ᠡᠨᠡ ᠵᠢᠯ ᠥᠪᠥᠷ ᠮᠣᠩᠭᠤᠯ ᠤᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠤᠷᠤᠯᠴᠠᠭᠰᠠᠨ ᠬᠥᠮᠦᠨ ᠤ ᠲᠤᠭ᠎ᠠ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2017/9/18
      9 ᠳ᠋ᠤᠭᠡᠷ ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠬᠤᠶᠠᠷ ᠡᠳᠦᠷ ᠶᠠᠪᠤᠭᠳᠠᠬᠤ 2017 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠡᠬᠢᠯᠡᠪᠡ᠂ ᠡᠨᠡ ᠵᠢᠯ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠲᠠᠬᠢ ᠨᠡᠷ᠎ᠡ ᠮᠡᠳᠡᠭᠦᠯᠵᠦ ᠰᠢᠯᠭᠠᠯᠲᠠ ᠳᠤ ᠤᠷᠤᠯᠴᠠᠭᠰᠠᠨ ᠬᠥᠮᠦᠨ ᠤ ᠲᠤᠭ᠎ᠠ 27805᠎ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃      ᠲᠤᠰ ᠤᠳᠠᠭᠠᠨ ᠤ ᠰᠢᠯᠭᠠᠯᠲᠠ ᠳᠤ᠂ ᠪᠦᠬᠦ ᠣᠷᠣᠨ ᠨᠡᠶᠢᠲᠡ 11 ᠰᠢᠯᠭᠠᠯᠲᠠ ᠶᠢᠨ ᠲᠣᠭᠤᠷᠢᠭ᠂ 17 ᠰᠢᠯᠭᠠᠯᠲᠠ ᠶᠢᠨ ᠴᠢᠭ᠋᠂ 939 ᠰᠢᠯᠭᠠᠯᠲᠠ ᠶᠢᠨ ᠲᠠᠯᠠᠪᠠᠢ ᠲᠤᠬᠢᠷᠠᠭᠤᠯᠵᠤ᠂ ᠰᠢᠯᠭᠠᠯᠲᠠ ᠶᠢᠨ ᠲᠠᠯᠠᠪᠠᠢ ᠶᠢᠨ ᠲᠤᠭ᠎ᠠ ᠨᠢᠳᠤᠨᠤᠨ ᠤ ᠬᠢ ᠠᠴᠠ 120 ᠨᠡᠮᠡᠭᠳᠡᠪᠡ᠂ ᠡᠭᠦᠨ ᠳᠤ ᠮᠣᠩᠭᠤᠯ ᠰᠢᠯᠭᠠᠯᠲᠠ ᠶᠢᠨ ᠲᠠᠯᠠᠪᠠᠢ 219᠂ ᠬᠢᠲᠠᠳ ᠰᠢᠯᠭᠠᠯᠲᠠ ᠶᠢᠨ ᠲᠠᠯᠠᠪᠠᠢ 720 ᠲᠤᠬᠢᠷᠠᠭᠤᠯᠪᠠ᠃ ᠬᠥᠬᠡᠬᠤᠲᠠ ᠶᠢᠨ ᠰᠢᠯᠭᠠᠯᠲᠠ ᠶᠢᠨ ᠲᠣᠭᠤᠷᠢᠭ ᠲᠤ 7268 ᠬᠥᠮᠦᠨ ᠨᠡᠷ᠎ᠡ ᠮᠡᠳᠡᠭᠦᠯᠦᠨ ᠰᠢᠯᠭᠠᠯᠲᠠ ᠳᠤ ᠤᠷᠤᠯᠴᠠᠵᠤ᠂ ᠲᠤᠮᠤ ᠰᠢᠯᠭᠠᠯᠲᠠ ᠶᠢᠨ ᠲᠣᠭᠤᠷᠢᠭ ᠪᠤᠯᠤᠭᠰᠠᠨ ᠪᠠᠶᠢᠨ᠎ᠠ︔ ᠪᠤᠭᠤᠲᠤ᠂ ᠤᠷᠳᠦᠰ᠂ ᠤᠯᠠᠭᠠᠨᠬᠠᠳᠠ᠂ ᠲᠦᠩᠯᠢᠶᠣᠤ ᠳᠠᠬᠢ ᠰᠢᠯᠭᠠᠯᠲᠠ ᠶᠢᠨ ᠲᠣᠭᠤᠷᠢᠭ ᠲᠤ 3000 ᠭᠠᠷᠤᠢ ᠬᠦᠮᠦᠨ ᠨᠡᠷ᠎ᠡ ᠮᠡᠳᠡᠭᠦᠯᠦᠨ ᠰᠢᠯᠭᠠᠯᠲᠠ ᠳᠤ ᠤᠷᠤᠯᠴᠠᠵᠠᠢ᠃      ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠰᠢᠯᠭᠠᠯᠲᠠ ᠳᠤ ᠬᠢᠨᠠᠯᠲᠠ ᠲᠠᠯᠪᠢᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠰᠢᠯᠭᠠᠯᠲᠠ ᠳᠤ ᠬᠢᠨᠠᠯᠲᠠ ᠲᠠᠯᠪᠢᠬᠤ 11 ᠳᠤᠭᠤᠶᠢᠯᠠᠩ  ᠲᠤᠮᠢᠯᠠᠨ ᠠᠶᠢᠮᠠᠭ ᠬᠤᠳᠠ ᠳᠤ ᠤᠴᠢᠭᠤᠯᠵᠤ ᠠᠵᠢᠯ ᠢᠶᠠᠨ ᠦᠷᠨᠢᠭᠦᠯᠦᠭᠰᠡᠨ ᠪᠠᠶᠢᠨ᠎ᠠ᠃ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠴᠢᠭ᠋ ᠪᠦᠬᠦᠨ ᠳᠤ ᠰᠢᠯᠭᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠵᠤ᠂ ᠰᠢᠯᠭᠠᠭᠤᠯᠤᠭᠰᠠᠳ ᠤᠨ ᠪᠡᠶ᠎ᠡ ᠶᠢᠨ ᠬᠢᠷᠢ ᠬᠡᠮ ᠢ ᠢᠯᠭᠠᠨ ᠲᠤᠳᠤᠯᠬᠤ᠂ ᠰᠢᠯᠭᠠᠯᠲᠠ ᠳᠤ ᠬᠡᠮ ᠬᠢᠬᠦ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠳᠤ ᠳᠦᠬᠦᠮ ᠦᠵᠡᠭᠦᠯᠪᠡ︔ ᠫᠤᠷᠲ᠋ᠧᠯ ᠰᠦᠯᠵᠢᠶ᠎ᠡ᠂ ᠸᠢᠴᠠᠲ ᠪᠢᠴᠢᠯ ᠪᠦᠷᠭᠡ᠂ ᠬᠠᠤᠯᠢ ᠪᠠᠷ ᠵᠠᠰᠠᠬᠤ ᠲᠤᠰᠬᠠᠶ ᠰᠦᠯᠵᠢᠶ᠎ᠡ ᠪᠤᠯᠤᠨ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠢᠶᠠᠷ ᠰᠢᠯᠭᠠᠯᠲᠠ ᠳᠤ ᠬᠤᠯᠪᠣᠭᠳᠠᠬᠤ ᠮᠡᠳᠡᠭᠡ ᠵᠠᠩᠭᠢ ᠶᠢ ᠨᠡᠶᠢᠲᠡᠯᠡᠵᠦ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠸᠢᠴᠠᠲ ᠤᠨ ᠨᠡᠶᠢᠲᠡ ᠶᠢᠨ ᠲᠠᠪᠴᠠᠩ ᠢᠶᠠᠷ ᠰᠢᠯᠭᠠᠭᠤᠯᠤᠭᠰᠠᠳ ᠤᠨ ᠮᠡᠳᠡᠬᠦ ᠴᠢᠬᠤᠯᠠᠲᠠᠢ ᠵᠦᠢᠯᠡᠰ᠂ ᠠᠩᠬᠠᠷᠬᠤ ᠴᠢᠬᠤᠯᠠᠲᠠᠢ ᠵᠦᠢᠯᠡᠰ᠂ ᠵᠠᠮ ᠬᠠᠷᠢᠯᠴᠠᠭᠠᠨ ᠤ ᠰᠠᠨᠠᠭᠤᠯᠤᠮᠵᠢ ᠵᠡᠷᠭᠡ ᠶᠢ ᠴᠠᠭ ᠲᠤᠬᠠᠶ ᠳᠤᠨᠢ ᠨᠡᠶᠢᠲᠡᠯᠡᠵᠦ᠂ ᠳᠥᠭᠦᠮ ᠳᠥᠲᠡ ᠦᠢᠯᠡᠴᠢᠯᠡᠭᠡ ᠬᠠᠨᠭ᠍ᠭᠠᠨ᠂ ᠰᠢᠯᠭᠠᠭᠤᠯᠤᠭᠰᠠᠳ ᠤᠨ ᠪᠠᠶᠢᠳᠠᠯ ᠢ ᠮᠡᠳᠡᠬᠦ ᠡᠷᠬᠡ ᠶᠢ ᠪᠠᠲᠤᠯᠠᠪᠠ︔ ᠰᠢᠯᠭᠠᠭᠤᠯᠤᠭᠰᠠᠳ ᠲᠤ  ᠦᠢᠯᠡᠴᠢᠯᠡᠬᠦ ᠦᠷᠳᠡᠭᠡ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠪᠠᠶᠢᠭᠠᠳ ᠴᠠᠭ ᠲᠤᠬᠠᠶ ᠳᠤᠨᠢ ᠬᠥᠲᠥᠯᠥᠨ ᠵᠢᠯᠤᠭᠤᠳᠤᠭᠤᠯᠵᠤ᠂ ᠬᠠᠷᠢᠭᠤᠯᠲᠠ ᠵᠥᠪᠯᠡᠯᠭᠡ ᠦᠭᠪᠡ᠃      ᠤᠶᠢᠯᠠᠭᠠᠭᠰᠠᠨ ᠢᠶᠠᠷ᠂ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠲᠦᠷᠢᠮ ᠢ 2018 ᠣᠨ ᠠᠴᠠ ᠡᠬᠢᠯᠡᠨ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠲᠠ ᠶᠢᠨ ᠳᠦᠷᠢᠮ ᠪᠤᠯᠭᠠᠨ ᠲᠤᠬᠢᠷᠠᠭᠤᠯᠵᠤ᠂ ᠤᠤᠯ ᠤᠨ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮ ᠤᠯᠬᠤ ᠶᠤᠰᠤᠲᠠᠢ ᠬᠠᠤᠯᠢ ᠶᠢᠨ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ᠂ ᠬᠠᠤᠯᠢᠴᠢ᠂ ᠠᠯᠪᠠᠨ ᠭᠡᠷᠡᠴᠢᠯᠡᠭᠴᠢ ᠵᠡᠷᠭᠡ ᠳᠥᠷᠪᠡᠨ ᠲᠥᠷᠥᠯ ᠤᠨ ᠬᠥᠮᠦᠰ ᠠᠴᠠ ᠭᠠᠳᠠᠨ᠎ᠠ ᠪᠠᠰᠠ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠢ ᠬᠢᠨᠠᠨ ᠬᠠᠷᠭᠤᠭᠤᠯᠬᠤ᠂ ᠵᠠᠰᠠᠭ ᠵᠠᠬᠢᠷᠭ᠎ᠠ ᠶᠢᠨ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠳᠠᠰᠤᠯᠤᠨ ᠲᠣᠭᠲᠠᠭᠠᠯᠲᠠ ᠬᠢᠬᠦ ᠠᠵᠢᠯᠳᠡᠠ ᠵᠢᠴᠢ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠴᠠᠭᠠᠵᠠ ᠶᠢᠨ ᠲᠦᠷᠦᠯ ᠤᠨ ᠬᠥᠨᠳᠡᠯᠡᠨ ᠠᠴᠠ ᠲᠠᠰᠤᠯᠤᠭᠴᠢ ᠴᠤ ᠡᠷᠬᠡᠪᠰᠢ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠲᠠ ᠳᠤ ᠤᠷᠤᠯᠴᠠᠵᠤ᠂ ᠠᠵᠢᠯ ᠮᠡᠷᠭᠡᠵᠢᠯ ᠤᠨ ᠬᠢᠷᠢ ᠬᠡᠮ ᠤᠯᠬᠤ ᠬᠡᠷᠡᠭᠲᠠᠢ ᠪᠤᠯᠭᠠᠬᠤ ᠪᠤᠯᠤᠨ᠎ᠠ᠃      ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠲᠦᠷᠢᠮ ᠢ ᠬᠡᠷᠡᠭᠵᠢᠬᠦᠯᠦᠭᠰᠡᠨ 15 ᠵᠢᠯ ᠤᠨ ᠲᠤᠷᠰᠢ᠂ ᠮᠠᠨ ᠤ ᠣᠷᠣᠨ ᠤ ᠰᠢᠯᠭᠠᠯᠲᠠ ᠳᠤ ᠤᠷᠤᠯᠴᠠᠭᠰᠠᠨ ᠬᠥᠮᠦᠨ ᠤ ᠲᠤᠭ᠎ᠠ 13.58 ᠲᠦᠮᠡ ᠳᠤ ᠬᠦᠷᠪᠡ᠂ ᠡᠭᠦᠨ ᠳᠤ ᠤᠯᠤᠰ ᠤᠨ ᠬᠢᠷᠢ ᠲᠡᠩᠴᠡᠭᠦ ᠬᠤᠪᠢ ᠶᠢᠨ ᠬᠢᠵᠠᠭᠠᠷ ᠲᠤ ᠬᠦᠷᠦᠭᠰᠡᠨ ᠬᠦᠮᠦᠨ ᠤ ᠲᠤᠭ᠎ᠠ 2.35 ᠲᠦᠮᠡ᠂ ᠣᠷᠣᠨ ᠨᠤᠲᠤᠭ ᠤᠨ ᠬᠢᠷᠢ ᠲᠡᠩᠴᠡᠭᠦ ᠬᠤᠪᠢ ᠶᠢᠨ ᠬᠢᠵᠠᠭᠠᠷ ᠲᠤ ᠬᠦᠷᠦᠭᠰᠡᠨ ᠬᠦᠮᠦᠨ ᠤ ᠲᠤᠭ᠎ᠠ 1.36 ᠲᠦᠮᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号