ᠥᠪᠡᠷᠲᠡᠭᠡᠨ ᠵᠠᠰᠠᠬᠤ ᠣᠷᠣᠨ ᠪᠦᠬᠦᠨ ᠳᠤ ᠲᠤᠬᠢᠷᠠᠬᠤ ᠺᠠᠷᠲ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ 249.98 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2017/9/18
     2017 ᠤᠨ ᠤ 8 ᠳ᠋ᠤᠭᠠᠷ ᠰᠠᠷ᠎ᠠ ᠶᠢᠨ 31᠎ ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠪᠦᠬᠦᠨ ᠳᠤ ᠲᠤᠬᠢᠷᠠᠬᠤ ᠺᠠᠷᠲ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ 249.95 ᠳ᠋ᠦᠩᠰᠢᠭᠤᠷ ᠲᠥᠭᠦᠷᠢᠭ ᠲᠠᠷᠬᠠᠭᠠᠵᠤ᠂ 177 ᠵᠦᠢᠯ ᠤᠨ ᠨᠦᠬᠦᠪᠦᠷᠢ ᠲᠠᠢ ᠬᠤᠯᠪᠤᠭᠳᠠᠵᠤ᠂ ᠪᠥᠬᠦ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ 2269 ᠲᠦᠮᠡᠨ ᠬᠦᠮᠦᠨ ᠤᠳᠠᠭ᠎ᠠ ᠠᠰᠢᠭ ᠬᠦᠷᠲᠡᠭᠡᠵᠡᠢ᠃ ᠪᠡᠯᠡ ᠮᠥᠩᠭᠦ ᠶᠢᠨ ᠢᠷᠡᠯᠲᠡ ᠠᠴᠠ ᠦᠵᠡᠪᠡᠯ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠠᠷᠬᠠᠭᠠᠭᠰᠠᠨ ᠨᠥᠬᠦᠪᠥᠷᠢ ᠪᠡᠯᠡ ᠮᠥᠩᠭᠦ 222.62 ᠳ᠋ᠦᠩᠰᠢᠭᠤᠷ ᠲᠥᠭᠦᠷᠢᠭ ᠪᠠᠶᠢᠵᠤ᠂ ᠪᠦᠬᠦᠨ ᠳᠤ ᠲᠤᠬᠢᠷᠠᠬᠤ ᠺᠠᠷᠲ ᠢᠶᠠᠷ ᠳᠠᠮᠵᠢᠭᠤᠯᠤᠨ ᠲᠠᠷᠬᠠᠭᠠᠭᠰᠠᠨ ᠨᠥᠬᠦᠪᠥᠷᠢ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ ᠪᠠᠷᠤᠭ 89% ᠤᠷᠴᠢᠮ ᠢ ᠡᠵᠡᠯᠡᠵᠡᠢ︔ ᠠᠶᠢᠮᠠᠭ ᠬᠤᠲᠠ ᠬᠤᠰᠢᠭᠤ ᠰᠢᠶᠠᠨ ᠤ ᠥᠪᠡᠰᠦᠪᠡᠨ ᠲᠠᠷᠬᠠᠭᠠᠭᠰᠠᠨ ᠨᠥᠬᠦᠪᠥᠷᠢ ᠪᠡᠯᠡ ᠮᠥᠩᠭᠦ      27.33 ᠳ᠋ᠦᠩᠰᠢᠭᠤᠷ ᠲᠥᠭᠦᠷᠢᠭ ᠪᠠᠶᠢᠵᠤ᠂ ᠪᠦᠬᠦᠨ ᠳᠤ ᠲᠤᠬᠢᠷᠠᠬᠤ ᠺᠠᠷᠲ ᠢᠶᠠᠷ ᠳᠠᠮᠵᠢᠭᠤᠯᠤᠨ ᠲᠠᠷᠬᠠᠭᠠᠭᠰᠠᠨ ᠨᠥᠬᠦᠪᠥᠷᠢ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ ᠪᠠᠷᠤᠭ 11% ᠤᠷᠴᠢᠮ ᠢ ᠡᠵᠡᠯᠡᠵᠡᠢ᠃ ᠪᠡᠯᠡ ᠮᠥᠩᠭᠦ ᠲᠠᠷᠬᠠᠭᠠᠭᠰᠠᠨ ᠴᠢᠭᠯᠡᠯ ᠠᠴᠠ ᠠᠪᠴᠤ ᠦᠵᠡᠪᠡᠯ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠪᠡᠯᠡ ᠮᠥᠩᠭᠦ 230.30 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦᠨ ᠳᠤ ᠲᠤᠬᠢᠷᠠᠬᠤ ᠺᠠᠷᠲ ᠢᠶᠠᠷ ᠳᠠᠮᠢᠵᠭᠤᠯᠤᠨ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢᠨ ᠶᠡᠷᠦᠩᠬᠡᠢ ᠲᠤᠭ᠎ᠠ ᠶᠢᠨ ᠪᠠᠷᠤᠭ 92% ᠣᠷᠴᠢᠮ ᠢ ᠡᠵᠡᠯᠡᠵᠡᠢ︔ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠣᠯᠭᠤᠬᠤ ᠨᠥᠬᠦᠪᠥᠷᠢ ᠪᠡᠯᠡ ᠮᠥᠩᠭᠦ     19.65 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦᠨ ᠳᠤ ᠲᠤᠬᠢᠷᠠᠬᠤ ᠺᠠᠷᠲ ᠢᠶᠠᠷ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢᠨ ᠶᠡᠷᠦᠩᠬᠡᠢ ᠲᠤᠭ᠎ᠠ ᠶᠢᠨ ᠪᠠᠷᠤᠭ 8% ᠤᠷᠴᠢᠮ ᠢ ᠡᠵᠡᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号