| ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠡᠷᠢᠶᠡᠨ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ᠂ ᠬᠤᠳᠠ ᠶᠢᠨ ᠳᠠᠷᠤᠭ᠎ᠠ ᠲᠢᠶᠠᠨ ᠶᠦᠩ ᠳᠤᠮᠳᠠᠳᠤ ᠤᠯᠤᠰ ᠤᠨ ᠬᠤᠷᠢᠨ ᠬᠤᠶᠠᠳᠣᠭᠠᠷ | ᠲᠡᠮᠦᠷ ᠬᠠᠶᠢᠯᠤᠭᠤᠯᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠢᠦᠢ ᠱᠠᠨ ᠯᠤᠭ᠎ᠠ | ᠲᠥᠷᠥᠯ ᠵᠦᠢᠯ ᠤᠨ ᠭᠡᠷ᠎ᠡ ᠲᠣᠭᠲᠠᠬᠤ ᠲᠤᠬᠠᠶ ᠶᠢᠨ ᠲᠠᠯᠠᠪᠠᠢ ᠳᠤ ᠪᠠᠶᠢᠭ᠎ᠠ ᠨᠢ᠃ | 9 ᠳ᠋ᠦ᠋ᠭᠡᠷ ᠰᠠᠷ᠎ᠠ ᠶᠢᠨ 21 ᠤ ᠡᠳᠦᠷ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ︵ᠳᠤᠮᠳᠠᠳᠤ ᠤᠯᠤᠰ ᠤᠨ ᠲᠠᠯ᠎ᠠ ᠶᠢᠨ ᠬᠢ︶ ᠤ ᠰᠠᠭᠤᠷᠢ ᠪᠡᠯᠡᠳᠬᠡᠮᠵᠢ ᠶᠢᠨ ᠪᠦᠳᠣᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ | ᠵᠥᠪᠳᠡᠯᠴᠡᠭᠡᠷ ᠢ ᠡᠷᠢᠶᠡᠨ ᠬᠤᠲᠠ ᠳᠤ ᠲᠣᠭᠲᠠᠪᠠ᠃ ᠡᠨᠡ ᠨᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ | ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠬᠦ | ᠱᠠᠲᠤᠨ ᠳᠤ ᠣᠷᠣᠵᠤ᠂ ᠳᠤᠮᠳᠠᠳᠤ ᠤᠯᠤᠰ ᠤᠨ ᠬᠤᠷᠢᠨ ᠬᠤᠶᠠᠳᠣᠭᠠᠷ ᠲᠡᠮᠦᠷ ᠬᠠᠶᠢᠯᠤᠭᠤᠯᠬᠤ ᠪᠦᠯᠦᠭᠯᠡᠯ ᠬᠢᠭᠡᠳ | ᠡᠷᠢᠶᠡᠨ ᠬᠤᠲᠠ ᠨᠢ PPP ᠲᠥᠷᠥᠯ ᠵᠦᠶᠯ ᠤᠨ ᠵᠠᠭᠪᠤᠷ ᠢᠶᠠᠷ ᠬᠠᠮᠲᠤᠷᠠᠯᠴᠠᠭ᠎ᠠ ᠪᠠᠨ ᠦᠷᠨᠢᠭᠦᠯᠦᠭᠰᠡᠨ ᠢ | ᠢᠯᠡᠳᠬᠡᠵᠦ ᠪᠠᠶᠢᠨ᠎ᠠ᠃ ᠡᠷᠢᠶᠡᠨ ᠬᠤᠳᠠ ᠳᠠᠬᠢ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ | ᠬᠢᠬᠦ ᠲᠤᠷᠰᠢᠯᠲᠠ ᠶᠢᠨ ᠣᠷᠣᠨ ᠤ ᠤᠳᠤᠷᠢᠳᠤᠮᠵᠢ ᠶᠢᠨ ᠴᠢᠨᠠᠷᠲᠠᠶ ᠢᠨᠵᠧᠨᠧᠷᠢᠩ ᠪᠣᠯᠣᠭᠰᠠᠨ ᠤ ᠬᠤᠪᠢ ᠳᠤ᠂ | ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ | ᠲᠥᠯᠥᠪᠵᠢᠭᠦᠯᠦᠭᠰᠡᠨ ᠲᠠᠯᠠᠪᠠᠢ ᠨᠢ 18 