9 ᠳ᠋ᠤᠭᠡᠷ ᠰᠠᠷ᠎ᠠ ᠶᠢᠨ 21 ᠠᠴᠠ 22 ᠤᠨ ᠡᠳᠤᠷ ᠪᠤᠯᠳᠠᠯ᠎ᠠ᠂ ᠪᠦᠬᠦ ᠤᠷᠤᠨ ᠤ ᠬᠤᠳᠠ ᠶᠢᠨ | ᠨᠠᠷᠢᠯᠢᠬᠵᠢᠭᠤᠯᠤᠬᠰᠠᠨ ᠬᠠᠮᠢᠶᠠᠷᠤᠯᠳᠠ ᠵᠢᠴᠢ ᠵᠢᠵᠢᠭ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢᠨ | ᠲᠤᠬᠠᠢ ᠶᠢᠨ ᠭᠠᠵᠠᠷ ᠤᠨ ᠬᠤᠷᠠᠯ ᠤᠷᠳᠤᠰ ᠬᠤᠳᠠ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠨ ᠶᠠᠷᠢᠶ᠎ᠠ | ᠲᠠᠯᠪᠢᠵᠠᠢ᠃ | ᠸᠠᠩ ᠪᠦᠸᠧ᠂ ᠤᠳᠤ ᠦᠶ᠎ᠠ ᠶᠢᠨ ᠬᠤᠳᠠ ᠶᠢᠨ ᠵᠠᠰᠠᠯᠳᠠ ᠳᠤ᠂ ᠬᠤᠳᠠ ᠶᠢᠨ ᠬᠦᠭᠵᠢᠯᠳᠠ ᠶᠢᠨ ᠵᠢᠮ᠎ᠠ | ᠶᠤᠰᠤ ᠶᠢ ᠵᠢᠷᠤᠮᠯᠠᠨ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢ ᠠᠬᠢᠭᠤᠯᠵᠤ᠂ ᠬᠦᠮᠤᠰ ᠤᠨ ᠡᠳᠤᠷ ᠢᠷᠡᠬᠦᠶ᠎ᠠ | ᠨᠡᠮᠡᠭᠳᠡᠵᠤ ᠪᠠᠶᠢᠭ᠎ᠠ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠭᠡᠷᠡᠭᠳᠠᠢ᠃ ︽ᠬᠦᠮᠤᠨ ᠢᠶᠠᠷ ᠦᠨᠳᠤᠰᠤ ᠪᠤᠯᠭᠠᠬᠤ︾ | ᠣᠨᠤᠯᠵᠢᠬᠤᠨ ᠢ ᠪᠤᠢ ᠪᠤᠯᠭᠠᠵᠤ᠂ ᠬᠤᠳᠠ ᠶᠢᠨ ᠲᠦᠯᠤᠪᠵᠢᠬᠦᠯᠬᠡ᠂ ᠪᠦᠳᠤᠬᠡᠨ ᠪᠠᠶᠢᠭᠤᠯᠤᠯᠳᠠ᠂ ᠬᠠᠮᠢᠶᠠᠷᠤᠯᠳᠠ ᠶᠢ | ᠵᠤᠬᠢᠴᠠᠭᠤᠯᠤᠨ ᠰᠠᠶᠢᠳᠤᠷ ᠠᠳᠬᠤᠵᠤ᠂ ᠨᠠᠷᠢᠯᠢᠬᠵᠢᠭᠤᠯᠤᠬᠰᠠᠨ ᠮᠡᠷᠬᠡᠵᠢᠯ᠂ ᠲᠦᠷᠢᠮ ᠪᠤᠯᠤᠨ ᠬᠠᠷᠢᠭᠤᠴᠠᠯᠭ᠎ᠠ ᠶᠢᠨ | ᠰᠢᠰᠲ᠋ᠧᠮᠵᠢ ᠶᠢ ᠢᠳᠡᠪᠬᠢᠳᠠᠢ ᠪᠠᠶᠢᠭᠤᠯᠵᠤ᠂ ᠤᠶᠤᠨᠳᠦ ᠬᠤᠳᠠ ᠶᠢᠨ ᠡᠬᠢ ᠪᠠᠶᠠᠯᠢᠬ ᠢ ᠰᠢᠨᠵᠢᠯᠡᠬᠦ ᠤᠬᠠᠭᠠᠨᠴᠢ ᠪᠠᠷ | ᠨᠡᠶᠢᠳᠬᠡᠵᠤ᠂ ᠨᠢᠬᠡᠳᠤᠯᠳᠠᠢ ᠲᠤᠭᠠᠴᠢᠯᠠᠬᠰᠠᠨ ᠲᠠᠪᠴᠠᠩ ᠢ ᠪᠠᠶᠢᠭᠤᠯᠵᠤ᠂ ᠬᠤᠳᠠ ᠶᠢᠨ ᠨᠠᠷᠢᠯᠢᠬᠵᠢᠭᠤᠯᠤᠬᠰᠠᠨ | ᠬᠠᠮᠢᠶᠠᠷᠤᠯᠳᠠ ᠶᠢ ᠪᠦᠬᠦᠨ ᠢ ᠪᠦᠷᠬᠦᠬᠦᠯᠬᠦ ᠶᠢ ᠠᠬᠢᠭᠤᠯᠬᠤ ᠭᠡᠷᠡᠭᠳᠠᠢ᠃ ᠵᠢᠵᠢᠭ ᠬᠤᠳᠠ ᠪᠠᠯᠭᠠᠰᠤᠨ ᠤ ᠪᠦᠳᠤᠬᠡᠨ | ᠪᠠᠶᠢᠭᠤᠯᠤᠯᠳᠠ ᠪᠤᠯᠤᠨ ᠬᠤᠳᠠ ᠶᠢᠨ ᠬᠠᠮᠢᠶᠠᠷᠤᠯᠳᠠ ᠶᠢᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ | ᠦᠬᠡᠷᠡᠴᠢᠯᠠᠯᠳᠠ ᠵᠡᠷᠬᠡ ᠠᠵᠢᠯ ᠢ ᠨᠢᠬᠡᠳᠤᠯᠳᠠᠢ ᠲᠦᠯᠦᠪᠵᠢᠬᠦᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠪᠡᠯᠡ | ᠤᠷᠤᠭᠤᠯᠤᠯᠳᠠ ᠪᠠᠨ ᠨᠡᠮᠡᠭᠳᠡᠬᠦᠯᠵᠤ᠂ ᠪᠠᠳᠤ ᠴᠢᠩᠭ᠎ᠠ ᠤᠯᠤᠰ ᠲᠦᠷᠤ ᠶᠢᠨ ᠬᠠᠷᠢᠭᠤᠴᠠᠯᠭᠠᠳᠤ ᠰᠡᠳᠬᠢᠯᠬᠡ ᠪᠤᠯᠤᠨ | ᠤᠷᠬᠢᠯᠤᠮ᠎ᠠ ᠬᠠᠯᠠᠭᠤᠨ ᠠᠵᠢᠯ ᠤᠨ ᠤᠪᠤᠷ ᠢᠶᠠᠷ ᠡᠯ᠎ᠠ ᠵᠤᠶᠢᠯ ᠤᠨ ᠠᠵᠢᠯ ᠢᠶᠠᠨ ᠬᠦᠨᠵᠡᠬᠡᠢ ᠦᠷᠨᠢᠬᠦᠯᠵᠤ᠂ | ᠰᠢᠯᠢᠳᠡᠭ ᠬᠢᠷᠢ ᠪᠦᠳᠤᠮᠵᠢ ᠪᠠᠷ ᠢᠶᠠᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠬᠤ ᠶᠢ ᠤᠬᠳᠤᠬᠤ ᠭᠡᠷᠡᠭᠳᠠᠢ ᠬᠡᠵᠤ ᠵᠢᠭᠠᠵᠤ ᠭᠠᠷᠭᠠᠪᠠ᠃ |