ᠯᠢ ᠵᠢᠢ ᠾᠧᠩ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠎ ᠤᠨ ᠬᠤᠷᠢ ᠶᠢᠰᠦᠳᠦᠭᠡᠷ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2017/9/22
     9 ᠳ᠋ᠦ᠋ᠭᠡᠷ ᠰᠠᠷ᠎ᠠ ᠶᠢᠨ 21᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠬᠤᠷᠢ ᠶᠢᠰᠦᠳᠦᠭᠡᠷ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠎ ᠤᠨ ᠳᠠᠷᠤᠭ᠎ᠠ᠂ ᠣᠯᠣᠰ ᠤᠨ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠶᠡᠷᠦᠩᠬᠡᠢ ᠳᠣᠪᠴᠢᠶ᠎ᠠ ᠶᠢᠨ ᠳᠡᠳ᠋ ᠳᠠᠷᠤᠭ᠎ᠠ ᠯᠢ ᠵᠣᠣ ᠴᠢᠶᠠᠨ ᠨᠠᠷ ᠲᠠᠢ ᠠᠭᠤᠯᠵᠠᠪᠠ᠃      ᠯᠢ ᠵᠢᠢ ᠾᠧᠩ᠂ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠎ ᠤᠨ ᠬᠤᠷᠢ ᠶᠢᠰᠦᠳᠦᠭᠡᠷ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠪᠦᠷ ᠮᠣᠩᠭᠤᠯ ᠳᠤ ᠭᠦᠨᠵᠡᠭᠡᠶᠢᠷᠡᠨ ᠱᠠᠯᠠᠪᠳᠠᠭᠤᠯᠣᠨ ᠪᠠᠶᠢᠴᠠᠭᠠᠵᠤ ᠠᠵᠢᠯ ᠵᠢᠯᠣᠭᠤᠳᠴᠣ ᠪᠠᠶᠢᠭ᠎ᠠ ᠨᠢ᠂ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠳᠠᠬᠢ ᠨᠢᠭᠡ ᠣᠳᠠᠭ᠎ᠠ ᠶᠢᠨ ᠬᠠᠮᠳᠣᠷᠠᠭᠰᠠᠨ ᠣᠨᠣᠰᠢᠯᠠᠯᠳᠠ ᠪᠣᠯᠣᠨ ᠬᠦᠴᠦᠳᠡᠢ ᠠᠬᠢᠭᠤᠯᠣᠯ ᠪᠣᠯᠣᠨ᠎ᠠ᠃ ᠪᠢᠳᠡ ᠡᠨᠡ ᠣᠳᠠᠭ᠎ᠠ ᠶᠢᠨ ᠰᠢᠮᠳᠠᠭᠤᠯᠤᠨ ᠪᠠᠶᠢᠴᠠᠭᠠᠯᠲᠠ ᠪᠠᠷ ᠳᠣᠬᠢᠶᠠᠯ ᠪᠣᠯᠭᠠᠵᠣ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠬᠦᠭᠵᠢᠯᠳᠡ ᠶᠢᠨ ᠳᠣᠬᠠᠢ ᠴᠢᠬᠤᠯᠠ ᠦᠭᠦᠯᠡᠯᠳᠡ ᠪᠣᠯᠣᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠰᠣᠷᠣᠯᠴᠠᠨ ᠳᠣᠣᠱᠯᠠᠭᠤᠯᠵᠣ᠂ ᠬᠠᠮᠤᠭ ᠤᠨ ᠡᠷᠡᠰ ᠣᠪᠣᠷ᠂ ᠬᠠᠮᠤᠭ ᠤᠨ ᠬᠦᠴᠦᠨ ᠪᠦᠬᠦᠢ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠳᠤ ᠠᠮᠣᠷ ᠲᠦᠪᠰᠢᠨ ᠳᠣᠭᠳᠠᠭᠤᠨ ᠨᠡᠶᠢᠭᠡᠮ ᠤᠨ ᠣᠷᠴᠢᠨ ᠳᠣᠭᠤᠷᠢᠨ ᠢ ᠡᠭᠦᠳᠦᠨ ᠦᠭᠭᠦᠨ᠎ᠡ᠃ ᠱᠠᠯᠠᠪᠳᠠᠭᠤᠯᠣᠨ ᠪᠠᠶᠢᠴᠠᠭᠠᠬᠤ ᠳᠤᠭᠤᠶᠢᠯᠠᠩ ᠤᠨ ᠵᠢᠭᠠᠵᠣ ᠭᠠᠷᠭᠠᠭᠰᠠᠨ ᠭᠡᠮ ᠰᠣᠭᠤᠭ ᠪᠣᠯᠣᠨ ᠠᠰᠠᠭᠤᠳᠠᠯ ᠳᠤ᠂ ᠪᠢᠳᠡ ᠵᠠᠪᠠᠯ ᠲᠦᠪ ᠴᠢᠩᠭ᠎ᠠ ᠬᠠᠨᠳᠣᠨ᠂ ᠡᠷᠡᠰ ᠴᠡᠭᠴᠠᠯᠠᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠳᠣᠳᠠᠭᠤᠳᠠᠯ ᠢᠶᠠᠨ ᠨᠦᠬᠦᠪᠦᠷᠢᠯᠡᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠡᠩ ᠴᠢᠩᠭ᠎ᠠ ᠨᠡᠩ ᠪᠣᠳᠠᠳᠠᠢ ᠠᠳᠬᠤᠨ᠎ᠠ ᠭᠡᠪᠡ᠃      ᠯᠢ ᠵᠣᠣ ᠴᠢᠶᠠᠨ᠂ ᠦᠪᠦᠷ ᠮᠣᠩᠭᠤᠯ ᠤᠨ ᠠᠶᠤᠯ ᠦᠭᠡᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠪᠠᠶᠢᠳᠠᠯ ᠳᠣᠭᠳᠠᠭᠤᠨ ᠪᠠᠶᠢᠨ᠎ᠠ᠂ ᠠᠶᠤᠯ ᠦᠭᠡᠢ ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢᠳᠡᠪᠬᠢᠳᠡᠢ ᠦᠷ᠎ᠡ ᠪᠦᠳᠦᠮᠵᠢ ᠣᠯᠵᠠᠢ᠃ ᠪᠦᠬᠦ ᠣᠷᠣᠨ ᠳᠠᠶᠠᠭᠠᠷ ᠢᠶᠠᠨ ᠦᠷᠬᠦᠯᠵᠢᠯᠡᠨ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠳᠣᠬᠠᠢ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠭᠡᠰᠡᠨ ᠡᠨᠡᠬᠦ ᠬᠦᠪᠴᠢ ᠶᠢ ᠢᠮᠠᠭᠳᠠ ᠴᠢᠩᠭ᠎ᠠ ᠪᠠᠶᠢᠯᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠣ᠂ ᠴᠢᠩᠭ᠎ᠠ ᠱᠠᠭᠠᠷᠳᠠᠯᠭ᠎ᠠ᠂ ᠦᠨᠳᠦᠷ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠳᠤ ᠰᠠᠶᠢᠨ ᠰᠠᠶᠢᠬᠠᠨ ᠠᠶᠤᠯ ᠦᠭᠡᠢ ᠦᠢᠯᠡᠳᠪᠦᠷᠢᠯᠡᠯ ᠤᠨ ᠣᠷᠴᠢᠨ ᠳᠣᠭᠤᠷᠢᠨ ᠡᠭᠦᠳᠦᠨ ᠦᠭᠬᠦ ᠶᠢ ᠬᠦᠰᠡᠵᠦ ᠪᠠᠶᠢᠨ᠎ᠠ ᠭᠡᠪᠡ᠃      ᠦᠪᠡᠷᠳᠡᠭᠡᠨ ᠵᠠᠰᠠᠬᠤ ᠣᠷᠣᠨ ᠤ ᠣᠳᠣᠷᠢᠳᠣᠯᠭ᠎ᠠ ᠯᠦᠸᠧ ᠶᠦᠩ ᠭᠠᠩ᠂ ᠸᠠᠩ ᠪᠦᠸᠧ ᠠᠭᠤᠯᠵᠠᠯᠳᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号