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠂ ᠡᠭᠦᠨ ᠳᠤ ᠳᠤᠮᠳᠠᠳᠤ | ᠮᠣᠩᠭᠤᠯ ᠬᠤᠶᠠᠷ ᠡᠲᠡᠭᠡᠳ ᠢᠶᠠᠷ ᠢᠶᠠᠨ ᠲᠤᠰ ᠪᠦᠷᠢ 9 ᠲᠡᠭᠰᠢ ᠳᠥᠷᠪᠡᠯᠵᠢᠨ ᠺᠢᠯᠣᠮᠧᠲᠷ ᠢ ᠡᠵᠡᠯᠡᠨ᠂ ︽ᠬᠤᠶᠠᠷ | ᠤᠯᠤᠰ ᠨᠢᠭᠡ ᠣᠷᠣᠨ᠂ ᠬᠢᠯᠢ ᠶᠢᠨ ᠲᠣᠲᠤᠷ᠎ᠠ ᠪᠣᠭᠤᠮᠲᠠ ᠶᠢᠨ ᠭᠠᠳᠠᠨ᠎ᠠ᠂ ᠪᠢᠲᠡᠭᠦᠮᠵᠢᠯᠡᠨ ᠠᠵᠢᠯᠯᠠᠭᠤᠯᠬᠤ︾ | ᠵᠠᠭᠪᠤᠷ ᠢᠶᠠᠷ ᠳᠠᠮᠵᠢᠭᠤᠯᠤᠨ᠂ ᠤᠯᠠᠨ ᠤᠯᠤᠰ ᠤᠨ ᠠᠷᠠᠯᠵᠢᠶ᠎ᠠ᠂ ᠪᠠᠷᠠᠭ᠎ᠠ ᠶᠢᠨ ᠭᠦᠢᠯᠭᠡᠭᠡ ᠬᠢᠭᠡᠳ ᠬᠥᠮᠥᠷᠭᠡᠯᠡᠵᠦ | ᠬᠠᠳᠠᠭᠠᠯᠠᠬᠤ᠂ ᠬᠢᠯᠢ ᠪᠠᠷ ᠣᠷᠣᠭᠤᠯᠵᠤ ᠭᠠᠷᠭᠠᠬᠤ ᠪᠣᠯᠪᠠᠰᠤᠷᠠᠭᠤᠯᠤᠯᠲᠠ᠂ ᠡᠯᠧᠺᠲᠷᠣᠨ ᠬᠤᠳᠠᠯᠳᠤᠭ᠎ᠠ᠂ | ᠵᠢᠭᠤᠯᠴᠢᠯᠠᠯ ᠵᠤᠭ᠎ᠠ ᠴᠡᠩᠭᠡᠯ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠠᠪᠴᠠᠩ ᠢ ᠴᠣᠭᠴᠠᠯᠠᠬᠤ ᠪᠣᠯᠣᠨ᠎ᠠ᠃ | ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠡᠷᠢᠶᠡᠨ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ᠂ ᠬᠤᠳᠠ ᠶᠢᠨ ᠳᠠᠷᠤᠭ᠎ᠠ ᠲᠢᠶᠠᠨ ᠶᠦᠩ ᠳᠤᠮᠳᠠᠳᠤ ᠤᠯᠤᠰ ᠤᠨ ᠬᠤᠷᠢᠨ ᠬᠤᠶᠠᠳᠣᠭᠠᠷ | ᠲᠡᠮᠦᠷ ᠬᠠᠶᠢᠯᠤᠭᠤᠯᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠢᠦᠢ ᠱᠠᠨ ᠯᠤᠭ᠎ᠠ | ᠲᠥᠷᠥᠯ ᠵᠦᠢᠯ ᠤᠨ ᠭᠡᠷ᠎ᠡ ᠲᠣᠭᠲᠠᠬᠤ ᠲᠤᠬᠠᠶ ᠶᠢᠨ ᠲᠠᠯᠠᠪᠠᠢ ᠳᠤ ᠪᠠᠶᠢᠭ᠎ᠠ ᠨᠢ᠃ | ᠣᠶᠢᠷ᠎ᠠ ᠶᠢᠨ ᠵᠢᠯ ᠤᠳ ᠲᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ | ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠡᠷᠢᠶᠡᠨ ᠬᠤᠲᠠ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ ᠤᠨ ᠳᠠᠪᠠᠭᠤᠯᠢᠭ ᠲᠠᠯ᠎ᠠ ᠶᠢ | ᠭᠦᠢᠴᠡᠳ ᠠᠰᠢᠭᠯᠠᠵᠤ᠂ ᠮᠣᠩᠭᠤᠯ ᠤᠷᠤᠰ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠶᠢᠨ ᠠᠵᠤ ᠠᠬᠤᠶ | ᠠᠷᠠᠯᠵᠢᠶᠠᠨ ᠤ ᠬᠠᠮᠲᠤᠷᠠᠯᠴᠠᠭ᠎ᠠ᠂ ᠬᠥᠮᠦᠨ ᠰᠣᠶᠣᠯ ᠤᠨ ᠰᠣᠯᠢᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ | ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠭᠠᠳᠠᠭᠠᠳᠤ ᠯᠤᠭ᠎ᠠ ᠴᠢᠯᠥᠭᠡᠲᠡᠶ | ᠶᠠᠪᠤᠯᠴᠠᠬᠤ ᠲᠠᠯ᠎ᠠ ᠪᠠᠷ ᠮᠡᠳᠡᠭᠳᠡᠬᠦ᠋ᠢᠴᠡ ᠠᠮᠵᠢᠯᠲᠠ ᠪᠦᠲᠦᠮᠵᠢ ᠤᠯᠪᠠ᠃ ᠢᠯᠠᠩᠭᠤᠶ᠎ᠠ 2014 ᠣᠨ ᠳᠤ | ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠢᠶᠠᠷ | ᠵᠥᠪᠰᠢᠶᠡᠷᠡᠭᠳᠡᠭᠰᠡᠨ ᠠᠴᠠ ᠨᠠᠰᠢ᠂ ᠡᠷᠢᠶᠡᠨ ᠬᠤᠳᠠ ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠨᠡᠶᠢᠯᠡᠨ ᠣᠷᠣᠵᠤ᠂ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠠᠭ | ᠲᠤᠬᠠᠶ ᠳᠤᠨᠢ ᠡᠬᠢᠯᠡᠭᠦᠯᠦᠨ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠤ | ᠤᠳᠤᠷᠢᠳᠤᠮᠵᠢ ᠶᠢᠨ ᠴᠢᠨᠠᠷᠲᠠᠶ ᠢᠨᠵᠧᠨᠧᠷᠢᠩ ᠤᠨ ᠨᠢᠭᠡ ᠶᠢ ᠨᠢ ᠪᠣᠯᠭᠠᠨ ᠲᠣᠭᠲᠠᠭᠠᠵᠠᠢ᠃ | ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠤ ᠳᠤᠮᠳᠠᠳᠤ ᠤᠯᠤᠰ ᠤᠨ ᠲᠠᠯ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠳᠤ ᠨᠡᠶᠢᠲᠡ 8.24 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2 ᠵᠢᠯ ᠤᠨ | ᠬᠤᠭᠤᠴᠠᠭᠠᠨ ᠳᠤ ᠪᠦᠳᠦᠭᠡᠠ ᠪᠠᠶᠢᠭᠤᠯᠵᠤ᠂ ᠡᠨᠡ ᠵᠢᠯ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ | ᠭᠤᠤᠷᠰᠤ ᠶᠢᠨ ᠰᠢᠷᠣᠶ ᠶᠢᠨ ᠪᠠᠷᠢᠯᠭ᠎ᠠ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ | ᠰᠠᠭᠤᠷᠢ ᠪᠥᠳᠥᠭᠡᠨ ᠪᠠᠶᠢᠭᠤᠯᠤᠯᠲᠠ ᠶᠢ ᠪᠡᠶᠡᠯᠡᠭᠦᠯᠬᠦ ᠪᠣᠯᠣᠨ᠎ᠠ᠃ | |