︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠢ ᠪᠦᠳᠦᠬᠡᠨ ᠪᠠᠶᠢᠭᠤᠯᠵᠤ ᠪᠦᠬᠦ | ᠪᠦᠮᠪᠦᠷᠴᠡᠭ ᠲᠤ ᠬᠠᠨᠳᠤᠭᠤᠯᠤᠨ ᠬᠠᠮᠳᠤᠷᠠᠨ ᠠᠵᠢᠯᠯᠠᠵᠤ ᠬᠠᠮᠳᠤᠪᠡᠷ ᠠᠰᠢᠭ ᠬᠦᠷᠳᠡᠶᠠ︾ ᠬᠡᠬᠦ ᠭᠤᠤᠯ ᠰᠡᠳᠦᠪᠳᠤ | 2017 ᠬᠤᠶᠠᠳᠤᠭᠠᠷ ᠬᠤᠭᠤᠴᠠᠭᠠᠨ ᠤ ᠳᠤᠮᠳᠠᠳᠦ ᠮᠤᠩᠭᠤᠯ ᠤᠨ ᠦᠵᠡᠰᠭᠦᠯᠡᠩ ᠤᠨ ᠴᠤᠭᠯᠠᠭᠠᠨ 9 ᠳ᠋ᠦ᠋ᠭᠡᠷ | ᠰᠠᠷ᠎ᠠ ᠶᠢᠨ 26 — 30 ᠤ ᠡᠳᠦᠷ ᠪᠤᠯᠳᠠᠯ᠎ᠠ ᠬᠦᠬᠡᠬᠤᠳᠠ ᠳᠤ ᠶᠠᠪᠤᠭᠳᠠᠬᠤ ᠪᠤᠯᠤᠨ᠎ᠠ᠃ | ᠤᠶᠢᠯᠠᠭᠠᠭᠰᠠᠨ ᠢᠶᠠᠷ᠂ ᠳᠤᠰ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠢ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠮᠤᠩᠭᠤᠯ ᠤᠯᠤᠰ | ᠤᠨ ᠬᠦᠨᠡᠰᠦ ᠬᠦᠳᠡᠭᠡ ᠠᠵᠤ ᠠᠬᠤᠢ ᠬᠦᠩᠬᠡᠨ ᠠᠵᠤ ᠦᠢᠯᠡᠳᠪᠦᠷᠢ ᠶᠢᠨ ᠶᠠᠮᠤᠨ ᠬᠢᠭᠡᠳ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠬᠠᠮᠳᠤᠷᠠᠨ ᠡᠷᠬᠢᠯᠡᠵᠤ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠠᠭᠠᠭᠠᠴᠢᠯᠠᠨ ᠡᠷᠬᠢᠯᠡᠭᠦ ᠪᠤᠯᠤᠨ᠎ᠠ᠃ | ᠦᠵᠡᠰᠭᠦᠯᠡᠩ ᠤᠨ ᠴᠤᠭᠯᠠᠭᠠᠨ ᠨᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠤᠯᠤᠨ ᠮᠤᠩᠭᠤᠯ ᠤᠯᠤᠰ | ᠤᠨ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠪᠠᠶᠢᠭᠤᠯᠤᠨ ᠬᠦᠭᠵᠢᠬᠦᠯᠬᠦ ᠳᠤᠬᠠᠢ | ᠬᠠᠮᠳᠤᠷᠠᠭᠰᠠᠨ ᠳᠤᠩᠬᠠᠭ︾ ᠢᠶᠠᠷ ᠦᠨᠳᠦᠰᠦᠯᠡᠯ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ | ︽ᠳᠤᠮᠳᠠᠳᠤ ᠮᠤᠩᠭᠤᠯ ᠬᠤᠶᠠᠷ ᠤᠯᠤᠰ ᠤᠨ ᠵᠠᠰᠠᠭ ᠤᠨ ᠤᠷᠳᠤᠨ ᠠᠴᠠ ᠬᠠᠮᠳᠤᠪᠡᠷ ᠡᠷᠬᠢᠯᠡᠵᠤ᠂ ᠪᠦᠬᠦ | ᠲᠠᠯᠠᠬᠡᠢ ᠳᠤ ᠬᠠᠨᠳᠤᠭᠤᠯᠤᠭᠰᠠᠨ ᠤᠯᠠᠨ ᠤᠯᠤᠰ ᠤᠨ ᠴᠢᠨᠠᠷᠳᠠᠢ ᠦᠵᠡᠰᠭᠦᠯᠡᠩ ᠬᠤᠷᠠᠯ︾ ᠢ | ᠦᠢᠯᠡᠳᠦᠯᠭᠡᠵᠢᠭᠦᠯᠭᠦ ᠪᠠᠷ ᠬᠠᠷᠠᠯᠳᠠ ᠪᠤᠯᠭᠠᠵᠤ᠂ ᠦᠪᠦᠷ ᠮᠤᠩᠭᠤᠯ ᠤᠨ ᠤᠷᠤᠨ ᠪᠠᠶᠢᠷᠢ ᠶᠢᠨ ᠳᠠᠪᠠᠭᠤᠯᠢᠭ ᠪᠠ | ᠤᠨᠴᠠᠯᠢᠭᠳᠤ ᠠᠵᠤ ᠦᠢᠯᠡᠰ ᠤᠨ ᠳᠠᠪᠠᠭᠤᠯᠢᠭ ᠵᠢᠴᠢ ᠳᠤᠮᠳᠠᠳᠤ ᠮᠤᠩᠭᠤᠯ ᠬᠤᠶᠠᠷ ᠤᠯᠤᠰ ᠤᠨ ᠤᠳᠤᠬᠠᠨ ᠳᠤ | ᠪᠠᠶᠢᠭ᠎ᠠ ᠤᠯᠠᠨ ᠬᠦᠷᠢᠶ᠎ᠠ ᠴᠠᠷᠠᠭ᠎ᠠ ᠶᠢᠨ ᠬᠠᠮᠳᠤᠷᠠᠯᠴᠠᠭᠠᠨ ᠤ ᠰᠠᠭᠤᠷᠢᠨ ᠢ ᠠᠰᠢᠬᠯᠠᠵᠤ᠂ ᠳᠤᠮᠳᠠᠳᠤ ᠮᠤᠩᠭᠤᠯ ᠤᠨ | ᠦᠵᠡᠰᠭᠦᠯᠡᠩ ᠤᠨ ᠴᠤᠭᠯᠠᠭᠠᠨ ᠤ ᠬᠠᠮᠳᠤᠷᠠᠯᠴᠠᠭᠠᠨ ᠤ ᠳᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠳᠤᠮᠳᠠᠳᠤ | ᠮᠤᠩᠭᠤᠯ ᠬᠤᠶᠠᠷ ᠤᠯᠤᠰ ᠵᠢᠴᠢ ᠳᠡᠯᠡᠭᠡᠢ ᠶᠢᠨ ᠡᠯ᠎ᠠ ᠤᠯᠤᠰ ᠤᠨ ᠬᠠᠷᠢᠯᠴᠠᠭ᠎ᠠ ᠶᠢ ᠪᠦᠬᠦ ᠳᠠᠯ᠎ᠠ ᠪᠠᠷ ᠦᠷᠭᠡᠳᠭᠡᠵᠤ᠂ | ᠬᠠᠮᠳᠤᠷᠠᠯᠴᠠᠭᠠᠨ ᠤ ᠨᠦᠭᠡᠴᠡ ᠬᠦᠴᠦᠨ ᠢ ᠢᠯᠡᠷᠡᠭᠦᠯᠦᠨ ᠬᠠᠮᠳᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠤ᠂ | ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠭᠰᠡᠨ᠂ ᠬᠠᠮᠳᠤᠪᠡᠷ ᠬᠦᠭᠵᠢᠭᠰᠡᠨ᠂ ᠪᠦᠬᠦ ᠲᠠᠯᠠᠭᠡᠢ ᠳᠤ | ᠬᠠᠨᠳᠤᠭᠤᠯᠤᠭᠰᠠᠨ ᠰᠤᠯᠢᠯᠴᠠᠭ᠎ᠠ ᠬᠠᠮᠳᠤᠷᠠᠯᠴᠠᠭᠠᠨ ᠤ ᠲᠠᠪᠴᠠᠩ ᠢ ᠪᠦᠬᠦ ᠬᠦᠴᠦᠨ ᠢᠶᠠᠷ ᠢᠶᠠᠨ ᠴᠤᠬᠴᠠᠯᠠᠬᠤ | ᠪᠤᠯᠤᠨ᠎ᠠ᠃ | ᠳᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ᠂ ᠳᠤᠮᠳᠠᠳᠤ ᠮᠤᠩᠭᠤᠯ ᠤᠨ ᠪᠡᠯᠡ | ᠤᠷᠤᠭᠤᠯᠤᠯᠳᠠ ᠶᠢᠨ ᠤᠷᠴᠢᠨ ᠳᠤᠭᠤᠷᠢᠨ ᠬᠢᠭᠡᠳ ᠭᠤᠤᠯᠳᠠᠯᠭ᠎ᠠ ᠲᠠᠢ ᠲᠦᠷᠦᠯ ᠵᠦᠢᠯ ᠤᠨ ᠳᠠᠨᠢᠯᠴᠠᠭᠤᠯᠭ᠎ᠠ ᠶᠢᠨ | ᠬᠤᠷᠠᠯ ᠵᠡᠷᠭᠡ ᠶᠢ ᠪᠠᠭᠳᠠᠭᠠᠭᠰᠠᠨ ᠪᠡᠯᠡ ᠤᠷᠤᠭᠤᠯᠤᠯᠳᠠ ᠠᠷᠠᠯᠵᠢᠶ᠎ᠠ ᠶᠢᠨ ᠵᠦᠪᠳᠡᠯᠴᠡᠭᠡᠷ ᠤᠨ ᠬᠡᠰᠡᠭ᠂ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ — ᠮᠤᠩᠭᠤᠯ ᠤᠯᠤᠰ ᠤᠨ ᠦᠵᠡᠰᠭᠦᠯᠡᠩ ᠤᠨ ᠴᠤᠭᠯᠠᠭᠠᠨ ᠤ | ᠡᠬᠢᠯᠡᠯᠳᠡ ᠶᠢᠨ ᠶᠤᠰᠤᠯᠠᠯ ᠵᠢᠴᠢ ᠳᠤᠮᠳᠠᠳᠤ ᠮᠤᠩᠭᠤᠯ ᠤᠷᠤᠰ ᠤᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ | ᠵᠡᠷᠭᠡ ᠶᠢ ᠪᠠᠭᠳᠠᠭᠠᠭᠰᠠᠨ ᠬᠤᠷᠠᠯ ᠶᠠᠷᠢᠶᠠᠨ ᠤ ᠳᠠᠪᠴᠠᠩ ᠤᠨ ᠬᠡᠰᠡᠭ᠂ ᠤᠯᠠᠨ ᠤᠯᠤᠰ ᠵᠢᠴᠢ ᠤᠯᠤᠰ ᠤᠨ | ᠳᠤᠳᠤᠭᠠᠳᠤ ᠶᠢᠨ ᠪᠠᠷᠠᠭ᠎ᠠ ᠳᠠᠸᠠᠷ ᠤᠨ ᠳᠠᠯᠭᠡᠨ ᠦᠵᠡᠭᠦᠯᠦᠯᠭᠡ ᠵᠡᠷᠭᠡ ᠶᠢ ᠪᠠᠭᠳᠠᠭᠠᠭᠰᠠᠨ ᠦᠵᠡᠰᠭᠦᠯᠡᠩ ᠳᠡᠯᠭᠡᠨ | ᠦᠵᠡᠭᠦᠯᠦᠯᠭᠡ ᠶᠢᠨ ᠬᠡᠰᠡᠭ᠂ ᠠᠩᠬᠠᠳᠤᠭᠠᠷ ᠬᠤᠭᠤᠴᠠᠭᠠᠨ ᠤ ︽ᠳᠠᠯ᠎ᠠ ᠨᠤᠳᠤᠭ ᠤᠨ ᠪᠤᠯᠵᠤᠭ᠎ᠠ︾ ᠤᠯᠠᠨ ᠤᠯᠤᠰ | ᠤᠨ ᠨᠡᠭᠦᠳᠡᠯ ᠰᠤᠶᠤᠯ ᠤᠨ ᠳᠠᠭᠤᠤ ᠬᠦᠭᠵᠢᠮ ᠤᠨ ᠨᠠᠶᠢᠷ ᠵᠡᠷᠭᠡ ᠶᠢ ᠪᠠᠭᠳᠠᠭᠠᠭᠰᠠᠨ ᠳᠤᠮᠳᠠᠳᠤ ᠮᠤᠩᠭᠤᠯ ᠤᠯᠠᠨ | ᠤᠯᠤᠰ ᠤᠨ ᠰᠤᠶᠤᠯ ᠤᠨ ᠰᠤᠯᠢᠯᠴᠠᠭᠠᠨ ᠤ ᠭᠠᠷᠠᠭ ᠤᠨ ᠠᠵᠢᠯᠯᠠᠭ᠎ᠠ ᠶᠢᠨ ᠬᠡᠰᠡᠭ ᠵᠡᠷᠭᠡ ︽ᠲᠦᠷᠪᠡᠨ ᠳᠤᠮᠤ ᠬᠡᠰᠡᠭ︾ | ᠢᠶᠠᠷ ᠶᠠᠪᠤᠭᠳᠠᠬᠤ ᠪᠤᠯᠤᠨ᠎ᠠ᠃ |