| ᠰᠤᠷᠪᠤᠯᠵᠢᠯᠠᠭᠰᠠᠨ ᠴᠠᠭ᠄ | 2017 ᠣᠨ ᠤ 7 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨᠠᠬᠢ 3 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠡᠰᠢᠭᠦᠨ᠂ ᠳᠡᠳ᠋ ᠡᠷᠬᠢᠯᠡᠭᠴᠢ ᠴᠢᠶᠣᠤ ᠰᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠬᠦ ᠶᠢᠨ ᠲᠤᠰᠠᠳᠠ᠂ ᠣᠷᠴᠢᠮᠬᠠᠨ᠂ ᠥᠪᠥᠷ ᠮᠣᠩᠭᠤᠯ ᠲᠦᠮᠡᠨ ᠨᠡᠷᠡᠰ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠠᠵᠢᠯ ᠢ ᠡᠬᠢᠯᠡᠭᠦᠯᠪᠡ ᠃ | ᠪᠦᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ | ᠪᠠᠶᠢᠭᠤᠯᠤᠮᠵᠢ ᠶᠢᠨ ᠨᠠᠷᠢᠨ ᠬᠢᠨᠠᠮᠠᠭᠠᠶ ᠬᠢᠨᠠᠨ ᠪᠠᠶᠢᠴᠠᠭᠠᠯᠲᠠ ᠪᠠᠷ ᠳᠠᠮᠵᠢᠭᠤᠯᠤᠭᠠᠳ᠂ ᠲᠤᠬᠠᠶ ᠶᠢᠨ ᠭᠠᠵᠠᠷ | ᠣᠷᠣᠨ ᠠᠴᠠ ᠠᠳᠠᠭ ᠲᠠᠭᠠᠨ 100 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ | ᠬᠢᠨᠠᠯᠲᠠ ᠲᠠᠯᠪᠢᠭᠴᠢ ᠶᠢ ᠰᠣᠩᠭᠤᠨ ᠭᠠᠷᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ | ᠵᠢᠷᠤᠮ ᠤᠨ ᠬᠢᠨᠠᠯᠲᠠ ᠲᠠᠯᠪᠢᠭᠴᠢ ᠳᠤ ᠰᠠᠯᠤᠩᠬᠢᠳᠠ ᠠᠵᠢᠯᠯᠠᠬᠤ ᠪᠠ ᠲᠥᠪᠯᠡᠷᠡᠭᠦᠯᠦᠨ ᠠᠵᠢᠯᠯᠠᠬᠤ ᠶᠢ | ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠤᠮ ᠢᠶᠠᠷ ᠬᠢᠨᠠᠯᠲᠠ ᠲᠠᠯᠪᠢᠵᠦ᠂ | ᠬᠥᠯᠥᠰᠥ ᠮᠥᠩᠭᠦ ᠠᠪᠬᠤ ᠦᠭᠡᠢ ᠪᠠᠷ ᠠᠵᠢᠯᠯᠠᠬᠤ ᠪᠣᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ | ᠭᠦᠢᠴᠡᠳᠬᠡᠬᠦ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠬᠡᠪᠴᠢᠶ᠎ᠡ ᠪᠠᠨ ᠭᠦᠢᠴᠡᠳ | ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠥᠷᠭᠡᠴᠡ ᠪᠠ ᠭᠦᠨᠴᠡ ᠶᠢ | ᠥᠷᠭᠡᠳᠬᠡᠨ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ | ᠬᠦᠴᠦᠨ ᠢ ᠪᠤᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠷᠭ᠎ᠠ ᠮᠠᠶ᠋ᠢᠭ ᠢ ᠬᠤᠪᠢᠷᠠᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | | ᠰᠤᠷᠪᠤᠯᠵᠢᠯᠠᠭ᠎ᠠ ᠶᠢᠨ ᠪᠤᠳᠠᠲᠤ ᠲᠡᠮᠳᠡᠭᠯᠡᠯ | | | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ | ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠬᠡᠰᠢᠭᠦᠨ᠂ ᠳᠡᠳ᠋ ᠡᠷᠬᠢᠯᠡᠭᠴᠢ ᠴᠢᠶᠣᠣ ᠰᠢᠨ ᠪᠣᠯᠣᠨ᠎ᠠ᠃ ᠴᠢᠶᠣᠤ ᠡᠷᠬᠢᠯᠡᠭᠴᠢ | ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠴᠢᠶᠣᠤ ᠰᠢᠨ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ | ᠬᠥᠲᠥᠯᠥᠭᠴᠢ᠄ | ᠴᠢᠶᠣᠤ ᠡᠷᠬᠢᠯᠡᠭᠴᠢ᠂ ᠶᠠᠭᠤᠨ ᠤ ᠡᠮᠦᠨ᠎ᠡ ᠲᠠ ᠪᠢᠳᠡᠨ ᠳᠤ ᠶᠠᠭᠤᠨ ᠳᠤ ᠲᠦᠮᠡᠨ ᠨᠡᠷᠡᠰ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ | ᠡᠬᠢᠯᠡᠭᠦᠯᠦᠭᠰᠡᠨ ᠢ ᠲᠠᠨᠢᠯᠴᠠᠭᠤᠯᠵᠤ ᠥᠭᠭᠦᠨ᠎ᠡ ᠦᠦ︖ | ᠴᠢᠶᠣᠤ ᠰᠢᠨ᠄ | ᠶᠡᠷᠦᠩᠬᠡᠢ ᠳᠡᠭᠡᠨ ᠠᠪᠴᠤ ᠬᠡᠯᠡᠪᠡᠯ᠂ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ | ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠦᠭᠰᠡᠨ ᠨᠢ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ᠂ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠧᠩ ᠰᠢᠶᠤᠤ ᠫᠢᠩ ᠤᠨ ᠣᠨᠣᠯ᠂ | ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ | ᠶᠢ ᠭᠦᠨᠵᠡᠭᠡᠶ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠷᠢ ᠲᠦᠪᠰᠢᠨ ᠢ | ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠴᠢᠩᠳᠠᠯᠠᠨ ᠵᠢᠷᠤᠮᠵᠢᠭᠤᠯᠵᠤ ᠡᠨᠡ ᠬᠦ ᠭᠤᠣᠯ ᠰᠥᠪᠭᠴᠢ ᠶᠢ ᠪᠠᠲᠤ ᠡᠵᠡᠮᠳᠡᠵᠦ᠂ ᠪᠦᠬᠦ ᠣᠷᠣᠨ ᠤ 103 ᠬᠤᠰᠢᠭᠤ | ᠰᠢᠶᠠᠨ ᠲᠣᠭᠤᠷᠢᠭ ᠨᠢ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠰ ᠠᠴᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠢᠯᠢᠨ ᠤᠷᠢᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠶᠢᠨ ᠬᠡᠪᠴᠢᠶ᠎ᠡ ᠶᠢ ᠭᠦᠢᠴᠡᠳ ᠥᠷᠭᠡᠳᠬᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠬᠠᠤᠯᠢ ᠳᠦᠷᠢᠮ ᠤᠨ ᠬᠢᠨᠠᠯᠲᠠ | ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠢᠨᠠᠯᠲᠠ ᠶᠢᠨ ᠠᠴᠢ | ᠲᠤᠰᠠ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠷᠭ᠎ᠠ ᠮᠠᠶ᠋ᠢᠭ ᠢ ᠬᠤᠪᠢᠷᠠᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠠᠬᠢᠴᠠ ᠶᠢ ᠲᠦᠷᠭᠡᠳᠬᠡᠨ | ᠠᠬᠢᠭᠤᠯᠬᠤ ᠶᠢᠨ ᠲᠤᠰᠠᠳᠠ ᠶᠤᠮ᠃ | ᠪᠣᠳᠠᠲᠠᠶ ᠪᠠᠷ ᠬᠡᠯᠡᠪᠡᠯ᠂ ᠭᠤᠷᠪᠠᠨ ᠲᠠᠯ᠎ᠠ ᠶᠢᠨ ᠰᠢᠯᠲᠠᠭᠠᠨ ᠪᠤᠢ᠄ | ᠬᠠᠮᠤᠭ ᠤᠨ ᠲᠡᠷᠢᠭᠦᠨ ᠳᠤ᠂ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ | ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠣᠷᠣᠨ ᠨᠤᠲᠤᠭ ᠤᠨ ᠴᠢᠨᠠᠷᠲᠠᠶ | ᠬᠠᠤᠯᠢ ᠲᠣᠭᠲᠠᠭᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠢ ᠦᠨᠳᠦᠰᠦᠯᠡᠪᠡ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠨᠠᠯᠲᠠ ᠲᠠᠯᠪᠢᠬᠤ ᠳᠦᠷᠢᠮ︾ ᠤᠨ ᠠᠷᠪᠠᠨ ᠳᠥᠷᠪᠡᠳᠦᠭᠡᠷ | ᠵᠦᠢᠯ ᠤᠨ ᠬᠤᠶᠠᠳᠤᠭᠠᠷ ᠵᠤᠷᠪᠤᠰ ᠲᠠᠬᠢ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢ | ᠤᠷᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ | ᠪᠣᠯᠣᠨ᠎ᠠ ᠭᠡᠰᠡᠨ ᠲᠣᠭᠲᠠᠭᠠᠯ ᠢ ᠦᠨᠳᠦᠰᠦᠯᠡᠪᠡ᠃ | ᠬᠤᠶᠠᠷ ᠲᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠪᠦᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ | 2017 ᠣᠨ ᠤ 2 ᠳ᠋ᠤᠭᠠᠷ ᠰᠠᠷ᠎ᠠ ᠶᠢᠨ19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠪᠥᠬᠦ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠣᠷᠣᠯᠴᠠᠭᠰᠠᠨ ᠤ ᠬᠠᠮᠲᠤ | ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ | ᠳᠠᠷᠤᠭ᠎ᠠ᠂ ᠬᠠᠤᠯᠢ ᠲᠦᠷᠢᠮ ᠤᠨ ᠠᠵᠢᠯ ᠤᠨ ᠠᠯᠪᠠᠨ ᠬᠡᠷ ᠤᠨ ᠡᠷᠬᠢᠯᠡᠭᠴᠢ ᠬᠤᠤ ᠽᠧ ᠵᠢᠶᠦ᠋ᠨ ᠲᠤᠰᠬᠠᠶ | ᠠᠵᠢᠯ ᠤᠨ ᠮᠡᠳᠡᠭᠦᠯᠦᠯᠲᠡ ᠬᠢᠭᠰᠡᠨ ᠤ ᠬᠠᠮᠲᠤ᠂ 2017 ᠣᠨ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠬᠢᠨᠠᠯᠲᠠ ᠶᠢᠨ | ᠲᠣᠣᠷ ᠰᠦᠯᠵᠢᠶ᠎ᠡ ᠶᠢ ᠰᠦᠯᠵᠢᠵᠦ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠭᠤᠷᠪᠠ ᠳᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢ ᠰᠣᠩᠭᠤᠨ ᠤᠷᠢᠬᠤ ᠠᠵᠢᠯ ᠢ ᠡᠬᠢᠯᠡᠭᠦᠯᠬᠦ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠶᠢ ᠴᠢᠩᠭᠠᠳᠬᠠᠬᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠳᠡᠭᠡᠭᠰᠢᠯᠡᠭᠦᠯᠬᠦ ᠶᠢᠨ ᠪᠣᠳᠠᠲᠤ ᠬᠡᠷᠡᠭᠴᠡᠭᠡ ᠪᠣᠯᠣᠨ᠎ᠠ᠃ ᠨᠢᠳᠤᠨᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠬᠡᠷ ᠰᠢᠨ᠎ᠡ ᠨᠢᠭᠡᠨ ᠡᠭᠡᠯᠵᠢ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠢᠯᠭᠠᠷᠠᠭᠤᠯᠤᠨ ᠰᠣᠯᠢᠵᠤ ᠣᠯᠭᠤᠬᠤ ᠠᠵᠢᠯ ᠢ | ᠦᠷᠨᠢᠭᠦᠯᠵᠦ᠂ ᠢᠯᠭᠠᠷᠠᠭᠤᠯᠤᠨ ᠴᠡᠭᠴᠡᠯᠡᠬᠦ ᠪᠠᠷ ᠳᠠᠮᠵᠢᠭᠤᠯᠤᠨ ᠂ ᠣᠳᠣ ᠪᠣᠯᠲᠠᠯ᠎ᠠ ᠪᠦᠬᠦ ᠣᠷᠣᠨ ᠳᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ 12 ᠲᠦᠮᠡ ᠰᠢᠬᠠᠮ ᠪᠠᠶᠢᠬᠤ ᠪᠣᠯᠬᠤᠷ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠣᠩᠭᠤᠨ ᠤᠷᠢᠬᠤ ᠠᠵᠢᠯ ᠢ ᠡᠬᠢᠯᠡᠭᠦᠯᠬᠦ ᠳᠤ | ᠨᠡᠶᠢᠭᠡᠮ ᠤᠨ ᠬᠦᠴᠦᠨ ᠢ ᠥᠷᠭᠡᠨ ᠳᠡᠯᠭᠡᠷ ᠳᠠᠶᠢᠴᠢᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠬᠢᠭᠡᠳ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠡᠨᠡᠬᠦ 12 ᠲᠦᠮᠡᠨ | ᠬᠥᠮᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠤᠨᠳᠠᠭ ᠶᠡᠭᠡ ᠡᠩᠨᠡᠭᠡ ᠳᠤ ᠬᠢᠨᠠᠯᠲᠠ ᠲᠠᠯᠪᠢᠬᠤ ᠶᠢᠨ ᠬᠠᠮᠲᠤ | ᠪᠠᠰᠠ ᠮᠠᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠳᠤ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠲᠠᠯ᠎ᠠ ᠶᠢ ᠢᠯᠡᠷᠡᠭᠦᠯᠵᠦ᠂ ᠴᠠᠭ ᠲᠤᠬᠠᠶ ᠳᠤᠨᠢ ᠵᠠᠰᠠᠨ ᠰᠠᠶᠢᠵᠢᠷᠠᠭᠤᠯᠬᠤ ᠪᠠ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠳᠤ ᠳᠦᠭᠦᠮ ᠦᠵᠡᠭᠦᠯᠬᠦ ᠪᠣᠯᠣᠨ᠎ᠠ᠂ ᠡᠭᠦᠨ ᠳᠤ ᠬᠢᠨᠠᠯᠲᠠ ᠲᠠᠯᠪᠢᠬᠤ ᠶᠠᠪᠤᠴᠠ ᠳᠤ | ᠢᠯᠡᠷᠡᠭᠦᠯᠦᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠢ ᠬᠢᠬᠦ ᠳᠤ ᠲᠤᠬᠢᠷᠠᠬᠤ ᠦᠭᠡᠢ ᠬᠥᠮᠥᠨ | ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠥᠮᠥᠨ ᠤ ᠬᠢᠷᠢ ᠭᠡᠮ ᠢ ᠬᠦᠴᠦᠨ ᠦᠭᠡᠢ ᠪᠣᠯᠭᠠᠵᠤ᠂ ᠪᠠᠶᠢᠳᠠᠯ ᠢ ᠨᠢ ᠦᠵᠡᠵᠦ | ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠨᠢ ᠲᠦᠷ ᠦᠯᠡᠳᠡᠭᠡᠵᠦ ᠠᠪᠬᠤ ᠪᠤᠶᠤ ᠬᠤᠷᠢᠶᠡᠠ | ᠠᠪᠴᠤ ᠬᠦᠴᠦᠨ ᠦᠭᠡᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠭᠡᠪ ᠤᠨ ᠡᠮᠬᠢ | ᠵᠢᠷᠤᠮ ᠢ ᠬᠠᠮᠠᠭᠠᠯᠠᠵᠤ᠂ ᠠᠷᠠᠳ ᠢᠷᠭᠡᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠢᠲᠡᠭᠡᠯ ᠪᠣᠯᠣᠨ ᠳᠡᠮᠵᠢᠯᠭᠡ ᠶᠢ ᠣᠯᠵᠤ᠂ ᠵᠠᠰᠠᠭ ᠤᠨ | ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ | ᠲᠡᠭᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ | ᠡᠯᠰᠡᠬᠦ ᠨᠥᠬᠦᠴᠡᠯ ᠨᠢ ᠶᠠᠭᠤ ᠪᠤᠢ︖ | ᠴᠢᠶᠣᠤ ᠰᠢᠨ᠄ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ︽ ︿ | ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ | ᠡᠯᠰᠡᠬᠦ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠣᠬᠠᠢ ᠮᠡᠳᠡᠭᠳᠡᠯ︾ ︵ᠥᠪᠥᠷ ᠵᠠᠰᠠᠭ ᠬᠠᠣᠯᠢ | ᠲᠠᠷᠬᠠᠭᠠᠭᠰᠠᠨ ﹇2017﹈ 39 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠪᠦᠷᠢᠳᠦᠭᠦᠯᠪᠡᠰᠦ ᠵᠣᠬᠢᠬᠤ ᠨᠥᠬᠦᠴᠡᠯ ᠳᠤ᠄ | ︵ᠨᠢᠭᠡ︶ ᠦᠨᠳᠦᠰᠦᠨ ᠬᠠᠤᠯᠢ ᠶᠢ ᠬᠦᠷᠢᠶᠡᠯᠡᠨ᠂ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠨᠡᠯᠢᠶᠡᠳ | ᠥᠨᠳᠥᠷ ᠲᠥᠷᠥ ᠶᠢᠨ ᠪᠤᠳᠤᠯᠭ᠎ᠠ ᠶᠢᠨ ᠤᠨᠤᠯ ᠤᠨ ᠬᠢᠷᠢ ᠲᠥᠪᠰᠢᠨ ᠪᠣᠯᠣᠨ ᠨᠡᠯᠢᠶᠡᠳ ᠴᠢᠩᠭ᠎ᠠ ᠨᠡᠶᠢᠭᠡᠮ ᠤᠨ | ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠠᠮᠢᠶ᠎ᠠ ᠪᠦᠬᠦᠢ ᠬᠠᠤᠯᠢ ᠴᠠᠭᠠᠵᠠ ᠪᠣᠯᠣᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠰᠠᠶᠢᠨ ᠮᠡᠳᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠯᠠᠭᠤᠨ ᠢᠶᠠᠷ ᠳᠡᠮᠵᠢᠳᠡᠭ ᠪᠠᠶᠢᠬᠤ︔ | ︵ᠭᠤᠷᠪᠠ︶ ᠮᠣᠷᠠᠯ ᠰᠤᠷᠲᠠᠯ ᠨᠢ ᠲᠥᠪ ᠴᠢᠭᠡᠴᠢ᠂ ᠣᠪᠣᠷ ᠰᠤᠷᠲᠠᠯ ᠨᠢ ᠲᠥᠪ ᠭᠤᠣᠯᠴᠢ᠂ ᠵᠠᠷᠴᠢᠮ ᠢᠶᠠᠨ | ᠵᠣᠷᠢᠭᠲᠠᠶ ᠪᠠᠷ ᠪᠠᠷᠢᠮᠲᠠᠯᠠᠨ᠂ ᠨᠡᠯᠢᠶᠡᠳ ᠴᠢᠩᠭ᠎ᠠ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔ | ︵ ᠳᠥᠷᠪᠡ︶ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠢᠶᠠᠨ ᠰᠠᠶᠢᠲᠤᠷ ᠬᠢᠵᠦ ᠳᠡᠶᠢᠯᠬᠦ︔ | ︵ᠲᠠᠪᠤ︶ ᠡᠷᠡᠭᠦᠦ ᠶᠢᠨ ᠰᠢᠳᠬᠡᠯ ᠪᠤᠶᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠢ ᠵᠦᠷᠢᠴᠡᠵᠦ ᠵᠠᠰᠠᠭ ᠵᠠᠬᠢᠷᠭᠠᠨ ᠤ ᠰᠢᠳᠬᠡᠯ ᠣᠯᠣᠭᠰᠠᠨ ᠲᠡᠮᠳᠡᠭᠯᠡᠯ ᠪᠠᠶᠢᠬᠤ | ᠦᠭᠡᠢ︔ | ︵ᠵᠢᠷᠭᠤᠭ᠎ᠠ︶ ᠪᠦᠷᠢᠯᠳᠦᠭᠦᠯᠪᠡᠰᠦ ᠵᠣᠬᠢᠬᠤ ᠪᠤᠰᠤᠳ ᠨᠥᠬᠦᠴᠡᠯ ᠪᠠᠶᠢᠬᠤ ᠬᠡᠷᠡᠭᠲᠡᠶ᠃ | ᠡᠳᠡᠭᠡᠷ ᠨᠥᠬᠦᠴᠡᠯ ᠤᠳ ᠲᠤ ᠪᠡᠶᠡᠴᠢ ᠨᠥᠬᠦᠴᠡᠯ ᠪᠠᠶᠢᠬᠤ ᠮᠥᠷᠲᠡᠭᠡᠨ᠂ ᠪᠤᠰᠤᠳᠴᠢ ᠨᠥᠬᠦᠴᠡᠯ ᠪᠠᠰᠠ | ᠪᠠᠶᠢᠵᠤ᠂ ᠶᠡᠷᠦᠩᠬᠡᠶ ᠳᠤᠨᠢ ᠠᠪᠴᠤ ᠬᠡᠯᠡᠪᠡᠯ ᠲᠡᠶᠢᠮᠦ ᠬᠠᠲᠠᠭᠤ ᠴᠢᠩᠭ᠎ᠠ ᠨᠥᠬᠦᠴᠡᠯ ᠪᠢᠰᠢ᠂ ᠡᠭᠦᠨ ᠤ ᠵᠣᠷᠢᠯᠭ᠎ᠠ ᠪᠣᠯ | ᠳᠠᠷᠤᠶ ᠡᠨᠡ ᠠᠵᠢᠯ ᠢ ᠬᠢᠶ᠎ᠡ ᠭᠡᠵᠦ ᠪᠤᠳᠣᠭᠰᠠᠨ᠂ ᠤᠯᠤᠰ ᠲᠥᠷᠥ ᠶᠢ ᠡᠷᠬᠢᠮᠯᠡᠨ ᠵᠠᠷᠴᠢᠮ ᠢ ᠪᠠᠷᠢᠮᠲᠠᠯᠠᠳᠠᠭ ᠬᠥᠮᠥᠰ ᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡᠨ ᠳᠤ | ᠣᠷᠣᠭᠤᠯᠵᠤ ᠠᠪᠴᠢᠷᠠᠨ᠂ ᠨᠥᠬᠦᠴᠡᠯ ᠳᠤ ᠨᠡᠶᠢᠴᠡᠭᠰᠡᠨ ᠵᠠᠰᠠᠭ ᠵᠠᠬᠢᠷᠭᠠᠨ ᠤ ᠬᠠᠷᠢᠴᠠᠩᠭᠤᠶ ᠬᠥᠮᠥᠰ ᠨᠢ ᠴᠥᠮ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠳᠤ | ᠰᠠᠨᠠᠭᠠᠴᠢᠯᠠᠭ᠎ᠠ ᠠᠴᠠ ᠪᠠᠨ ᠰᠤᠩᠭᠤᠨ ᠤᠷᠢᠭᠳᠠᠬᠤ ᠪᠠᠷ ᠭᠤᠶᠤᠴᠢᠯᠠᠵᠤ ᠪᠣᠯᠣᠨ᠎ᠠ᠃ | ᠬᠥᠲᠥᠯᠥᠭᠴᠢ᠄ | ᠴᠢᠶᠣᠤ ᠡᠷᠬᠢᠯᠡᠭᠴᠢ ᠡ᠂ ᠲᠡᠭᠡᠪᠡᠯ ᠶᠠᠮᠠᠷ ᠶᠠᠮᠠᠷ ᠪᠣᠳᠠᠲᠠᠶ ᠰᠤᠩᠭᠤᠨ ᠤᠷᠢᠬᠤ ᠠᠷᠭ᠎ᠠ ᠮᠠᠶ᠋ᠢᠭ ᠪᠠᠶᠢᠬᠤ | ᠪᠤᠢ︖ | ᠴᠢᠶᠣᠤ ᠰᠢᠨ᠄ | ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠠᠯᠪᠠᠨ ᠬᠡᠷ ᠤᠨ ᠥᠪᠥᠷ ᠵᠠᠰᠠᠭ ᠬᠠᠣᠯᠢ | ᠲᠠᠷᠬᠠᠭᠠᠭᠰᠠᠨ ﹇2017﹈ 39 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠰᠤᠩᠭᠤᠨ ᠤᠷᠢᠬᠤ ᠠᠵᠢᠯ ᠢ ᠬᠤᠰᠢᠭᠤ ᠰᠢᠶᠠᠨ ᠤ | ᠵᠠᠰᠠᠭ ᠤᠨ ᠣᠷᠳᠣᠨ ᠤ ᠬᠠᠤᠯᠢ ᠲᠦᠷᠢᠮ ᠤᠨ ᠪᠠᠶᠢᠭᠤᠯᠤᠮᠵᠢ ᠠᠴᠠ ᠪᠣᠳᠠᠲᠠᠶ ᠬᠡᠷᠡᠭᠵᠢᠭᠦᠯᠵᠦ᠂ ᠬᠠᠷᠢᠶ᠎ᠠ ᠭᠠᠵᠠᠷ ᠤᠨ | ᠬᠢᠨ ᠬᠠᠷᠢᠭᠤᠴᠠᠵᠤ᠂ ᠱᠠᠳᠤ ᠳᠠᠷᠠᠭᠠᠯᠠᠨ ᠳᠡᠭᠡᠭᠰᠢ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠠᠵᠢᠯ ᠤᠨ ᠠᠷᠭ᠎ᠠ | ᠮᠠᠶ᠋ᠢᠭ ᠢᠶᠠᠷ ᠶᠠᠪᠤᠭᠳᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢ ᠰᠤᠩᠭᠤᠨ ᠤᠷᠢᠬᠤ ᠳᠤ ᠢᠯᠡ ᠲᠣᠳᠣ᠂ ᠲᠥᠪ ᠭᠤᠣᠯᠴᠢ᠂ ᠰᠢᠯᠢᠳᠡᠭ ᠢ ᠨᠢ ᠰᠢᠯᠢᠵᠦ ᠤᠷᠢᠬᠤ | ᠵᠠᠷᠴᠢᠮ ᠢ ᠪᠠᠷᠢᠮᠲᠠᠯᠠᠨ᠂ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ 8 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ ᠳᠠᠭᠤᠰᠴᠤ᠂ ᠵᠠᠷᠯᠠᠨ ᠮᠡᠳᠡᠭᠳᠡᠬᠦ᠂ ᠮᠡᠳᠡᠭᠦᠯᠬᠦ ᠪᠠ ᠬᠢᠨᠠᠨ ᠬᠠᠷᠭᠤᠭᠤᠯᠬᠤ᠂ ᠨᠡᠶᠢᠲᠡ ᠳᠤ ᠵᠠᠷᠯᠠᠬᠤ᠂ | ᠤᠷᠢᠨ ᠲᠣᠮᠢᠯᠠᠬᠤ ᠵᠡᠷᠭᠡ ᠳᠥᠷᠪᠡᠨ ᠠᠯᠬᠤᠮ ᠢᠶᠠᠷ ᠶᠠᠪᠤᠭᠳᠠᠭᠤᠯᠤᠨ᠎ᠠ᠃ | ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠢ ᠰᠣᠨᠢᠨ ᠮᠡᠳᠡᠭᠡ᠂ | ᠲᠧᠯᠸᠢᠰ᠂ ᠷᠠᠳᠢᠣ᠋᠂ ᠰᠦᠯᠵᠢᠶ᠎ᠡ ᠵᠡᠷᠭᠡ ᠪᠠᠷ ᠳᠠᠮᠵᠢᠭᠤᠯᠤᠨ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠡᠯᠰᠡᠬᠦ ᠠᠵᠢᠯ ᠤᠨ ᠠᠯᠪᠠᠨ ᠵᠠᠷ ᠢ ᠨᠡᠶᠢᠭᠡᠮ | ᠳᠤ ᠨᠡᠶᠢᠲᠡᠯᠡᠵᠦ᠂ ᠨᠥᠬᠦᠴᠡᠯ᠂ ᠱᠠᠭᠠᠷᠳᠠᠯᠭ᠎ᠠ᠂ ᠴᠠᠭ ᠬᠤᠭᠤᠴᠠᠭ᠎ᠠ᠂ ᠬᠠᠷᠢᠯᠴᠠᠬᠤ ᠠᠷᠭ᠎ᠠ ᠮᠠᠶ᠋ᠢᠭ ᠵᠡᠷᠭᠡ ᠬᠠᠮᠢᠶ᠎ᠠ | ᠪᠦᠬᠦᠢ ᠵᠦᠢᠯᠡᠰ ᠪᠣᠯᠣᠨ ᠴᠤᠪᠤᠷᠠᠯ ᠢ ᠲᠤᠲᠤᠷᠬᠠᠶᠢᠯᠠᠨ᠎ᠠ᠃ ᠠᠯᠪᠠᠨ ᠵᠠᠷ ᠢ ᠦᠵᠡᠭᠡᠳ ᠰᠤᠩᠭᠤᠨ ᠤᠷᠢᠬᠤ | ᠠᠵᠢᠯᠯᠠᠭ᠎ᠠ ᠳᠤ ᠣᠷᠣᠯᠴᠠᠬᠤ ᠰᠠᠨᠠᠭ᠎ᠠ ᠲᠠᠢ ᠵᠠᠰᠠᠭ ᠵᠠᠬᠢᠷᠭᠠᠨ ᠤ ᠬᠠᠷᠢᠴᠠᠩᠭᠤᠶ ᠬᠥᠮᠥᠰ ᠥᠪᠡᠷ ᠢ ᠪᠠᠨ | ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠥᠪᠡᠰᠦᠪᠡᠨ ᠮᠡᠳᠡᠭᠦᠯᠵᠦ ᠪᠣᠯᠣᠨ᠎ᠠ᠂ ᠱᠠᠭᠠᠷᠳᠠᠯᠭ᠎ᠠ ᠪᠣᠯᠤᠨ ᠴᠠᠭ | ᠬᠤᠭᠤᠴᠠᠭ᠎ᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠤᠳ ᠢᠶᠠᠨ ᠮᠡᠳᠡᠭᠦᠯᠦᠨ ᠬᠦᠷᠭᠡᠨ᠎ᠡ᠂ ᠬᠤᠰᠢᠭᠤ ᠰᠢᠶᠠᠨ ᠤ | ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠰᠣᠩᠭᠤᠨ ᠤᠷᠢᠬᠤ ᠨᠥᠬᠦᠴᠡᠯ᠂ ᠱᠠᠭᠠᠷᠳᠠᠯᠭ᠎ᠠ | ᠶᠣᠰᠣᠭᠠᠷ᠂ ᠰᠤᠩᠭᠤᠨ ᠤᠷᠢᠯᠲᠠ ᠳᠤ ᠣᠷᠣᠯᠴᠠᠬᠤ ᠬᠥᠮᠥᠰ ᠢ ᠬᠢᠨᠠᠨ ᠪᠠᠶᠢᠴᠠᠭᠠᠵᠤ᠂ ᠲᠤᠬᠠᠶ ᠶᠢᠨ ᠭᠠᠵᠠᠷ ᠠᠴᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ 100 ᠨᠡᠷᠡᠰ ᠠᠴᠠ | ᠢᠯᠡᠭᠦᠦ ᠰᠤᠩᠭᠤᠵᠤ ᠭᠠᠷᠭᠠᠨ᠎ᠠ᠃ | ᠬᠦᠲᠦᠯᠦᠭᠴᠢ᠄ | ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠤᠭᠤᠳ ᠠᠵᠢᠯ ᠤᠨ ᠪᠠᠶᠢᠷᠢ ᠳᠤ ᠬᠡᠷᠬᠢᠨ ᠭᠠᠷᠳᠠᠭ ᠢ ᠶᠠᠷᠢᠭᠠᠳ | ᠦᠭᠭᠦᠨ᠎ᠡ ᠤᠤ︖ ᠲᠤᠰᠢᠶᠠᠯ ᠤᠨ ᠬᠤᠭᠤᠴᠠᠭ᠎ᠠ ᠨᠢ ᠬᠡᠳᠦᠢ ᠤᠷᠲᠤ ᠪᠠᠶᠢᠳᠠᠭ ᠪᠤᠢ︖ | ᠴᠢᠶᠤᠤ ᠰᠢᠨ᠄ | ᠡᠨᠡ ᠤᠳᠠᠭᠠᠨ ᠤ ᠲᠦᠮᠡᠨ ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢ ᠰᠤᠩᠭᠤᠨ ᠤᠷᠢᠬᠤ ᠠᠵᠢᠯ ᠨᠢ ᠭᠤᠤᠯᠳᠠᠭᠤ ᠤᠷᠢᠵᠤ ᠡᠯᠰᠡᠬᠦ ᠳᠤ ᠤᠷᠤᠯᠴᠠᠬᠤ ᠠᠵᠢᠯᠲᠠᠳ | ᠦᠪᠡᠷ ᠤᠨ ᠪᠡᠶ᠎ᠡ ᠪᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠵᠤ᠂ ᠬᠤᠰᠢᠭᠤ | ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠪᠠᠰᠠ | ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠰᠦᠯᠵᠢᠶᠡᠨ ᠦᠷᠲᠡᠭᠡ᠂ | ᠰᠤᠨᠢᠨ ᠵᠡᠷᠭᠡ ᠵᠠᠭᠤᠴᠢᠯᠠᠭᠤᠷ ᠳᠡᠭᠡᠷ᠎ᠡ ᠤᠷᠢᠵᠤ ᠡᠯᠰᠡᠬᠦ ᠪᠠᠷ ᠪᠠᠶᠢᠭ᠎ᠠ ᠠᠵᠢᠯᠲᠠᠳ ᠢ ᠨᠡᠶᠢᠭᠡᠮ ᠳᠤ 10 ᠡᠳᠦᠷ | ᠢᠯᠡ ᠪᠠᠷ ᠨᠡᠶᠢᠲᠡᠯᠡᠨ᠎ᠡ᠃ ᠬᠡᠷᠪᠡ ᠤᠷᠢᠵᠤ ᠡᠯᠰᠡᠬᠦ ᠪᠠᠷ ᠪᠠᠶᠢᠭ᠎ᠠ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ | ᠤᠨᠳᠤᠤ ᠰᠠᠨᠠᠯ ᠦᠭᠡᠢ ᠪᠤᠯ ᠦᠨᠡᠮᠯᠡᠯ ᠤᠯᠭᠤᠵᠤ᠂ ᠦᠨᠡᠮᠯᠡᠯ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠠᠵᠢᠯ ᠤᠨ ᠪᠠᠶᠢᠷᠢ ᠳᠤ ᠭᠠᠷᠴᠤ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠵᠤ ᠪᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠳᠤ ᠤᠷᠢᠨ ᠲᠤᠮᠢᠯᠠᠬᠤ ᠳᠦᠷᠢᠮ ᠢ ᠬᠡᠷᠡᠭᠵᠢᠬᠦᠯᠵᠤ᠂ ᠲᠤᠰᠢᠶᠠᠯ ᠤᠨ ᠬᠤᠭᠤᠴᠠᠭ᠎ᠠ ᠨᠢ 3 ᠵᠢᠯ | ᠪᠤᠯᠤᠨ᠎ᠠ᠃ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ ᠤᠷᠢᠬᠤ ᠴᠢᠬᠤᠯᠠᠲᠠᠢ ᠪᠤᠯ᠂ ᠱᠠᠭᠠᠷᠳᠠᠯᠭ᠎ᠠ | ᠪᠤᠯᠤᠨ ᠳᠡᠰ ᠳᠠᠷᠠᠭᠠᠯᠠᠯ ᠶᠤᠰᠤᠭᠠᠷ ᠳᠠᠬᠢᠨᠲᠠ ᠬᠦᠢᠴᠡᠳᠭᠡᠨ᠎ᠡ᠃ ᠬᠤᠭᠤᠴᠠᠭ᠎ᠠ ᠨᠢ ᠲᠤᠯᠤᠭᠠᠳ ᠦᠷᠭᠦᠯᠵᠢᠯᠡᠨ | ᠤᠷᠢᠬᠤ ᠦᠭᠡᠢ ᠪᠤᠯ ᠠᠶᠠᠨᠳᠠᠭᠠᠨ ᠠᠵᠢᠯᠯᠠᠭᠤᠯᠬᠤ ᠪᠠᠨ ᠪᠤᠯᠢᠨ᠎ᠡ᠃ | ᠬᠦᠲᠦᠯᠦᠭᠴᠢ᠄ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠭᠤᠤᠯᠳᠠᠭᠤ ᠶᠠᠮᠠᠷ | ᠠᠵᠢᠯ ᠡᠷᠬᠢᠯᠡᠳᠡᠭ ᠪᠤᠢ︖ ᠶᠠᠮᠠᠷ ᠬᠦ ᠦᠢᠯᠡᠳᠦᠯ ᠲᠠᠢ ᠪᠠᠶᠢᠳᠠᠭ ᠪᠤᠢ︖ | ᠴᠢᠶᠤᠤ ᠰᠢᠨ᠄ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠤᠭᠤᠳ ︽ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠲᠠᠢ ᠪᠠᠶᠢᠵᠤ᠂ | ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢ ᠬᠠᠮᠵᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯ ᠢ ᠦᠷᠨᠢᠬᠦᠯᠳᠡᠭ᠃ | ︵ᠨᠢᠭᠡ︶ ᠬᠢᠨᠠᠯᠲᠠ ᠲᠠᠯᠪᠢᠬᠤ ᠤᠷᠤᠨ ᠪᠦᠰᠡ ᠶᠢᠨ ᠬᠦᠷᠢᠶ᠎ᠡ ᠬᠡᠪᠴᠢᠶ᠎ᠡ ᠶᠤᠰᠤᠭᠠᠷ᠂ ᠦᠨᠡᠮᠯᠡᠯ | ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠳᠤᠮᠳᠠ ᠤᠷᠤᠰᠢᠵᠤ ᠪᠠᠶᠢᠭ᠎ᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠲᠤᠰᠬᠠᠨ᠎ᠠ︔ | ︵ᠬᠤᠶᠠᠷ︶ ᠦᠨᠡᠮᠯᠡᠯ ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ ᠴᠢᠩᠭᠠᠳᠭᠠᠬᠤ ᠪᠠ ᠰᠠᠶᠢᠵᠢᠷᠠᠭᠤᠯᠬᠤ ᠰᠠᠨᠠᠯ ᠪᠤᠯᠤᠨ | ᠰᠠᠨᠠᠭᠤᠯᠭ᠎ᠠ ᠳᠤᠷᠠᠳᠤᠨ᠎ᠠ︔ | ︵ᠭᠤᠷᠪᠠ︶ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ | ᠠᠵᠢᠯᠯᠠᠭ᠎ᠠ ᠳᠤ ᠤᠷᠤᠯᠴᠠᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠳᠤ ᠬᠠᠤᠯᠢ ᠠᠴᠠ ᠵᠦᠷᠢᠴᠡᠭᠰᠡᠨ ᠬᠡᠷᠡᠭ ᠤᠨ ᠰᠢᠵᠢᠮ ᠢ ᠬᠠᠨᠭ᠍ᠭᠠᠬᠤ ᠪᠠ ᠬᠠᠤᠯᠢ ᠬᠡᠷᠡᠭᠵᠢᠬᠦᠯᠬᠦ | ᠠᠵᠢᠯ ᠢ ᠴᠢᠩᠭᠠᠳᠬᠠᠵᠤ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠡᠷᠭᠡ ᠪᠠᠨ ᠬᠡᠷᠡᠭᠵᠢᠬᠦᠯᠬᠦ ᠪᠠᠷ ᠳᠠᠮᠵᠢᠭᠤᠯᠤᠨ᠂ | ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠠᠵᠢᠯ ᠤᠨ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠤᠯᠵᠤ ᠮᠡᠳᠡᠬᠦ ᠶᠢᠨ | ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠬᠠᠤᠯᠢ ᠳᠦᠷᠢᠮ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ | ᠲᠠᠯᠪᠢᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ | ᠵᠢᠷᠤᠮᠵᠢᠭᠤᠯᠵᠤ᠂ ᠬᠠᠤᠯᠢ ᠬᠡᠷᠡᠭᠵᠢᠬᠦᠯᠬᠦ ᠳᠡᠰ ᠳᠠᠷᠠᠭᠠᠯᠠᠯ ᠢ ᠴᠢᠩᠳᠠᠯᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠬᠠᠷᠠᠯᠲᠠ ᠪᠤᠯᠤᠨ ᠱᠠᠭᠠᠷᠳᠠᠯᠭ᠎ᠠ ᠶᠢ ᠪᠡᠶᠡᠯᠡᠬᠦᠯᠦᠨ᠎ᠡ᠃ ᠡᠬᠦᠨ ᠤ ᠬᠠᠮᠲᠤ᠂ ᠵᠠᠰᠠᠭ ᠤᠨ ᠤᠷᠳᠤᠨ ᠤ | ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠴᠠᠭᠠᠯᠲᠠ᠂ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠬᠡᠷᠡᠭ ᠤᠨ ᠳᠠᠩᠰᠠ ᠡᠪᠬᠡᠮᠡᠯ ᠤᠨ ᠦᠨᠡᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠶᠢ | ᠡᠷᠬᠢᠯᠡᠬᠦ ᠳᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠵᠤ ᠤᠷᠤᠯᠴᠠᠭᠤᠯᠵᠤ ᠪᠤᠯᠤᠨ᠎ᠠ᠂ ᠡᠨᠡ ᠨᠢ | ᠤᠬᠠᠭᠤᠯᠬᠤ ᠪᠠ ᠬᠢᠨᠠᠯᠲᠠ ᠲᠠᠯᠪᠢᠬᠤ ᠦᠢᠯᠡᠳᠦᠯ ᠢ ᠭᠠᠷᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠤᠯ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠳᠤᠮᠳᠠ ᠠᠴᠠ | ᠢᠷᠡᠭᠰᠡᠨ ᠪᠤᠯᠬᠤᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠳᠤ | ᠤᠷᠤᠯᠴᠠᠬᠤ ᠨᠢ ᠪᠠᠰᠠ ᠵᠠᠰᠠᠭ ᠤᠨ ᠤᠷᠳᠤᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠳᠠᠬᠢ ᠨᠢᠭᠡ | ᠵᠦᠢᠯ ᠤᠨ ᠤᠬᠠᠭᠤᠯᠭ᠎ᠠ ᠪᠤᠯᠤᠨ ᠬᠦᠯᠢᠶᠡᠯᠲᠡ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ | ᠵᠢᠷᠤᠮ ᠤᠨ ᠬᠢᠨᠠᠯᠲᠠ ᠲᠠᠯᠪᠢᠭᠴᠢ ᠳᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠬᠢᠨᠠᠯᠲᠠ ᠲᠠᠯᠪᠢᠬᠤ ᠠᠵᠢᠯ ᠢ | ᠤᠶᠢᠯᠠᠭᠠᠭᠤᠯᠵᠤ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠴᠤ ᠵᠠᠰᠠᠭ ᠵᠠᠬᠢᠷᠭᠠᠨ ᠤ | ᠬᠠᠷᠢᠴᠠᠩᠭᠤᠢ ᠬᠦᠮᠦᠨ ᠤ ᠠᠵᠢᠯ ᠤᠨ ᠲᠤᠬᠠᠢ ᠰᠠᠨᠠᠭᠤᠯᠭ᠎ᠠ ᠶᠢ ᠰᠤᠨᠤᠰᠴᠤ᠂ ᠠᠵᠢᠯ ᠤᠨ ᠲᠠᠯ᠎ᠠ ᠪᠠᠷ ᠬᠢ | ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠨᠦᠬᠦᠪᠦᠷᠢᠯᠡᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠪᠤᠯᠤᠨ᠎ᠠ᠃ | ᠬᠦᠲᠦᠯᠦᠭᠴᠢ᠄ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠬᠦᠯᠦᠰᠦ ᠤᠯᠭᠤᠮᠵᠢ | ᠲᠠᠢ ᠤᠤ︖ ᠬᠢᠨᠠᠯᠲᠠ ᠲᠠᠯᠪᠢᠭᠴᠢ ᠨᠢᠭᠡᠪᠦᠷᠢ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠬᠦ ᠶᠢ | ᠪᠠᠲᠤᠯᠠᠵᠤ ᠴᠢᠳᠠᠨ᠎ᠠ ᠤᠤ︖ | ᠴᠢᠶᠤᠤ ᠰᠢᠨ᠄ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠰᠠᠯᠤᠩᠬᠢᠳᠠ | ᠠᠵᠢᠯᠯᠠᠬᠤ ᠪᠠ ᠲᠦᠪᠯᠡᠷᠡᠬᠦᠯᠦᠨ ᠠᠵᠢᠯᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ | ᠰᠢᠨᠵᠢ ᠴᠢᠨᠠᠷ ᠨᠢ ᠠᠯᠪᠠᠨ ᠵᠢᠷᠤᠮ ᠤᠨ ᠬᠢᠨᠠᠯᠲᠠ ᠲᠠᠯᠪᠢᠯᠲᠠ ᠤᠴᠢᠷ ᠠᠴᠠ᠂ ᠠᠵᠢᠯ ᠤᠨ ᠬᠦᠯᠦᠰᠦ ᠤᠯᠭᠤᠮᠵᠢ | ᠦᠭᠡᠢ ᠶᠤᠮ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠳᠡᠭᠡᠨ᠂ ᠤᠷᠢᠳᠠᠪᠠᠷ ︽ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ | ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠢᠶᠠᠨ ᠭᠠᠷᠭᠠᠵᠤ ᠦᠪᠡᠷ ᠤᠨ ᠪᠡᠶ᠎ᠡ ᠪᠠᠨ ᠮᠡᠳᠡᠭᠦᠯᠵᠤ᠂ ᠵᠠᠰᠠᠭ | ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠬᠡᠷᠡᠭᠵᠢᠬᠦᠯᠬᠦ ᠠᠵᠢᠯᠲᠠᠨ ᠤ ᠬᠠᠤᠯᠢ ᠬᠡᠷᠡᠭᠵᠢᠬᠦᠯᠬᠦ ᠳᠤᠮᠳᠠ ᠤᠷᠤᠰᠢᠵᠤ | ᠪᠠᠶᠢᠭ᠎ᠠ ᠠᠰᠠᠭᠤᠳᠠᠯ ᠪᠤᠯᠤᠨ ᠪᠤᠳᠠᠲᠠᠢ ᠵᠦᠢᠯᠡᠰ ᠢ ᠨᠠᠷᠢᠨ ᠪᠤᠳᠠᠲᠠᠢ ᠲᠡᠮᠳᠡᠭᠯᠡᠬᠦ ᠶᠢᠨ ᠬᠠᠮᠲᠤ᠂ ᠦᠨᠡᠮᠯᠡᠯ | ᠤᠯᠭᠤᠭᠰᠠᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠬᠦᠯᠦᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢᠭᠡᠪᠦᠷᠢ ᠶᠢ ᠡᠬᠦᠷᠬᠡ | ᠪᠠᠨ ᠬᠦᠢᠴᠡᠳᠭᠡᠵᠤ ᠬᠠᠷᠢᠭᠤᠴᠠᠯᠭ᠎ᠠ ᠪᠠᠨ ᠪᠡᠶᠡᠯᠡᠬᠦᠯᠬᠦ ᠪᠠᠷ ᠱᠠᠭᠠᠷᠳᠠᠬᠤ ᠳᠤ᠂ ᠬᠠᠮᠤᠭ ᠤᠨ ᠲᠡᠷᠢᠬᠦᠨ ᠳᠤ | ᠰᠤᠩᠭᠤᠨ ᠤᠷᠢᠬᠤ ᠠᠵᠢᠯᠯᠠᠭ᠎ᠠ ᠶᠢ ᠡᠬᠢᠯᠡᠬᠦᠯᠬᠦ ᠦᠶ᠎ᠡ ᠳᠤ ᠳᠠᠷᠤᠢ ᠠᠵᠢᠯ ᠢᠶᠠᠨ ᠬᠦᠢᠴᠡᠳ ᠰᠠᠶᠢᠲᠤᠷ ᠬᠢᠭᠰᠡᠨ | ᠪᠠᠶᠢᠬᠤ ᠬᠡᠷᠡᠭᠲᠠᠢ᠃ ᠬᠤᠰᠢᠭᠤ ᠰᠢᠶᠠᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠤᠭᠤᠳ | ᠲᠤᠬᠠᠢ ᠶᠢᠨ ᠭᠠᠵᠠᠷ ᠤᠨ ᠢᠶᠠᠨ ᠰᠤᠨᠢᠨ ᠮᠡᠳᠡᠭᠡ ᠵᠠᠭᠤᠴᠢᠯᠠᠭᠤᠷ ᠳᠡᠭᠡᠷ᠎ᠡ᠂ ︽ᠲᠦᠮᠡᠨ ᠨᠡᠷᠡᠰ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ︾ ᠶᠢ ᠰᠤᠩᠭᠤᠨ ᠤᠷᠢᠬᠤ ᠠᠵᠢᠯᠯᠠᠭ᠎ᠠ ᠶᠢ | ᠦᠷᠭᠡᠨ ᠢᠶᠠᠷ ᠤᠬᠠᠭᠤᠯᠵᠤ᠂ ᠨᠡᠶᠢᠭᠡᠮ ᠳᠤ ᠦᠷᠭᠡᠨ ᠢᠶᠠᠷ ᠮᠡᠳᠡᠬᠦᠯᠵᠤ᠂ ︽ᠲᠦᠮᠡᠨ ᠨᠡᠷᠡᠰ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ︾ ᠶᠢ ᠰᠤᠩᠭᠤᠨ ᠤᠷᠢᠬᠤ ᠠᠵᠢᠯᠯᠠᠭ᠎ᠠ ᠳᠤ ᠰᠠᠶᠢᠨ | ᠳᠤᠷ᠎ᠠ ᠠᠴᠠ ᠪᠠᠨ᠂ ᠰᠠᠨᠠᠭᠠᠴᠢᠯᠠᠭ᠎ᠠ ᠠᠴᠠ ᠪᠠᠨ ᠤᠷᠤᠯᠴᠠᠭᠤᠯᠵᠤ᠂ ᠰᠤᠩᠭᠤᠨ ᠤᠷᠢᠬᠤ ᠨᠦᠬᠦᠴᠡᠯ ᠳᠤ ᠦᠨᠡᠨᠬᠦ | ᠨᠡᠶᠢᠴᠡᠬᠦ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠠᠵᠢᠯ ᠳᠤ | ᠬᠠᠯᠠᠭᠤᠨ ᠰᠡᠳᠬᠢᠯ ᠲᠠᠢ ᠠᠵᠢᠯᠲᠠᠨ ᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢᠨ ᠡᠩᠨᠡᠭᠡ ᠳᠤ ᠤᠷᠤᠭᠤᠯᠤᠨ ᠠᠪᠴᠢᠷᠠᠨ᠎ᠠ᠃ ᠳᠠᠷᠠᠭ᠎ᠠ ᠳᠤᠨᠢ ᠬᠤᠰᠢᠭᠤ ᠰᠢᠶᠠᠨ ᠤ ᠵᠠᠰᠠᠭ ᠤᠨ | ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ | ᠬᠢᠨᠠᠯᠲᠠ ᠲᠠᠯᠪᠢᠭᠴᠢ ᠶᠢᠨ ᠨᠦᠬᠦᠴᠡᠯ ᠶᠤᠰᠤᠭᠠᠷ ᠬᠢᠨᠠᠨ ᠬᠠᠷᠭᠤᠭᠤᠯᠬᠤ ᠭᠤᠭᠴᠤᠭ᠎ᠠ ᠶᠢ ᠰᠠᠶᠢᠲᠤᠷ ᠠᠳᠬᠤᠵᠤ᠂ | ᠰᠤᠩᠭᠤᠨ ᠤᠷᠢᠬᠤ ᠠᠵᠢᠯᠯᠠᠭ᠎ᠠ ᠶᠢ ᠶᠠᠪᠤᠭᠳᠠᠭᠤᠯᠵᠤ᠂ ᠪᠦᠬᠦ ᠶᠠᠪᠤᠴᠠ ᠶᠢ ᠢᠯᠡ ᠲᠤᠳᠤ᠂ ᠲᠦᠪ ᠭᠤᠤᠯᠴᠢ᠂ | ᠡᠮᠬᠢ ᠵᠢᠷᠤᠮ ᠲᠠᠢ ᠪᠠᠶᠢᠯᠭᠠᠵᠤ᠂ ᠤᠷᠢᠨ ᠵᠠᠯᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠯᠪᠠᠨ ᠵᠢᠷᠤᠮ ᠤᠨ | ᠬᠢᠨᠠᠯᠲᠠ ᠲᠠᠯᠪᠢᠭᠴᠢ ᠶᠢᠨ ᠪᠡᠶᠡᠴᠢ ᠪᠤᠰᠤᠳᠴᠢ ᠨᠦᠬᠦᠴᠡᠯ ᠤᠨ ᠲᠠᠯ᠎ᠠ ᠪᠠᠷ ᠴᠦᠮ ᠰᠤᠩᠭᠤᠨ ᠤᠷᠢᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠠᠢ᠂ ᠳᠠᠷᠤᠢ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠨᠢ ᠵᠦᠪᠬᠡᠨ ᠪᠡᠶᠡᠴᠢ ᠲᠠᠯ᠎ᠠ ᠪᠠᠷ ᠢᠶᠠᠨ ᠰᠠᠶᠢᠨ ᠳᠤᠷ᠎ᠠ ᠶᠢᠨ ᠰᠠᠨᠠᠭᠠᠴᠢᠯᠠᠭ᠎ᠠ ᠠᠴᠠ ᠪᠠᠨ ᠪᠤᠯᠤᠭᠠᠳ | ᠪᠤᠯᠬᠤ ᠪᠢᠰᠢ᠂ ᠪᠤᠰᠤᠳᠴᠢ ᠲᠠᠯ᠎ᠠ ᠪᠠᠷ ᠢᠶᠠᠨ ᠪᠠᠰᠠ ᠰᠤᠩᠭᠤᠨ ᠤᠷᠢᠬᠤ ᠨᠦᠬᠦᠴᠡᠯ ᠳᠤ ᠨᠡᠶᠢᠴᠡᠵᠤ ᠵᠤᠬᠢᠬᠤ ᠬᠡᠪ | ᠪᠤᠯᠪᠠᠰᠤᠷᠠᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠠᠢ᠃ ᠡᠶᠢᠮᠦᠷᠬᠦᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠤᠯ | ᠯᠠᠪᠲᠠᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠠᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠦᠯᠲᠡ ᠶᠢᠨ ᠬᠢᠨᠠᠯᠲᠠ ᠶᠢ ᠴᠢᠩᠭᠠᠳᠬᠠᠬᠤ ᠦᠢᠯᠡᠳᠦᠯ ᠢ ᠪᠠᠳᠠᠷᠠᠭᠤᠯᠵᠤ ᠴᠢᠳᠠᠨ᠎ᠠ᠃ | ᠬᠠᠮᠤᠭ ᠰᠡᠭᠦᠯ ᠳᠤᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠥᠭᠡᠢ ᠪᠠᠶᠢᠪᠠᠯ ᠥᠪᠥᠷ ᠵᠠᠰᠠᠭ ᠬᠠᠤᠯᠢ | ᠲᠠᠷᠬᠠᠭᠠᠭᠰᠠᠨ [ 2017 ]39 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠶᠣᠰᠣᠭᠠᠷ᠂ ᠬᠢᠨᠠᠯᠲᠠ ᠲᠠᠯᠪᠢᠭᠴᠢ ᠶᠢ | ᠤᠷᠢᠳᠴᠢᠯᠠᠨ ᠤᠷᠢᠬᠤ ᠪᠠᠨ ᠪᠣᠯᠢᠨ᠎ᠠ᠂ ᠪᠣᠳᠠᠲᠠᠶ ᠵᠢᠷᠭᠤᠭᠠᠨ ᠵᠦᠢᠯ ᠤᠨ ᠪᠠᠶᠢᠳᠠᠯ ᠪᠠᠶᠢᠨ᠎ᠠ᠄ | 1. ᠡᠷᠡᠭᠦᠦ ᠶᠢᠨ ᠰᠢᠳᠬᠡᠯ ᠪᠤᠶᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠵᠦ ᠵᠠᠰᠠᠭ ᠵᠠᠬᠢᠷᠭᠠᠨ ᠤ ᠰᠢᠳᠬᠡᠯ ᠣᠯᠣᠭᠰᠠᠨ︔ | 2. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠥᠯᠥ ᠭᠦᠢᠴᠡᠳᠬᠡᠭᠰᠡᠨ︔ | 3. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢ ᠬᠠᠤᠯᠢ ᠪᠤᠰᠤ ᠪᠠᠷ | ᠬᠡᠷᠡᠭᠵᠢᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢ | ᠠᠰᠢᠭᠯᠠᠨ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠭᠰᠡᠨ︔ | 4. ᠠᠵᠢᠯ ᠤᠨ ᠲᠣᠬᠢᠷᠠᠭᠤᠯᠤᠯᠲᠠ᠂ ᠡᠷᠡᠭᠦᠯ ᠮᠡᠡᠳᠦ ᠶᠢᠨ ᠪᠠᠶᠢᠳᠠᠯ ᠵᠡᠷᠭᠡ ᠰᠢᠯᠲᠠᠭᠠᠨ ᠠᠴᠠ ᠪᠤᠯᠵᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠶᠢ ᠦᠷᠭᠦᠯᠵᠢᠯᠡᠨ | ᠡᠭᠦᠷᠭᠡᠯᠡᠬᠦ ᠳᠤ ᠲᠣᠬᠢᠷᠠᠮᠵᠢ ᠦᠭᠡᠢ ᠪᠣᠯᠤᠭᠰᠠᠨ ︔ | 5. ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ | ᠦᠨᠡᠮᠯᠡᠯ︾ ᠢ ᠪᠤᠰᠤᠳ ᠲᠤ ᠵᠢᠭᠡᠯᠡᠭᠦᠯᠦᠭᠰᠡᠨ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠪᠤᠰᠤ ᠠᠵᠢᠯᠯᠠᠭ᠎ᠠ ᠳᠤ ᠬᠡᠷᠡᠭᠯᠡᠭᠰᠡᠨ︔ | 6. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠶᠢ | ᠦᠷᠭᠦᠯᠵᠢᠯᠡᠨ ᠡᠭᠦᠷᠭᠡᠯᠡᠬᠦ ᠳᠤ ᠲᠣᠬᠢᠷᠠᠮᠵᠢ ᠦᠭᠡᠢ ᠪᠣᠯᠣᠭᠰᠠᠨ ᠪᠤᠰᠤᠳ ᠪᠠᠶᠢᠳᠠᠯ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠬᠤ ᠪᠠᠨ | ᠪᠤᠯᠢᠭᠰᠠᠨ ᠪᠠᠶᠢᠪᠠᠯ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠵᠠᠷᠯᠠᠨ ᠨᠡᠶᠢᠲᠡᠯᠡᠬᠦ | ᠬᠡᠷᠡᠭᠲᠡᠢ᠃ | ᠬᠥᠲᠥᠯᠥᠭᠴᠢ᠄ | ᠲᠡᠭᠡᠪᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠬᠡᠨ | ᠬᠢᠨᠠᠯᠲᠠ ᠲᠠᠯᠪᠢᠬᠤ ᠪᠣᠢ︖ | ᠴᠢᠶᠣᠤ ᠰᠢᠨ᠄ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠬᠢᠨᠠᠯᠲᠠ | ᠲᠠᠯᠪᠢᠬᠤ ᠳᠤ ︽ᠬᠡᠨ ᠰᠤᠩᠭᠤᠨ ᠤᠷᠢᠭᠰᠠᠨ ᠪᠣᠯ ᠬᠡᠨ ᠬᠠᠮᠢᠶᠠᠷᠬᠤ︾ ᠵᠠᠷᠴᠢᠮ ᠶᠣᠰᠣᠭᠠᠷ᠂ ᠦᠨᠡᠮᠯᠡᠯ | ᠣᠯᠭᠤᠭᠰᠠᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠳᠦᠷ ᠲᠤᠲᠤᠮ ᠤᠨ ᠬᠠᠷᠢᠯᠴᠠᠬᠤ᠂ ᠵᠣᠬᠢᠶᠠᠨ | ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠤᠯᠢ | ᠳᠦᠷᠢᠮ ᠤᠨ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠭᠤᠯᠬᠤ ᠪᠠ ᠰᠠᠶᠢᠲᠤᠷ ᠬᠠᠳᠠᠭᠠᠯᠠᠨ ᠬᠠᠮᠢᠶᠠᠷᠴᠤ᠂ ᠡᠳᠦᠷ | ᠲᠤᠳᠤᠮ ᠤᠨ ᠠᠵᠢᠯ ᠤᠨ ᠮᠡᠳᠡᠭᠡ ᠵᠠᠩᠭᠢ᠂ ᠠᠵᠢᠯᠲᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ | ᠬᠡᠷᠡᠭᠲᠡᠶ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠠᠬᠢ ᠬᠠᠮᠢᠶᠠᠷᠤᠯᠲᠠ ᠶᠢ | ᠴᠢᠩᠭᠠᠳᠬᠠᠵᠤ᠂ ᠲᠡᠳᠡᠨᠦᠰ ᠢ ᠰᠠᠨᠠᠭᠠᠴᠢᠯᠠᠭ᠎ᠠ ᠲᠠᠢ ᠪᠠᠷ ᠬᠢᠨᠠᠯᠲᠠ ᠲᠠᠯᠪᠢᠬᠤ ᠪᠠᠷ ᠰᠢᠮᠳᠠᠭᠤᠯᠵᠤ ᠂ | ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠰᠠᠬᠢᠯᠭ᠎ᠠ | ᠪᠠᠲᠤ ᠶᠢ ᠵᠢᠷᠤᠮᠯᠠᠨ ᠰᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠶᠢ ᠬᠠᠮᠵᠢᠵᠤ | ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠵᠦ᠂ | ᠵᠢᠱᠢᠭᠰᠡᠨ ᠵᠣᠷᠢᠯᠭ᠎ᠠ ᠳᠠᠭᠠᠨ ᠬᠦᠷᠦᠨ᠎ᠡ᠃ | ᠪᠠᠰᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠳᠠᠲᠠᠶ ᠠᠵᠢᠯᠯᠠᠭ᠎ᠠ ᠳᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠩ ᠲᠡᠷᠢᠭᠦᠨ ᠳᠤ | ᠦᠨᠡᠮᠯᠡᠯ ᠢᠶᠠᠨ ᠦᠵᠡᠭᠦᠯᠦᠨ ᠬᠠᠤᠯᠢ ᠬᠡᠷᠡᠭᠵᠢᠭᠦᠯᠵᠦ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠬᠤ ᠬᠡᠷᠡᠭᠲᠡᠢ᠃ ︽ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠤᠨ ᠵᠥᠪ | ᠲᠠᠯ᠎ᠠ ᠳᠤ ᠬᠢᠨᠠᠯᠲᠠ ᠲᠠᠯᠪᠢᠭᠴᠢ ᠶᠢᠨ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠨᠡᠷ᠎ᠡ᠂ ᠰᠡᠭᠦᠳᠡᠷ᠂ | ᠬᠦᠢᠰᠦ᠂ ᠦᠨᠳᠦᠰᠦᠲᠡᠨ᠂ ᠬᠢᠨᠠᠯᠲᠠ ᠲᠠᠯᠪᠢᠬᠤ ᠣᠷᠣᠨ ᠬᠡᠪᠴᠢᠶ᠎ᠡ᠂ ᠦᠨᠡᠮᠯᠡᠯ ᠣᠯᠭᠤᠭᠰᠠᠨ ᠪᠠᠶᠢᠭᠤᠯᠭ᠎ᠠ᠂ | ᠬᠦᠴᠦᠨ ᠲᠠᠢ ᠬᠤᠭᠤᠴᠠᠭ᠎ᠠ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠵᠦ᠂ ᠠᠷᠤ ᠲᠠᠯ᠎ᠠ ᠳᠤᠨᠢ ᠦᠨᠡᠮᠯᠡᠯ | ᠭᠠᠷᠳᠠᠬᠴᠢ ᠶᠢᠨ ᠠᠩᠬᠠᠷᠬᠤ ᠲᠦᠷᠪᠡᠨ ᠵᠦᠢᠯ ᠢ ᠲᠡᠮᠳᠡᠭᠯᠡᠵᠦ᠂ ᠡᠭᠦᠨ ᠳᠤ ᠨᠢᠭᠡᠳᠦᠭᠡᠷ ᠵᠦᠢᠯ ᠳᠤ ᠦᠨᠡᠮᠯᠡᠯ | ᠭᠠᠷᠳᠠᠬᠴᠢ ᠨᠢ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ | ᠵᠢᠷᠤᠮ ᠤᠨ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠣᠷᠣᠨ | ᠬᠡᠪᠴᠢᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠵᠤ ᠪᠣᠯᠬᠤ ᠤᠢᠭᠡᠢ᠃ | ᠥᠭᠡᠷ᠎ᠡ ᠪᠠᠷ ᠬᠡᠯᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ | ᠲᠠᠯᠪᠢᠭᠴᠢ ᠶᠢᠨ ᠠᠵᠢᠯ ᠤᠨ ᠬᠡᠪᠴᠢᠶ᠎ᠡ ᠶᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ | ᠬᠢᠨᠠᠯᠲᠠ ᠲᠠᠯᠪᠢᠭᠴᠢ ᠶᠢᠨ ᠦᠨᠡᠮᠯᠡᠯ︾ ᠳᠤ ᠲᠣᠳᠣᠷᠬᠠᠶ ᠲᠡᠮᠳᠡᠭᠯᠡᠭᠰᠡᠨ ᠬᠢᠨᠠᠯᠲᠠ ᠲᠠᠯᠪᠢᠬᠤ ᠣᠷᠣᠨ ᠬᠡᠪᠴᠢᠶ᠎ᠡ ᠳᠤ | ᠬᠢᠵᠠᠭᠠᠷᠯᠠᠨ᠎ᠠ᠂ ᠲᠤᠬᠠᠶᠢᠯᠠᠪᠠᠯ ××ᠬᠤᠰᠢᠭᠤ ᠰᠢᠶᠠᠨ ᠲᠣᠭᠤᠷᠢᠭ ᠭᠡᠨ᠎ᠡ᠂ ︽ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠦᠨᠡᠮᠯᠡᠯ︾ ᠢ ᠬᠤᠰᠢᠭᠤ ᠰᠢᠶᠠᠨ ᠤ ᠵᠠᠰᠠᠭ ᠤᠨ | ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠠᠴᠠ ᠣᠯᠭᠤᠵᠤ᠂ ᠤᠷᠢᠭᠳᠠᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠦᠨᠡᠮᠯᠡᠯ ᠣᠯᠭᠤᠭᠰᠠᠨ ᠪᠠᠶᠢᠭᠤᠯᠭ᠎ᠠ ᠶᠢ ᠬᠠᠪᠰᠤᠷᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤ ᠬᠡᠰᠡᠭ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠡ᠂ ᠡᠶᠢᠮᠦ ᠠᠴᠠ ᠡᠷᠬᠡᠪᠰᠢ ᠲᠣᠳᠣᠷᠬᠠᠶ ᠲᠡᠮᠳᠡᠭᠯᠡᠭᠰᠡᠨ ᠬᠢᠨᠠᠯᠲᠠ ᠲᠠᠯᠪᠢᠬᠤ ᠣᠷᠣᠨ ᠪᠦᠰᠡ ᠶᠢᠨ | ᠬᠡᠪᠴᠢᠶᠡᠨ ᠳᠣᠲᠣᠷ᠎ᠠ ᠬᠡᠷᠡᠭᠵᠢᠭᠦᠯᠬᠦ ᠬᠡᠷᠡᠭᠲᠡᠶ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ | ᠣᠷᠣᠨ ᠪᠦᠰᠡ ᠶᠢᠨ ᠬᠡᠪᠴᠢᠶ᠎ᠡ ᠠᠴᠠ ᠳᠠᠪᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠡᠰᠡᠪᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠡᠷᠡᠭᠵᠢᠭᠦᠯᠪᠡᠯ ᠶᠠᠮᠠᠷᠪᠠ ᠪᠠᠶᠢᠭᠤᠯᠭ᠎ᠠ | ᠪᠤᠶᠤ ᠬᠤᠪᠢ ᠬᠥᠮᠦᠨ ᠴᠥᠮ ᠦᠨᠡᠮᠯᠡᠯ ᠣᠯᠭᠤᠭᠰᠠᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ | ᠳᠤ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠵᠦ ᠪᠣᠯᠤᠨ᠎ᠠ᠂ ᠵᠠᠰᠠᠭ ᠤᠨ ᠣᠷᠳᠣᠨ ᠤ ᠬᠠᠤᠯᠢ ᠲᠥᠷᠢᠮ ᠤᠨ | ᠪᠠᠶᠢᠭᠤᠯᠤᠮᠵᠢ ᠠᠴᠠ ᠪᠠᠶᠢᠴᠠᠭᠠᠨ ᠨᠤᠲᠠᠯᠠᠭᠰᠠᠨ ᠤ ᠲᠡᠷᠠᠭ᠎ᠠ ᠵᠣᠬᠢᠴᠠᠩᠭᠤᠶ ᠪᠠᠷ ᠰᠢᠢᠳᠪᠦᠷᠢᠯᠡᠬᠦ ᠬᠡᠷᠡᠭᠲᠡᠶ᠃ | ᠬᠥᠲᠥᠯᠥᠭᠴᠢ᠄ | ᠴᠢᠶᠣᠤ ᠡᠷᠬᠢᠯᠡᠭᠴᠢ ᠶᠢᠨ ᠲᠠᠶᠢᠯᠤᠮᠵᠢ ᠳᠤ ᠮᠠᠰᠢ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕ |