᠡᠨ ᠤ ᠲᠡᠯᠭᠡᠭᠦᠷᠴᠢᠨ ᠲᠤᠰ ᠲᠦᠷᠢᠮ ᠤᠨ ᠬᠤᠷᠢᠨ ᠨᠢᠭᠡᠳᠦᠭᠡᠷ | ᠵᠦᠢᠯ ᠤᠨ ᠲᠤᠭᠲᠠᠭᠠᠯ ᠠᠴᠠ ᠵᠦᠷᠢᠴᠡᠪᠡᠯ᠂ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ | ᠡᠵᠡᠩᠨᠡᠯᠲᠠ ᠶᠢᠨ ᠠᠵᠢᠯᠯᠠᠭ᠎ᠠ ᠶᠢ ᠨᠢ ᠵᠤᠭᠰᠤᠭᠠᠬᠤ ᠪᠠᠷ ᠵᠠᠷᠯᠢᠬᠳᠠᠨ᠎ᠠ︔ ᠦᠢᠯᠡ ᠪᠠᠶᠢᠳᠠᠯ ᠨᠢ ᠬᠦᠨᠲᠦ ᠨᠤᠴᠢᠲᠠᠢ | ᠪᠤᠯ᠂ ᠬᠠᠤᠯᠢ ᠠᠴᠠ ᠵᠦᠷᠢᠴᠡᠨ ᠤᠯᠤᠭᠰᠠᠨ ᠤᠯᠵᠠᠪᠣᠷᠢ᠂ ᠬᠠᠤᠯᠢ ᠠᠴᠠ ᠵᠦᠷᠢᠴᠡᠨ ᠡᠵᠡᠩᠨᠡᠭᠰᠡᠨ ᠢᠳᠡᠭᠡᠨ ᠪᠠ | ᠡᠵᠡᠩᠨᠡᠯᠲᠠ ᠳᠤ ᠬᠡᠷᠡᠭᠯᠡᠭᠰᠡᠨ ᠪᠠᠭᠠᠵᠢ᠂ ᠪᠡᠯᠡᠳᠭᠡᠯ ᠲᠦᠬᠦᠭᠡᠷᠦᠮᠵᠢ᠂ ᠲᠦᠭᠦᠭᠡᠢ ᠡᠳ᠋ ᠵᠡᠷᠭᠡ ᠪᠤᠳᠠᠰ ᠢ ᠬᠤᠷᠢᠶᠠᠨ | ᠠᠪᠬᠤ ᠶᠢᠨ ᠬᠠᠮᠲᠤ 1000 ᠲᠦᠭᠦᠷᠢᠭ ᠠᠴᠠ ᠲᠡᠭᠡᠭᠰᠢ 3000 ᠲᠦᠭᠦᠷᠢᠭ ᠠᠴᠠ ᠲᠤᠷᠤᠭᠰᠢ ᠵᠤᠭᠤᠰ ᠢᠶᠠᠷ | ᠲᠤᠷᠭᠠᠨ᠎ᠡ᠃ | ᠭᠤᠴᠢ ᠶᠢᠰᠦᠳᠦᠭᠡᠷ ᠵᠦᠢᠯ ︽ᠢᠳᠡᠭᠡᠨ ᠤ ᠵᠢᠵᠢᠭ ᠦᠢᠯᠡᠳᠭᠡᠯ ᠤᠨ ᠲᠠᠩᠰᠠᠯᠠᠭᠤᠯᠣᠭᠰᠠᠨ ᠦᠨᠡᠮᠯᠡᠯ︾ | ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠭᠰᠠᠨ ᠢᠳᠡᠭᠡᠨ ᠤ ᠵᠢᠵᠢᠭ ᠦᠢᠯᠡᠳᠭᠡᠯ ᠤᠨ ᠡᠵᠡᠩᠨᠡᠭᠴᠢ ᠬᠤᠶᠠᠷ | ᠵᠢᠯ ᠤᠨ ᠲᠤᠲᠤᠷ᠎ᠠ ᠢᠳᠡᠭᠡᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠡᠷᠬᠢᠯᠡᠵᠦ ᠪᠤᠯᠬᠤ ᠦᠭᠡᠢ︔ | ᠢᠳᠡᠭᠡᠨ ᠤ ᠠᠮᠤᠷ ᠲᠦᠪᠰᠢᠨ ᠤ ᠶᠠᠯ᠎ᠠ ᠳᠤ ᠬᠦᠷᠴᠤ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ | ᠨᠡᠬᠡᠮᠵᠢᠯᠡᠭᠳᠡᠭᠰᠡᠨ ᠡᠵᠡᠩᠨᠡᠭᠴᠢ ᠢᠳᠡᠭᠡᠨ ᠤ ᠦᠢᠯᠡᠳᠪᠦᠷᠢᠯᠡᠯ ᠡᠵᠡᠩᠨᠡᠯᠲᠠ ᠶᠢᠨ ᠠᠵᠢᠯᠯᠠᠭ᠎ᠠ ᠶᠢ ᠡᠭᠦᠷᠢᠲᠠ ᠬᠢᠵᠤ | ᠪᠤᠯᠬᠤ ᠦᠭᠡᠢ᠃ | ᠲᠦᠴᠢᠳᠦᠭᠡᠷ ᠵᠦᠢᠯ ᠬᠤᠰᠢᠭᠤ ᠰᠢᠶᠡᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠳᠠᠬᠢ | ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠬᠤ ᠲᠤᠰᠢᠶᠡᠯ ᠬᠠᠷᠢᠭᠤᠴᠠᠯᠭ᠎ᠠ ᠪᠠᠨ ᠬᠠᠤᠯᠢ ᠶᠤᠰᠤᠭᠠᠷ | ᠭᠦᠢᠴᠡᠳᠭᠡᠭᠰᠡᠨ ᠦᠭᠡᠢ ᠠᠴᠠ ᠪᠤᠯᠵᠤ᠂ ᠲᠤᠰ ᠵᠠᠰᠠᠭ ᠵᠠᠬᠢᠷᠭᠠᠨ ᠤ ᠤᠷᠤᠨ ᠳᠤ ᠢᠳᠡᠭᠡᠨ ᠤ ᠠᠮᠤᠷ ᠲᠦᠪᠰᠢᠨ ᠤ | ᠠᠳᠡᠯ ᠡᠭᠦᠰᠭᠡᠵᠤ᠂ ᠡᠷᠡᠭᠦᠯ ᠪᠤᠰᠤ ᠨᠡᠶᠢᠭᠡᠮ ᠳᠤ ᠨᠦᠯᠦᠭᠡ ᠭᠠᠷᠭᠠᠭᠰᠠᠨ ᠪᠤᠯ ᠰᠢᠭᠤᠳ ᠬᠠᠷᠢᠭᠤᠴᠠᠵᠤ ᠪᠠᠶᠢᠭ᠎ᠠ | ᠭᠤᠤᠯ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭᠠᠲᠡᠨ ᠳᠤ ᠬᠠᠤᠯᠢ ᠶᠤᠰᠤᠭᠠᠷ ᠶᠡᠭᠡ ᠣᠰᠣᠯ | ᠲᠡᠮᠳᠡᠭᠯᠡᠬᠦ᠂ ᠲᠡᠰ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠪᠤᠶᠤ ᠠᠵᠢᠯ ᠠᠴᠠ ᠨᠢ ᠬᠦᠭᠡᠭᠡᠬᠦ | ᠰᠢᠳᠭᠡᠯ ᠦᠭᠭᠦᠨ᠎ᠡ᠃ | ᠲᠦᠴᠢᠨ ᠨᠢᠭᠡᠳᠦᠭᠡᠷ ᠵᠦᠢᠯ ᠢᠳᠡᠭᠡᠨ ᠤ ᠵᠢᠵᠢᠭ ᠦᠢᠯᠡᠳᠭᠡᠯ ᠪᠠ ᠢᠳᠡᠭᠡᠨ ᠤ ᠲᠡᠯᠭᠡᠭᠦᠷᠴᠢᠨ ᠢ ᠬᠢᠨᠠᠨ | ᠬᠠᠮᠢᠶᠠᠷᠬᠤ ᠰᠠᠯᠠᠭ᠎ᠠ ᠮᠦᠴᠢᠷ ᠵᠢᠴᠢ ᠠᠵᠢᠯᠲᠡᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠡᠯ᠂ ᠲᠡᠭᠦᠨ ᠤ ᠲᠡᠭᠡᠲᠤ | ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ | ᠵᠠᠯᠠᠷᠠᠭᠤᠯᠬᠤ ᠪᠠᠷ ᠵᠠᠷᠯᠢᠬᠳᠡᠨᠡ︔ ᠦᠢᠯᠡ ᠪᠠᠶᠢᠳᠠᠯ ᠨᠢ ᠬᠦᠨᠲᠦ ᠨᠤᠴᠢᠲᠠᠢ ᠪᠤᠯ ᠰᠢᠭᠤᠳ ᠬᠠᠷᠢᠭᠤᠴᠠᠵᠤ ᠪᠠᠶᠢᠭ᠎ᠠ | ᠭᠤᠤᠯ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭᠠᠲᠡᠨ ᠳᠤ ᠵᠠᠰᠠᠭ ᠵᠠᠬᠢᠷᠭᠠᠨ ᠤ ᠰᠢᠳᠭᠡᠯ ᠦᠭᠭᠦᠨ᠎ᠡ | ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠢᠳᠡᠭᠡᠨ ᠤ ᠵᠢᠵᠢᠭ ᠦᠢᠯᠡᠳᠭᠡᠯ ᠢ ᠲᠠᠩᠰᠠᠯᠠᠬᠤ᠂ ᠬᠢᠨᠠᠨ ᠪᠠᠶᠢᠴᠠᠭᠠᠬᠤ ᠦᠶᠡᠰ ᠪᠤᠰᠤᠳ | ᠬᠦᠮᠦᠨ ᠤ ᠡᠳ᠋ ᠪᠤᠳᠠᠰ ᠢ ᠠᠪᠤᠭᠰᠠᠨ ᠪᠤᠶᠤ ᠪᠤᠰᠤᠳ ᠬᠠᠤᠯᠢ ᠪᠤᠰᠤ ᠤᠯᠵᠠᠪᠤᠷᠢ ᠤᠯᠤᠭᠰᠠᠨ︔ | ︵ᠬᠤᠶᠠᠷ︶ ᠢᠳᠡᠭᠡᠨ ᠤ ᠠᠮᠤᠷ ᠲᠦᠪᠰᠢᠨ ᠤ ᠠᠳᠡᠯ ᠢ ᠨᠢᠭᠤᠨ ᠲᠠᠯᠳᠠᠯᠠᠭᠰᠠᠨ᠂ ᠬᠤᠳᠠᠯ ᠢᠶᠠᠷ | ᠮᠡᠳᠡᠭᠦᠯᠦᠭᠰᠡᠨ᠂ ᠤᠷᠦ᠋ᠢᠲᠠᠭᠤᠯᠵᠤ ᠮᠡᠳᠡᠭᠦᠯᠦᠭᠰᠡᠨ︔ | ︵ᠭᠤᠷᠪᠠ︶ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠵᠤ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ᠃ | ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠦᠴᠢᠨ ᠬᠤᠶᠠᠳᠤᠭᠠᠷ ᠵᠦᠢᠯ ᠲᠤᠰ ᠲᠦᠷᠢᠮ ᠢ 2015 ᠤᠨ ᠤ 10 ᠳ᠋ᠤᠭᠠᠷ ᠰᠠᠷ᠎ᠠ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |