ᠦᠪᠡᠷᠳᠡᠬᠡᠨ ᠵᠠᠰᠠᠬᠤ ᠤᠷᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠎ ᠤᠨ ᠵᠦᠪᠯᠡᠯ ᠤᠨ ᠬᠤᠷᠢ ᠶᠢᠰᠦᠳᠦᠬᠡᠷ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠳᠤ ᠬᠠᠷᠢᠭᠤ ᠮᠡᠳᠡᠬᠦᠯᠬᠦ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2017/9/25
        9 ᠳ᠋ᠤᠭᠡᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠬᠤᠷᠢ ᠶᠢᠰᠦᠳᠦᠬᠡᠷ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠳᠤ ᠬᠠᠷᠢᠭᠤ ᠮᠡᠳᠡᠬᠦᠯᠬᠦ ᠠᠵᠢᠯ ᠤᠨ ᠬᠤᠷᠠᠯ ᠬᠤᠷᠠᠯᠳᠤᠭᠤᠯᠪᠠ᠃      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠬᠤᠷᠢ ᠶᠢᠰᠦᠳᠦᠬᠡᠷ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ᠂ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠶᠢᠨ ᠲᠡᠳ᠋ ᠲᠠᠷᠤᠭ᠎ᠠ ᠯᠢ ᠵᠤᠤ ᠴᠢᠶᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠬᠤᠷᠠᠯ ᠢ ᠡᠷᠬᠢᠯᠡᠪᠡ᠃      ᠯᠢ ᠵᠤᠤ ᠴᠢᠶᠠᠨ ᠮᠠᠨ ᠤ ᠤᠷᠤᠨ ᠤ ᠡᠮᠦᠨᠡᠬᠢ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠎ ᠢ ᠬᠦᠢᠴᠡᠳ ᠨᠤᠳᠠᠯᠠᠬᠤ ᠶᠢᠨ ᠬᠠᠮᠳᠤ᠂ ᠮᠠᠨ ᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠰᠠᠨᠠᠭᠤᠯᠭ᠎ᠠ ᠲᠤᠷᠠᠳᠴᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠳᠤᠬᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠎ ᠤᠨ ᠲᠤᠭᠳᠠᠭᠤᠨ ᠢ ᠪᠠᠲᠤᠯᠠᠬᠤ ᠴᠢᠬᠤᠯᠠ ᠶᠡᠭᠡ ᠤᠳᠬ᠎ᠠ ᠠᠭᠤᠯᠭ᠎ᠠ ᠶᠢ ᠬᠦᠨᠵᠡᠬᠡᠢ ᠲᠠᠨᠢᠵᠦ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠦᠷᠬᠦᠯᠵᠢᠯᠡᠨ ᠯᠠᠪᠳᠠᠭᠤᠨ ᠢᠶᠠᠷ ᠠᠬᠢᠭᠤᠯᠵᠦ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠠᠰᠠᠭᠤᠳᠠᠯ ᠢᠶᠠᠨ ᠴᠠᠬ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠦ᠂ ᠤᠨᠴᠠ ᠶᠡᠭᠡ ᠠᠳᠡᠯ ᠡᠬᠦᠰᠬᠦ ᠶᠢ ᠡᠷᠡᠰ ᠰᠡᠷᠬᠡᠶᠢᠯᠡᠨ ᠬᠤᠷᠢᠬᠯᠠᠵᠦ᠂ ᠲᠡᠭᠡᠳᠤ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠬᠡ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠠᠬᠢᠭᠤᠯᠤᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ  ᠎ ᠤᠨ ᠠᠮᠵᠢᠯᠳᠠ ᠲᠠᠢ ᠬᠤᠷᠠᠯᠳᠤᠬᠤ ᠳᠤ ᠡᠶ᠎ᠡ ᠵᠤᠬᠢᠴᠠᠩᠭᠤᠢ ᠲᠤᠭᠳᠠᠭᠤᠨ ᠠᠶᠤᠯ ᠦᠭᠡᠢ ᠤᠷᠴᠢᠨ ᠲᠤᠭᠤᠷᠢᠨ ᠬᠠᠩᠭᠠᠬᠤ ᠬᠡᠷᠡᠭᠳᠡᠢ ᠬᠡᠪᠡ᠃      ᠸᠠᠩ ᠪᠦᠸᠧ᠂ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠳᠤᠷ ᠬᠢᠵᠦ᠂ ᠡᠯ᠎ᠠ ᠲᠦᠷᠦᠯ ᠤᠨ ᠠᠶᠤᠯ ᠦᠭᠡᠢ ᠶᠢᠨ ᠬᠡᠮ ᠰᠤᠭᠤᠬ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠤᠷᠤᠨ ᠪᠠᠶᠢᠷᠢ ᠳᠤᠨᠢ ᠬᠦᠷᠬᠡᠬᠦ ᠶᠢ ᠪᠠᠲᠤᠯᠠᠬᠤ ᠬᠡᠷᠡᠭᠳᠡᠢ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠬᠠᠮᠤᠬ ᠤᠨ ᠡᠷᠡᠰ ᠲᠠᠰᠤ ᠤᠪᠤᠷ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠎ ᠢ ᠰᠠᠶᠢᠳᠤᠷ ᠬᠢᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠪᠤᠳᠠᠳᠤ ᠦᠷ᠎ᠠ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠳᠡᠢ︔ ᠬᠠᠮᠤᠬ ᠤᠨ ᠴᠢᠩᠭ᠎ᠠ ᠱᠠᠭᠠᠷᠳᠠᠯᠭ᠎ᠠ ᠪᠠᠷ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠬᠦᠨᠵᠡᠬᠡᠶᠢᠷᠡᠬᠦᠯᠦᠨ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠡᠴᠦᠰ ᠲᠤᠨᠢ ᠲᠤᠯᠳᠠᠯ᠎ᠠ ᠪᠤᠳᠠᠳᠠᠢ ᠠᠳᠬᠤᠬᠤ ᠬᠡᠷᠡᠭᠳᠡᠢ︔ ᠬᠠᠮᠤᠬ ᠤᠨ ᠬᠦᠴᠦᠳᠡᠢ ᠠᠷᠭ᠎ᠠ ᠠᠪᠴᠠᠯ ᠢᠶᠠᠷ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠶᠢ ᠪᠠᠳᠤᠳᠬᠠᠨ᠂ ᠮᠠᠨ ᠤ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ ᠲᠤᠬᠳᠠᠭᠤᠨ ᠪᠠᠶᠢᠬᠤ ᠶᠢ ᠪᠠᠲᠤᠯᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号