ᠪᠦᠬᠦ ᠣᠷᠣᠨ ᠤ 2198 ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯᠯᠠᠭ᠎ᠠ ᠪᠤᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠴᠦᠮ ᠪᠠᠷᠢᠮᠵᠢᠶ᠎ᠠ ᠳᠤ ᠬᠦᠷᠪᠡ
ᠨᠡᠶᠢᠲᠡᠯᠡᠭᠰᠡᠨ ᠴᠠᠭ᠄
2017/9/22
      ᠣᠶᠢᠷ᠎ᠠ ᠶᠢᠨ ᠵᠢᠯ ᠠᠴᠠ ᠨᠠᠰᠢ᠂ ᠮᠠᠨ ᠤ ᠣᠷᠣᠨ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ ᠡᠴᠦᠰ ᠪᠤᠯᠬᠤ ᠳᠤ᠂ ᠪᠦᠬᠦ ᠣᠷᠣᠨ ᠤ 2198 ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠨᠢ ᠴᠦᠮ ᠠᠯᠢ ᠪᠠᠭ᠎ᠠ ᠳᠠᠭᠠᠨ 300 ᠲᠡᠭᠰᠢ ᠳᠦᠷᠪᠡᠯᠵᠢᠨ ᠮᠧᠲᠷ ᠠᠴᠠ ᠳᠡᠭᠡᠭᠰᠢᠬᠢ ᠪᠠᠶᠢᠬᠤ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠪᠡ᠃ ᠡᠭᠦᠨ ᠳᠤ᠄ ᠲᠦᠩᠯᠢᠶᠣᠤ ᠬᠤᠳᠠ᠂ ᠦᠬᠠᠶ ᠬᠤᠳᠠ᠂ ᠠᠯᠠᠱᠠ ᠠᠶᠢᠮᠠᠭ ᠵᠡᠷᠭᠡ ᠭᠠᠵᠠᠷ ᠤᠷᠤᠨ 2013 ᠤᠨ ᠳᠤ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠪᠠᠷᠢᠮᠵᠢᠶ᠎ᠠ ᠳᠤ ᠬᠦᠷᠦᠬᠦᠯᠬᠦ ᠡᠭᠦᠷᠭᠡ ᠶᠢ ᠪᠡᠶᠡᠯᠡᠭᠦᠯᠦᠭᠡᠳ᠂ ᠮᠠᠨ ᠤ ᠣᠷᠣᠨ ᠤ ᠬᠠᠮᠤᠭ ᠡᠷᠲᠡ ᠡᠭᠦᠷᠭᠡ ᠪᠠᠨ ᠪᠡᠶᠡᠯᠡᠭᠦᠯᠦᠭᠰᠡᠨ ᠭᠠᠵᠠᠷ ᠣᠷᠣᠨ ᠪᠤᠯᠤᠭᠰᠠᠨ ᠪᠠᠶᠢᠨ᠎ᠠ︔ ᠣᠷᠳᠣᠰ ᠬᠤᠲᠠ ᠪᠦᠬᠦ ᠣᠷᠣᠨ ᠳᠤ ᠲᠠᠯᠠᠪᠠᠶ ᠪᠠᠷ ᠬᠠᠮᠤᠭ ᠤᠨ ᠲᠤᠮᠤ ᠨᠡᠶᠢᠭᠡᠮ ᠲᠣᠭᠤᠷᠢᠭ ᠤᠨ ᠠᠵᠢᠯᠯᠠᠭ᠎ᠠ ᠪᠤᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠪᠠᠶᠢᠭᠤᠯᠵᠤ᠂ 1 ᠲᠦᠮᠡ ᠭᠠᠷᠤᠶ ᠲᠡᠭᠰᠢ ᠳᠥᠷᠪᠡᠯᠵᠢᠨ ᠮᠧᠲᠷ ᠲᠤ ᠬᠦᠷᠪᠡ︔ ᠪᠤᠭᠤᠲᠤ ᠬᠤᠳᠠ᠂ ᠡᠷᠢᠶᠡᠨ ᠬᠤᠳᠠ᠂ ᠮᠠᠨᠵᠤᠤᠷ ᠬᠤᠳᠠ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠵᠡᠷᠭᠡ ᠭᠠᠵᠠᠷ ᠤᠷᠤᠨ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠲᠣᠭᠤᠷᠢᠭ ᠪᠤᠯᠤᠨ ᠬᠠᠭᠤᠴᠢᠨ ᠬᠤᠲᠠ ᠶᠢᠨ ᠲᠣᠭᠤᠷᠢᠭ ᠢ ᠵᠠᠯᠭᠠᠯᠳᠤᠭᠤᠯᠤᠨ ᠥᠭᠡᠷᠡᠴᠢᠯᠡᠬᠦ ᠵᠡᠷᠭᠡ ᠳᠦᠷᠦᠯ ᠵᠦᠢᠯ ᠳᠡᠭᠡᠨ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠢᠵᠢ ᠪᠦᠷᠢᠳᠦᠬᠦᠯᠦᠨ ᠪᠦᠲᠦᠭᠡᠨ ᠪᠠᠶᠢᠭᠤᠯᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠬᠤ ᠨᠡᠶᠢᠭᠡᠮ ᠲᠣᠭᠤᠷᠢᠭ ᠲᠤ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠤᠷᠢᠳᠴᠢᠯᠠᠨ ᠦᠯᠡᠳᠡᠭᠡᠬᠦ ᠠᠰᠠᠭᠤᠳᠠᠯ ᠢ ᠲᠣᠬᠢᠲᠠᠶ ᠰᠢᠢᠳᠪᠦᠷᠢᠯᠡᠭᠰᠡᠨ ᠪᠠᠶᠢᠨ᠎ᠠ᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠲᠣᠭᠤᠷᠢᠭ ᠲᠤ ᠠᠵᠢᠯᠯᠠᠭᠠᠨ ᠤ ᠣᠷᠣᠨ ᠵᠠᠶ ᠤᠷᠢᠳᠴᠢᠯᠠᠨ ᠦᠯᠡᠳᠡᠭᠡᠬᠦ ᠪᠠ ᠦᠷᠭᠡᠳᠭᠡᠵᠤ᠂ ᠰᠠᠭᠤᠭᠠᠯᠢ ᠠᠷᠠᠳ ᠤᠨ ᠤᠶᠢᠷ᠎ᠠ ᠬᠠᠪᠢ ᠳᠠᠭᠠᠨ ᠠᠵᠢᠯᠯᠠᠭ᠎ᠠ ᠦᠷᠨᠢᠬᠦᠯᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠨᠭ᠍ᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号