ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠡᠭᠨᠡᠨ ᠬᠦᠬᠢᠬᠦᠯᠬᠦ ᠶᠡᠭᠡ ᠬᠤᠷᠠᠯ ᠬᠤᠷᠠᠯᠲᠤᠪᠠ    ᠪᠦ᠋ ᠰᠢᠶᠤᠤ ᠯᠢᠨ ᠬᠤᠷᠠᠯ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/9/18
     9 ᠳ᠋ᠦ᠋ᠭᠡᠷ ᠰᠠᠷ᠎ᠠ ᠶᠢᠨ 15᠎ ᠤ ᠡᠲᠤᠷ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠦᠪᠠᠷᠲᠠᠬᠡᠨ ᠵᠠᠰᠠᠬᠤ ᠤᠷᠤᠨ ᠤ ᠲᠠᠷᠢᠬᠦᠯᠡᠭᠴᠢ ᠪᠦ᠋ ᠰᠢᠶᠤᠤ ᠯᠢᠨ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠡᠭᠨᠡᠨ ᠬᠦᠬᠢᠬᠦᠯᠬᠦ ᠶᠡᠭᠡ ᠬᠤᠷᠠᠯ ᠳᠤ ᠤᠷᠤᠯᠴᠠᠬᠤ ᠶᠢᠨ ᠬᠠᠮᠲᠤ ᠲᠠᠷᠢᠬᠦᠨ ᠤ ᠬᠠᠮᠲᠤ ᠪᠤᠯᠤᠨ ᠲᠠᠷᠢᠬᠦᠨ ᠤ ᠬᠤᠪᠢ ᠬᠦᠮᠤᠨ ᠢ ᠬᠦᠬᠢᠭᠦᠯᠦᠨ ᠰᠠᠶᠢᠰᠢᠶᠠᠪᠠ      9 ᠳ᠋ᠦ᠋ᠭᠡᠷ ᠰᠠᠷ᠎ᠠ ᠶᠢᠨ 15᠎ ᠤ ᠡᠲᠤᠷ᠂ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠡᠭᠨᠡᠨ ᠬᠦᠬᠢᠬᠦᠯᠬᠦ ᠶᠡᠭᠡ ᠬᠤᠷᠠᠯ ᠬᠦᠬᠡᠬᠤᠲᠠ ᠳᠤ ᠬᠤᠷᠠᠯᠲᠤᠵᠣ᠂ ᠲᠤᠮᠲᠠᠲᠤ ᠤᠯᠤᠰ ᠤᠨ ᠤᠯᠠᠭᠠᠨ ᠵᠠᠭᠠᠯᠮᠠᠶᠢᠲᠠᠨ ᠤ ᠶᠠᠷᠦᠩᠬᠡᠢ ᠨᠠᠶᠢᠬᠡᠮᠯᠢᠭ᠂ ᠠᠽᠢᠶ᠎ᠠ ᠲᠢᠪ ᠤᠨ ᠬᠠᠷᠠᠭ᠎ᠠ ᠮᠠᠭᠤᠲᠠᠬᠤ ᠶᠢ ᠰᠡᠷᠬᠡᠶᠢᠯᠡᠬᠦ ᠰᠠᠭᠤᠷᠢ ᠮᠦᠡᠭᠬᠦ ᠶᠢᠨ ᠨᠠᠶᠢᠬᠡᠮᠯᠢᠭ ᠲᠤᠰ ᠳᠣᠰ ᠶᠡᠭᠡ ᠬᠤᠷᠠᠯ ᠳᠤ ᠪᠠᠶᠠᠷ ᠤᠨ ᠵᠠᠬᠢᠲᠠᠯ ᠢᠷᠡᠭᠦᠯᠵᠤ᠂ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠶᠢᠨ 27 ᠲᠠᠷᠢᠬᠦᠨ ᠤ ᠬᠠᠮᠲᠤ ᠪᠤᠯᠤᠨ 52 ᠲᠠᠷᠢᠬᠦᠨ ᠤ ᠬᠤᠪᠢ ᠬᠦᠮᠤᠨ ᠬᠦᠬᠢᠭᠦᠯᠦᠭᠳᠡᠨ ᠰᠠᠶᠢᠰᠢᠶᠠᠭᠳᠠᠪᠠ᠃      ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠦᠪᠠᠷᠲᠠᠬᠡᠨ ᠵᠠᠰᠠᠬᠤ ᠤᠷᠤᠨ ᠤ ᠲᠠᠷᠢᠬᠦᠯᠡᠭᠴᠢ᠂ ᠦᠪᠤᠷ ᠮᠤᠩᠭᠤᠯ ᠤᠨ ᠦᠩᠭᠡ ᠭᠡᠷᠡᠯᠳᠦ ᠦᠢᠯᠡᠰ ᠢ ᠠᠬᠢᠭᠤᠯᠬᠤ ᠨᠠᠶᠢᠬᠡᠮᠯᠢᠭ ᠤᠨ ᠲᠠᠷᠤᠭ᠎ᠠ᠂ ᠪᠦᠬᠦ ᠣᠷᠣᠨ ᠤ ︽ᠬᠡᠷᠡᠯ ᠬᠡᠬᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠺᠣᠮᠢᠰ ᠤᠨ ᠡᠷᠬᠢᠯᠡᠭᠴᠢ ᠭᠡᠰᠢᠭᠦᠨ ᠪᠦ᠋ ᠰᠢᠶᠤᠤ ᠯᠢᠨ ᠬᠤᠷᠠᠯ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠵᠤ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠨᠢᠬᠡᠲᠤᠮᠠᠯ ᠹᠷᠤᠨᠲ ᠤᠨ ᠬᠡᠯᠲᠠᠰ ᠤᠨ ᠲᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠵᠤ᠂ ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ᠂ ᠤᠯᠠᠭᠠᠨ ᠵᠠᠭᠠᠯᠮᠠᠶᠢᠲᠠᠨ ᠤ ᠨᠠᠶᠢᠬᠡᠮᠯᠢᠭ ᠤᠨ ᠲᠠᠷᠤᠭ᠎ᠠ᠂ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠲᠠᠳ᠋ ᠡᠷᠬᠢᠯᠡᠭᠴᠢ ᠬᠡᠰᠢᠬᠦᠨ ᠯᠢᠤ ᠰᠢᠨ ᠯᠧ ᠠᠵᠢᠯᠯᠠᠭ᠎ᠠ ᠦᠷᠨᠢᠭᠦᠯᠦᠭᠰᠡᠨ ᠪᠠᠶᠢᠲᠠᠯ ᠢ ᠵᠠᠷᠯᠠᠨ ᠮᠡᠳᠡᠭᠳᠡᠪᠡ᠃ ᠬᠦᠬᠢᠬᠦᠯᠦᠭᠳᠡᠨ ᠰᠠᠶᠢᠰᠢᠶᠠᠭᠳᠠᠭᠰᠠᠨ ᠲᠠᠷᠢᠬᠦᠨ ᠤ ᠬᠠᠮᠲᠤ᠂ ᠲᠠᠷᠢᠬᠦᠨ ᠤ ᠬᠤᠪᠢ ᠬᠦᠮᠤᠨ ᠪᠤᠯᠤᠨ ᠠᠰᠢᠭ ᠬᠦᠷᠳᠡᠭᠰᠡᠨ ᠡᠪᠠᠳᠴᠢᠲᠠᠨ ᠤ ᠲᠥᠯᠥᠭᠡᠯᠡᠭᠴᠢ ᠦᠭᠡ ᠬᠡᠯᠡᠵᠡᠢ᠃      ᠪᠦ᠋ ᠰᠢᠶᠤᠤ ᠯᠢᠨ᠂ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠴᠠᠭᠠᠨ ᠬᠠᠷᠠᠩ ᠡᠪᠠᠳᠴᠢᠠ ᠤᠯᠤᠭᠰᠠᠨ ᠶᠠᠲᠠᠭᠤ ᠬᠦᠴᠢᠷᠳᠡᠯᠲᠠᠢ ᠤᠯᠠᠨ ᠲᠦᠮᠠᠨ ᠳᠤ ᠬᠡᠷᠠᠯ ᠬᠡᠬᠡ ᠪᠤᠯᠤᠨ ᠬᠦᠰᠠᠯ ᠡᠷᠠᠮᠠᠯᠵᠠᠯ ᠢ ᠠᠪᠴᠢᠷᠠᠨ ᠦᠭᠴᠦ᠂ ᠶᠠᠲᠠᠭᠤ ᠬᠦᠴᠢᠷᠳᠡᠯᠲᠠᠢ ᠬᠡᠷ ᠪᠦᠯᠢ ᠶᠢᠨ ᠶᠠᠲᠠᠭᠤ ᠠᠴᠠ ᠪᠠᠨ ᠠᠩᠭᠢᠵᠢᠷᠠᠨ ᠪᠠᠶᠠᠵᠢᠠ ᠴᠢᠨᠡᠬᠡᠯᠢᠭᠵᠢᠬᠦ ᠢᠲᠠᠬᠡᠯ ᠵᠤᠷᠢᠭ ᠡᠷᠴᠢ ᠬᠦᠴᠦᠨ ᠢ ᠴᠢᠩᠭᠠᠳᠬᠠᠭᠰᠠᠨ ᠢᠶᠠᠷ ᠪᠠᠷᠠᠬᠤ ᠦᠬᠡᠢ᠂ ᠪᠠᠰᠠ ᠨᠠᠶᠢᠬᠡᠮ ᠤᠨ ᠬᠦᠴᠤᠨ ᠢ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠳᠤ ᠤᠷᠤᠯᠴᠠᠭᠤᠯᠬᠤ ᠠᠮᠵᠢᠯᠲᠠ ᠲᠠᠢ ᠵᠬᠠᠪᠤᠷ ᠢ ᠰᠦᠪᠡᠭᠴᠢᠯᠡᠪᠡ᠃ ᠤᠷᠤᠯᠴᠠᠭᠰᠠᠨ ᠨᠢᠬᠡᠴᠠ ᠪᠠ ᠬᠤᠪᠢ ᠬᠦᠮᠤᠨ ᠪᠤᠲᠠᠲᠤ ᠠᠵᠢᠯᠯᠠᠭ᠎ᠠ ᠪᠠᠷ ᠢᠶᠠᠨ ᠰᠠᠬᠢᠨ ᠪᠠᠷᠠᠯᠠᠵᠣ ᠬᠠᠷᠢᠯᠴᠠᠨ ᠬᠠᠪᠰᠤᠷᠤᠯᠴᠠᠬᠤ ᠱᠠᠭᠠᠷᠲᠠᠯᠭ᠎ᠠ ᠶᠢ ᠦᠢᠯᠡᠳᠦᠯᠭᠡᠵᠢᠭᠦᠯᠵᠦ᠂ ᠪᠦᠬᠦ ᠨᠠᠶᠢᠬᠡᠮ ᠳᠤ ᠬᠠᠶᠢᠷ᠎ᠠ ᠶᠢᠨ ᠰᠡᠳᠬᠢᠯ᠂ ᠴᠠᠭᠠᠪᠤᠷ ᠰᠡᠳᠬᠢᠯ ᠪᠠ ᠬᠠᠷᠢᠭᠤᠴᠠᠯᠭᠠᠲᠤ ᠰᠡᠳᠬᠢᠯᠬᠡ ᠶᠢ ᠤᠯᠠᠮᠵᠢᠯᠠᠵᠣ᠂ ᠤᠯᠠᠨ ᠤ ᠪᠠᠶ᠎ᠠ ᠲᠠᠬᠡᠷ᠎ᠠ ᠢᠯᠡᠷᠡᠭᠰᠡᠨ ᠶᠠᠲᠠᠭᠤ ᠶᠢ ᠲᠠᠳᠬᠦᠨ ᠬᠦᠴᠢᠷᠳᠡᠭᠰᠡᠳ ᠢ ᠳᠣᠰᠠᠯᠠᠬᠤ ᠡᠷᠬᠢᠮ ᠰᠤᠷᠲᠠᠯ᠂ ᠬᠦᠨ ᠲᠤᠲᠤᠨᠤ ᠨᠠᠶᠢᠬᠡᠮ ᠤᠨ ᠬᠠᠷᠢᠭᠤᠴᠠᠯᠭ᠎ᠠ ᠶᠢᠨ ᠤᠬᠠᠮᠰᠠᠷ᠂ ᠨᠠᠶᠢᠬᠡᠮ ᠤᠨ ᠬᠠᠯᠠᠮᠵᠢᠯᠠᠨ ᠬᠠᠶᠢᠷᠠᠯᠠᠬᠤ ᠵᠤᠷᠢᠭ ᠰᠠᠨᠠᠭ᠎ᠠ ᠨᠢ ᠪᠢᠲᠠᠨ ᠤ ᠬᠤᠪᠤᠷ ᠨᠠᠨᠳᠢᠨ ᠡᠳ᠋ ᠬᠦᠷᠦᠩᠬᠡ ᠪᠣᠯᠣᠨ᠎ᠠ ᠬᠡᠵᠦ ᠵᠢᠭᠠᠵᠣ ᠭᠠᠷᠭᠠᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠪᠢᠲᠠ ᠬᠠᠶᠢᠷ᠎ᠠ ᠶᠢᠨ ᠰᠡᠳᠬᠢᠯ ᠢ ᠦᠷᠬᠦᠯᠵᠢᠯᠡᠨ ᠤᠯᠠᠮᠵᠢᠯᠠᠵᠤ᠂ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠷᠠᠬᠦᠯ ᠮᠠᠨᠳᠤ ᠪᠠᠷ ᠶᠠᠲᠠᠭᠤ ᠶᠢ ᠲᠠᠳᠬᠦᠬᠦ‍ ᠨᠢᠬᠡ ᠵᠦᠢᠯ ᠤᠨ ᠴᠢᠬᠤᠯᠠ ᠠᠷᠭ᠎ᠠ ᠬᠡᠮᠵᠢᠶ᠎ᠠ ᠪᠠᠨ ᠪᠤᠯᠭᠠᠵᠤ᠂ ᠨᠠᠩ ᠤᠯᠠᠨ ᠶᠠᠲᠠᠭᠤ ᠬᠦᠴᠢᠷᠳᠡᠯᠲᠠᠢ ᠴᠠᠭᠠᠨ ᠬᠠᠷᠡᠩ ᠡᠪᠠᠳᠴᠢᠲᠠᠨ ᠢ ᠬᠠᠪᠰᠤᠷᠤᠨ ᠲᠠᠬᠢᠨ ᠬᠡᠷᠠᠯ ᠬᠡᠬᠡ ᠤᠯᠭᠤᠬᠤ ᠬᠡᠷᠡᠭᠲᠠᠢ᠃      ᠦᠪᠠᠷᠲᠠᠬᠡᠨ ᠵᠠᠰᠠᠬᠤ ᠤᠷᠤᠨ ᠤ ᠦᠩᠭᠡ ᠭᠡᠷᠡᠯᠳᠦ ᠦᠢᠯᠡᠰ ᠢ ᠠᠬᠢᠭᠤᠯᠬᠤ ᠨᠠᠶᠢᠬᠡᠮᠯᠢᠭ ᠪᠤᠯᠤᠨ ᠤᠯᠠᠭᠠᠨ ᠵᠠᠭᠠᠯᠮᠠᠶᠢᠲᠠᠨ ᠤ ᠨᠠᠶᠢᠬᠡᠮᠯᠢᠭ ᠵᠡᠷᠬᠡ ᠨᠢᠬᠡᠴᠠ ᠪᠠ ᠵᠤᠬᠢᠶᠠᠨ ᠪᠠᠶᠢᠭᠤᠯᠤᠯᠲᠠ ᠶᠢᠨ ᠬᠢᠨ ᠨᠠᠶᠢᠬᠡᠮ ᠤᠨ ᠡᠯ᠎ᠠ ᠡᠲᠠᠬᠡᠳ ᠎ ᠤᠨ ᠬᠠᠶᠢᠷ᠎ᠠ ᠶᠢᠨ ᠰᠡᠳᠬᠢᠯ ᠪᠠ ᠬᠦᠴᠤᠨ ᠴᠢᠲᠠᠯ ᠢ ᠬᠦᠢᠴᠡᠳ ᠵᠤᠬᠢᠴᠠᠭᠤᠯᠵᠤ ᠲᠠᠶᠢᠴᠢᠯᠠᠨ ᠨᠢᠭᠲᠠᠷᠠᠭᠤᠯᠵᠤ᠂ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠠᠶᠢᠡᠭᠭᠤᠵᠢᠭᠤᠯᠬᠤ ᠬᠡᠷᠡᠭᠳᠡᠢ᠃ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠶᠢ ᠶᠠᠬᠡᠪᠠᠷ ᠤᠬᠠᠭᠤᠯᠵᠤ᠂ ᠲᠠᠷᠢᠬᠦᠨ ᠤ ᠨᠠᠶᠢᠳᠡᠯᠢᠭ ᠵᠢᠱᠢᠶ᠎ᠠ ᠶᠢ ᠤᠬᠠᠭᠤᠯᠤᠨ ᠢᠲᠠᠪᠬᠢ ᠬᠦᠴᠤᠨ ᠢ ᠤᠯᠠᠮᠵᠢᠯᠠᠵᠤ᠂ ᠨᠠᠩ ᠤᠯᠠᠨ ᠨᠠᠶᠢᠬᠡᠮ ᠤᠨ ᠵᠤᠬᠢᠶᠠᠨ ᠪᠠᠶᠢᠭᠤᠯᠤᠯᠲᠠ᠂ ᠠᠵᠤ ᠠᠬᠤᠢᠢᠯᠠᠯ᠂ ᠬᠤᠪᠢ ᠬᠦᠮᠤᠨ ᠤ ᠨᠠᠶᠢᠬᠡᠮ ᠤᠨ ᠬᠠᠷᠢᠭᠤᠴᠠᠯᠭᠠᠲᠤ ᠰᠡᠳᠬᠢᠯᠬᠡ ᠶᠢ ᠴᠢᠩᠭᠠᠳᠬᠠᠵᠣ᠂ ᠨᠠᠶᠢᠲᠠ ᠶᠢᠨ ᠠᠰᠠᠷᠠᠮᠵᠢ ᠶᠢᠨ ᠦᠢᠯᠡᠰ ᠲᠤ ᠤᠷᠤᠯᠴᠠᠭᠤᠯᠤᠨ ᠰᠠᠶᠢᠨ ᠰᠠᠶᠢᠬᠠᠨ ᠠᠮᠢᠲᠤᠷᠠᠯ ᠢᠶᠠᠨ ᠬᠠᠮᠲᠤᠪᠠᠷ ᠡᠬᠦᠳᠦᠨ ᠪᠦᠳᠦᠭᠡᠵᠦ᠂ ᠦᠵᠡᠰᠭᠦᠯᠡᠩᠳᠦ ᠰᠠᠶᠢᠬᠠᠨ ᠦᠪᠤᠷ ᠮᠤᠩᠭᠤᠯ ᠢᠶᠠᠨ ᠪᠦᠲᠦᠬᠡᠨ ᠪᠠᠶᠢᠭᠤᠯᠵᠣ ᠠᠭᠤᠤ ᠶᠡᠭᠡ ᠲᠤᠮᠲᠠᠲᠤ ᠶᠢᠨ ᠵᠡᠬᠦᠲᠤ ᠪᠠᠨ ᠬᠠᠮᠲᠤᠪᠠᠷ ᠲᠠᠷᠬᠡᠯᠰᠢᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃      ᠤᠢᠢᠯᠠᠭᠠᠭᠰᠠᠨ ᠢᠶᠠᠷ᠂ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ 2015 ᠣᠨ ᠤ 6 ᠳ᠋ᠤᠭᠠᠷ ᠰᠠᠷ᠎ᠠ ᠳᠤ ᠡᠬᠢᠯᠡᠵᠦ᠂ ᠬᠤᠶᠠᠷ ᠵᠢᠯ ᠭᠠᠷᠤᠢ ᠶᠢᠨ ᠬᠤᠭᠤᠴᠠᠭᠠᠨ ᠳᠤ ᠨᠢᠭᠡᠨᠳᠡ ᠪᠦᠬᠦ ᠤᠷᠤᠨ ᠤ 12 ᠠᠶᠢᠮᠠᠬ ᠬᠤᠲᠠ᠂ 103 ᠬᠤᠰᠢᠭᠤ ᠰᠢᠶᠠᠨ ᠢ ᠪᠦᠷᠬᠦᠵᠤ᠂ 30 ᠭᠠᠷᠤᠢ ᠲᠦᠮᠡᠨ ᠨᠢᠲᠤᠨ ᠤ ᠡᠪᠠᠳᠴᠢᠲᠠᠨ ︵ᠬᠦᠮᠤᠨ ᠤᠲᠠᠭ᠎ᠠ ᠶᠢᠨ︶ ᠎ ᠢ ᠰᠢᠭᠰᠢᠨ ᠪᠠᠶᠢᠴᠠᠭᠠᠵᠤ᠂ 1.5 ᠲᠦᠮᠠ ᠭᠠᠷᠤᠢ ᠶᠠᠲᠠᠭᠤ ᠬᠦᠴᠢᠷᠳᠡᠯᠲᠠᠢ ᠴᠠᠭᠠᠨ ᠬᠠᠷᠠᠩ ᠡᠪᠠᠳᠴᠢᠲᠠᠨ ᠳᠤ ᠰᠦᠢᠳᠬᠡᠯ ᠬᠤᠷᠢᠶᠠᠬᠤ ᠦᠬᠡᠢ ᠪᠠᠷ ᠬᠠᠷᠠᠭ᠎ᠠ ᠣᠷᠣᠭᠤᠯᠬᠤ ᠮᠠᠰᠠ ᠵᠠᠰᠠᠯ ᠬᠢᠵᠤ᠂ 3 ᠵᠢᠯ ᠳᠤ 1 ᠲᠦᠮᠠᠨ ᠶᠠᠲᠠᠭᠤ ᠬᠦᠴᠢᠷᠳᠡᠯᠲᠠᠢ ᠴᠠᠭᠠᠨ ᠬᠠᠷᠠᠩ ᠡᠪᠠᠳᠴᠢᠲᠠᠨ ᠳᠤ ᠰᠦᠢᠳᠬᠡᠯ ᠬᠤᠷᠢᠶᠠᠬᠤ ᠦᠬᠡᠢ ᠪᠠᠷ ᠬᠠᠷᠠᠭ᠎ᠠ ᠤᠷᠣᠭᠤᠯᠬᠤ ᠮᠠᠰᠠ ᠵᠠᠰᠠᠯ ᠬᠢᠵᠦ ᠦᠭᠬᠦ ᠬᠠᠷᠠᠯᠲᠠ ᠪᠠᠨ ᠤᠷᠢᠳᠴᠢᠯᠠᠵᠤ ᠲᠠᠪᠠᠭᠤᠯᠤᠨ ᠪᠠᠶᠠᠯᠠᠬᠦᠯᠪᠠ᠃ ᠨᠢᠲᠤᠨᠤᠨ ᠵᠢᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ ᠨᠢᠬᠡᠴᠠ ᠵᠢᠷᠭᠤᠲᠤᠭᠠᠷ ᠬᠤᠭᠤᠴᠠᠭᠠᠨ ᠤ ᠦᠪᠤᠷ ᠮᠤᠩᠭᠤᠯ ᠢ ᠳᠣᠭᠳᠣᠯᠠᠭᠤᠯᠣᠭᠰᠠᠨ ᠬᠦᠮᠤᠨ ᠤ ᠬᠠᠮᠲᠤ ᠶᠢᠨ ᠤᠨᠴᠠᠭᠠᠢ ᠱᠠᠩᠨᠡᠯ ᠢ ᠬᠦᠷᠲᠠᠵᠠᠢ︔ ᠡᠨᠡ ᠵᠢᠯ ᠤᠨ ᠠᠽᠢᠶ᠎ᠠ ᠲᠢᠪ ᠤᠨ ᠬᠠᠷᠠᠭ᠎ᠠ ᠮᠠᠭᠤᠲᠠᠬᠤ ᠶᠢ ᠰᠡᠷᠬᠡᠶᠢᠯᠡᠬᠦ ᠰᠠᠭᠤᠷᠢ ᠮᠦᠡᠭᠬᠦᠨ ᠤ ᠨᠠᠶᠢᠬᠡᠮᠯᠢᠭ ᠪᠠᠶᠢᠭᠤᠯᠤᠭᠲᠠᠭᠰᠠᠨ 35 ᠵᠢᠯ ᠤᠨ ᠤᠢ ᠵᠢᠴᠢ ᠠᠷᠪᠠᠨ ᠨᠠᠢᠮᠠᠲᠤᠭᠠᠷ ᠬᠤᠭᠤᠴᠠᠭᠠᠨ ᠤ ᠲᠤᠮᠲᠠᠲᠤ ᠤᠯᠤᠰ ᠤᠨ ᠲᠠᠬᠢᠨ ᠬᠠᠷᠠᠭ᠎ᠠ ᠤᠷᠣᠭᠤᠯᠵᠣ ᠶᠠᠲᠠᠭᠤ ᠶᠢ ᠲᠠᠳᠬᠦᠬᠦ ᠨᠠᠬᠦᠲᠠᠯ ᠨᠢᠲᠤᠨ ᠤ ᠰᠠᠯᠠᠭ᠎ᠠ ᠶᠢᠨ ᠮᠠᠰᠠ ᠵᠠᠰᠠᠯ ᠤᠨ ᠲᠠᠷᠬᠡ ᠶᠢᠨ ᠰᠤᠲᠤᠯᠤᠨ ᠶᠠᠷᠢᠯᠴᠠᠬᠤ ᠬᠤᠷᠠᠯ ᠲᠠᠬᠡᠷ᠎ᠠ᠂ ︽ᠬᠡᠷᠡᠯ ᠬᠡᠬᠡ ᠶᠢᠨ ᠠᠶᠠᠯᠠᠯ︾ ᠨᠠᠶᠢᠬᠡᠮ ᠤᠨ ᠨᠠᠶᠢᠲᠠ ᠶᠢᠨ ᠠᠰᠠᠷᠠᠮᠵᠢ ᠶᠢᠨ ᠠᠵᠢᠯᠯᠠᠭ᠎ᠠ ᠪᠠᠰᠠ ᠠᠽᠢᠶ᠎ᠠ ᠲᠢᠪ ᠤᠨ ᠭᠠᠵᠠᠷ ᠤᠷᠤᠨ ᠤ ᠴᠤᠷ ᠤᠨ ᠭᠠᠭᠴᠠ ᠤᠨᠴᠠᠭᠠᠢ ᠬᠤᠪᠢ ᠨᠠᠮᠠᠷᠢ ᠦᠵᠡᠬᠦᠯᠦᠭᠰᠡᠨ ᠱᠠᠩᠨᠡᠯ ᠢ ᠬᠦᠷᠳᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号