ᠥᠪᠦᠷ ᠵᠠᠰᠠᠭ ᠠᠯᠪᠠᠨ ᠲᠠᠷᠬᠠᠭᠠᠭᠰᠠᠨ ﹇2017﹈ 25 ᠳ᠋ᠤᠭᠠᠷ ᠲᠤᠭᠠᠳᠤ | 2017 ᠤᠨ ᠤ 3 ᠳ᠋ᠤᠭᠠᠷ ᠰᠠᠷ᠎ᠠ ᠶᠢᠨ 1 ᠤ ᠡᠳᠥᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ | ᠨᠢᠭᠡᠴᠡ ᠳᠤ᠄ | ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ 2017 ᠤᠨ ᠤ ᠢᠳᠡᠭᠡᠨ ᠤ ᠠᠮᠤᠷ | ᠲᠥᠪᠰᠢᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠲᠠ︾ ᠶᠢ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃ | | | ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ 2017 ᠤᠨ ᠤ ᠢᠳᠡᠭᠡᠨ ᠤ ᠠᠮᠤᠷ ᠲᠥᠪᠰᠢᠨ ᠤ | ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠲᠠ | | 2017 ᠤᠨ ᠤ ᠪᠥᠬᠦ ᠤᠷᠤᠨ ᠤ ᠢᠳᠡᠭᠡᠨ ᠤ ᠠᠮᠤᠷ ᠲᠥᠪᠰᠢᠨ ᠤ ᠠᠵᠢᠯ ᠨᠢ ᠢᠳᠡᠭᠡᠨ ᠤ ᠠᠮᠤᠷ | ᠲᠥᠪᠰᠢᠨ ᠤ ᠠᠵᠢᠯ ᠢ ᠴᠢᠩᠭᠠᠳᠬᠠᠬᠤ ᠲᠤᠬᠠᠢ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠡᠯ᠎ᠡ ᠵᠥᠢᠯ ᠤᠨ ᠰᠢᠢᠳᠪᠥᠷᠢᠲᠥ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠡ ᠪᠠᠷ | ᠲᠤᠤᠱᠯᠠᠭᠤᠯᠤᠨ᠂ ᠢᠳᠡᠭᠡᠨ ᠤ ᠠᠮᠤᠷ ᠲᠥᠪᠰᠢᠨ ᠤ ᠠᠵᠢᠯ ᠤᠨ ᠲᠠᠯ᠎ᠠ ᠪᠠᠷ ᠬᠢ ᠶᠡᠷᠥᠩᠬᠡᠢ ᠱᠥᠵᠢ ᠰᠢ ᠶᠢᠨ ᠫᠢᠩ | ᠵᠡᠷᠭᠡ ᠨᠠᠮ ᠪᠠ ᠤᠯᠤᠰ ᠤᠨ ᠤᠳᠤᠷᠢᠳᠬᠤ ᠨᠥᠭᠦᠳ ᠤᠨ ᠠᠯᠢ ᠤᠯᠠᠨ ᠴᠢᠬᠤᠯᠠ ᠵᠢᠭᠠᠪᠤᠷᠢ ᠴᠤᠬᠤᠯᠠᠪᠥᠷᠢ ᠶᠢᠨ | ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠲᠥᠮᠡᠨ ᠢᠶᠠᠷ ᠭᠤᠣᠯ ᠪᠤᠯᠭᠠᠭᠰᠠᠨ ᠭᠥᠭᠵᠢᠯᠲᠡ ᠶᠢᠨ | ᠥᠵᠡᠯ ᠰᠠᠨᠠᠭ᠎ᠠ ᠶᠢ ᠪᠠᠲᠥ ᠪᠠᠬᠢ ᠪᠤᠢ ᠪᠣᠯᠭᠠᠨ᠂ ᠲᠤᠭᠲᠠᠭᠤᠨ ᠢᠶᠠᠷ ᠤᠷᠤᠭᠰᠢ ᠳᠠᠪᠰᠢᠭᠤᠯᠬᠤ ᠠᠵᠢᠯ ᠤᠨ ᠶᠡᠷᠥᠩᠬᠡᠢ | ᠥᠨᠳᠥᠰᠥᠨ ᠰᠠᠨᠠᠭ᠎ᠠ ᠶᠢ ᠪᠠᠷᠢᠮᠲᠠᠯᠠᠵᠤ᠂ ︽ᠲᠥᠷᠪᠡᠨ ᠬᠠᠮᠤᠭ ᠠᠴᠠ ᠴᠢᠩᠭ᠎ᠠ︾ ᠪᠠ ︽ᠳᠥᠷᠪᠡ ᠪᠠᠶᠢᠬᠤ ᠪᠠ | ᠬᠤᠶᠠᠷ ᠬᠠᠷᠢᠭᠤᠴᠠᠯᠭ᠎ᠠ︾ ᠶᠢ ᠪᠥᠲᠥᠮᠵᠢᠲᠡᠢ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠥᠪᠰᠢᠨ ᠤ ᠪᠠᠶᠢᠯᠳᠤᠬᠤ | ᠪᠤᠳᠤᠯᠭ᠎ᠠ ᠶᠢ ᠬᠥᠴᠥᠯᠡᠨ ᠬᠡᠷᠡᠭᠵᠢᠭᠦᠯᠵᠥ᠂ ︽ᠬᠤᠶᠠᠷ ᠠᠮᠤᠷ ᠲᠥᠪᠰᠢᠨ ᠢ ᠬᠤᠶᠠᠭᠤᠯᠠ ᠶᠢ ᠨᠢ ᠴᠤᠭᠴᠠᠯᠠᠨ | ᠪᠠᠶᠢᠭᠤᠯᠬᠤ︾ ︵ᠤᠯᠤᠰ ᠤᠨ ︽ᠢᠳᠡᠭᠡᠨ ᠤ ᠠᠮᠤᠷ ᠲᠥᠪᠰᠢᠨ ᠤ ᠵᠢᠱᠢᠶ᠎ᠡ ᠥᠵᠡᠭᠦᠯᠬᠦ ᠬᠤᠲᠠ︾᠂ ︽ | ᠲᠠᠷᠢᠶᠠᠯᠠᠩ ᠤᠨ ᠪᠥᠲᠥᠭᠡᠭᠳᠡᠭᠦᠨ ᠤ ᠶᠠᠰᠦ ᠴᠢᠨᠠᠷ ᠤᠨ ᠠᠮᠤᠷ ᠲᠥᠪᠰᠢᠨ ᠤ ᠰᠢᠶᠠᠨ︾ ᠢ ᠴᠤᠭᠴᠠᠯᠠᠨ ᠪᠠᠶᠢᠭᠤᠯᠬᠤ︶ | ᠠᠵᠢᠯᠯᠠᠭ᠎ᠠ ᠶᠢ ᠭᠥᠨᠵᠡᠭᠡᠢ ᠥᠷᠨᠢᠭᠦᠯᠥᠨ᠂ ᠢᠳᠡᠭᠡᠨ ᠪᠠ ᠡᠮ ᠤᠨ ᠵᠥᠢᠯ ᠢᠶᠠᠷ ᠠᠮᠤᠷ ᠲᠥᠪᠰᠢᠨ ᠥᠪᠥᠷ | ᠮᠤᠩᠭᠤᠯ ᠤᠨ ᠱᠠᠲᠤ ᠥᠶ᠎ᠡ ᠶᠢᠨ ᠴᠢᠨᠠᠷᠲᠠᠢ ᠪᠠᠶᠢᠭᠤᠯᠤᠯᠲᠠ ᠶᠢᠨ ᠡᠭᠦᠷᠭᠡ ᠶᠢ ᠪᠥᠬᠦ ᠬᠥᠴᠥᠨ ᠢᠶᠠᠷ ᠢᠶᠠᠨ | ᠪᠡᠶᠡᠯᠡᠭᠦᠯᠵᠤ᠂ ᠪᠥᠬᠦ ᠤᠷᠤᠨ ᠤ ᠢᠳᠡᠭᠡᠨ ᠤ ᠠᠮᠤᠷ ᠲᠥᠪᠰᠢᠨ ᠤ ᠵᠠᠰᠠᠬᠤ ᠴᠢᠳᠠᠪᠤᠷᠢ ᠪᠤᠯᠤᠨ ᠪᠠᠲᠤᠯᠠᠭ᠎ᠠ ᠶᠢᠨ | ᠬᠢᠷᠢ ᠬᠡᠮᠵᠢᠶ᠎ᠡ ᠶᠢ ᠪᠥᠲᠥᠮᠵᠢᠲᠡᠢ ᠳᠡᠭᠡᠭᠰᠢᠯᠡᠭᠦᠯᠥᠨ᠂ ᠠᠷᠠᠳ ᠤᠯᠠᠨ ᠤ ᠬᠠᠨᠤᠮᠵᠢᠲᠡᠢ ᠪᠠᠶᠢᠬᠤ ᠬᠡᠮᠵᠢᠶ᠎ᠡ ᠪᠤᠯᠤᠨ | ᠭᠥᠷᠲᠡᠭᠡᠮᠵᠢᠲᠡᠢ ᠪᠠᠶᠢᠬᠤ ᠰᠡᠳᠭᠢᠯᠭᠡ ᠶᠢ ᠲᠠᠰᠤᠷᠠᠯᠲᠠ ᠥᠭᠡᠢ ᠳᠡᠭᠡᠭᠰᠢᠯᠡᠭᠦᠯᠵᠥ᠂ ᠠᠵᠢᠯ ᠤᠨ ᠰᠢᠯᠢᠳᠡᠭ | ᠠᠮᠵᠢᠯᠲᠠ ᠪᠠᠷ ᠢᠶᠠᠨ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠡ | ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠨ᠎ᠠ᠃ | ᠨᠢᠭᠡ᠂ ᠢᠳᠡᠭᠡᠨ ᠪᠠ ᠡᠮ ᠤᠨ ᠵᠦᠢᠯ ᠢᠶᠠᠷ ᠠᠮᠤᠷ ᠲᠥᠪᠰᠢᠨ ᠥᠪᠥᠷ ᠮᠤᠩᠭᠤᠯ ᠢ ᠪᠠᠶᠢᠭᠤᠯᠬᠤ ᠱᠠᠲᠤ | ᠥᠶ᠎ᠡ ᠶᠢᠨ ᠴᠢᠨᠠᠷᠲᠠᠢ ᠡᠭᠦᠷᠭᠡ ᠶᠢ ᠪᠥᠬᠦ ᠬᠥᠴᠥᠨ ᠢᠶᠠᠷ ᠢᠶᠠᠨ ᠪᠡᠶᠡᠯᠡᠭᠦᠯᠥᠨ᠎ᠡ | ︽ᠡᠷᠡᠭᠦᠯ ᠴᠡᠪᠡᠷ ᠮᠢᠬ᠎ᠠ ᠨᠤᠭᠤᠭᠠᠨ ᠤ ᠬᠡᠳᠥ ᠳᠡᠯᠭᠡᠭᠦᠷ︾᠂ ᠲᠠᠷᠢᠶᠠᠯᠠᠬᠤ ᠮᠠᠯᠵᠢᠬᠤ ᠤᠷᠤᠨ ᠤ ᠢᠳᠡᠭᠡᠨ ᠤ | ᠠᠮᠤᠷ ᠲᠥᠪᠰᠢᠨ ᠤ ᠵᠢᠱᠢᠶ᠎ᠡ ᠥᠵᠡᠭᠦᠯᠬᠦ ᠳᠡᠯᠭᠡᠭᠦᠷ᠂ ᠨᠡᠷᠡᠳᠦ ᠲᠤᠭᠤᠭᠠᠴᠢ ᠶᠢᠨ ᠵᠢᠱᠢᠶ᠎ᠡ ᠥᠵᠡᠭᠦᠯᠬᠦ ᠳᠡᠯᠬᠡᠭᠦᠷ | ᠵᠡᠷᠭᠡ ᠶᠢ ᠴᠤᠭᠴᠠᠯᠠᠨ ᠪᠠᠶᠢᠭᠤᠯᠬᠤ ᠪᠠᠷ ᠬᠥᠲᠥᠯᠥᠨ ᠵᠢᠯᠤᠭᠤᠳᠤᠭᠤᠯᠵᠤ᠂ ︽ᠬᠤᠶᠠᠷ ᠠᠮᠤᠷ ᠲᠥᠪᠰᠢᠨ ᠢ | ᠬᠤᠶᠠᠭᠤᠯᠠ ᠶᠢ ᠨᠢ ᠴᠤᠭᠴᠠᠯᠠᠨ ᠪᠠᠶᠢᠭᠤᠯᠬᠤ︾ ᠠᠵᠢᠯ ᠤᠨ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠵᠤ᠂ | ᠴᠤᠭᠴᠠᠯᠠᠨ ᠪᠠᠶᠢᠭᠤᠯᠬᠤ ᠠᠵᠢᠯ ᠤᠨ ᠵᠤᠬᠢᠶᠠᠨ ᠪᠠᠶᠢᠭᠤᠯᠵᠤ ᠬᠡᠷᠡᠭᠵᠢᠭᠦᠯᠥᠭᠳᠡᠬᠦ ᠶᠢ ᠤᠯᠠᠮ ᠨᠢᠭᠡ ᠠᠯᠬᠤᠮ | ᠴᠢᠩᠭᠠᠳᠬᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ︽ᠢᠳᠡᠭᠡᠨ ᠪᠠ ᠡᠮ ᠤᠨ | ᠵᠥᠢᠯ ᠢᠶᠠᠷ ᠠᠮᠤᠷ ᠲᠥᠪᠰᠢᠨ ᠥᠪᠥᠷ ᠮᠤᠩᠭᠤᠯ︾ ᠢ ᠪᠠᠶᠢᠭᠤᠯᠬᠤ ᠱᠠᠲᠤ ᠥᠶ᠎ᠡ ᠶᠢᠨ ᠴᠢᠨᠠᠷᠲᠠᠢ ᠬᠠᠷᠠᠯᠲᠠ ᠶᠢᠨ | ᠡᠭᠦᠷᠭᠡ ᠶᠢ ᠪᠥᠬᠦ ᠬᠥᠴᠥᠨ ᠢᠶᠠᠷ ᠢᠶᠠᠨ ᠪᠡᠶᠡᠯᠡᠭᠦᠯᠥᠨ᠂ ᠴᠤᠭᠴᠠᠯᠠᠨ ᠪᠠᠶᠢᠭᠤᠯᠬᠤ ᠶᠠᠪᠤᠳᠠᠯ ᠢᠶᠠᠷ ᠵᠢᠷᠤᠮᠵᠢᠭᠤᠯᠬᠤ ᠶᠢ | ᠠᠬᠢᠭᠤᠯᠵᠤ᠂ ᠵᠢᠷᠤᠮᠵᠢᠭᠤᠯᠬᠤ ᠶᠠᠪᠤᠳᠠᠯ ᠢᠶᠠᠷ ᠠᠮᠤᠷ ᠲᠥᠪᠰᠢᠨ ᠪᠠᠶᠢᠯᠭᠠᠬᠤ ᠶᠢ ᠪᠠᠲᠤᠯᠠᠨ᠎ᠠ᠃ ︵ᠥᠪᠡᠷᠲᠡᠭᠡᠨ | ᠵᠠᠰᠠᠬᠤ ᠤᠷᠤᠨ ᠤ ᠢᠳᠡᠭᠡᠨ ᠪᠡ ᠡᠮ ᠤᠨ ᠵᠦᠢᠯ ᠤᠨ ᠠᠮᠤᠷ ᠲᠥᠪᠰᠢᠨ ᠤ ᠠᠯᠪᠠᠨ ᠭᠡᠷ ᠠᠴᠠ ᠥᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠡ ᠡᠮ ᠤᠨ ᠵᠦᠢᠯ ᠤᠨ ᠬᠢᠨᠠᠯᠲᠠ | ᠬᠠᠮᠢᠶᠠᠷᠥᠯᠲᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠤᠷᠳᠤᠨ ᠯᠤᠭ᠎ᠠ ᠬᠠᠮᠲᠤᠷᠠᠨ ᠬᠠᠷᠢᠭᠤᠴᠠᠨ᠎ᠠ︶ | ᠬᠤᠶᠠᠷ᠂ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ | ᠤᠷᠤᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠤᠭᠤᠳ ᠢᠳᠡᠭᠡᠨ ᠤ | ᠠᠮᠤᠷ ᠲᠥᠪᠰᠢᠨ ᠢ ᠴᠢᠩᠭᠠᠳᠬᠠᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠭᠦ ᠶᠢ ᠨᠢ ᠳᠡᠮᠵᠢᠵᠦ᠂ ᠭᠤᠤᠯ | ᠬᠠᠷᠢᠭᠤᠴᠠᠵᠦ ᠪᠠᠶᠢᠭ᠎ᠠ ᠨᠦᠬᠦᠳ ᠪᠡᠶ᠎ᠡ ᠪᠠᠷ ᠢᠶᠠᠨ ᠠᠳᠬᠤᠨ᠂ ᠢᠳᠡᠭᠡᠨ ᠤ ᠠᠮᠤᠷ ᠲᠥᠪᠰᠢᠨ ᠤ ᠬᠢᠨᠠᠨ ᠬᠠᠮᠢᠶᠠᠷᠬᠤ | ᠠᠵᠢᠯ ᠳᠤ ᠬᠠᠨᠷᠢᠭᠤᠴᠠᠯᠭᠠ ᠲᠠᠢ ᠪᠠᠶᠢᠬᠤ᠂ ᠠᠵᠢᠯ ᠤᠨ ᠪᠠᠶᠢᠷᠢ ᠲᠠᠢ ᠪᠠᠶᠢᠬᠤ᠂ ᠠᠵᠢᠯᠲᠠᠨ ᠲᠠᠢ ᠪᠠᠶᠢᠬᠤ᠂ ᠠᠷᠭ᠎ᠠ | ᠪᠠᠷᠢᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠤᠷᠳᠤᠨ ᠬᠠᠷᠢᠭᠤᠴᠠᠨ᠎ᠠ︶ ᠢᠳᠡᠭᠡᠨ ᠤ ᠠᠮᠤᠷ ᠲᠥᠪᠰᠢᠨ ᠤ ᠵᠠᠷᠤᠳᠠᠯ ᠢ ᠪᠠᠲᠤᠯᠠᠬᠤ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠪᠠᠶᠢᠭᠤᠯᠵᠤ᠂ ᠡᠯ᠎ᠡ | ᠱᠠᠲᠤᠨ ᠤ ᠢᠳᠡᠭᠡᠨ ᠤ ᠠᠮᠤᠷ ᠲᠥᠪᠰᠢᠨ ᠤ ᠬᠢᠨᠠᠨ ᠬᠠᠮᠢᠶᠠᠷᠬᠤ ᠳᠤ ᠬᠡᠷᠡᠭᠰᠡᠬᠦ ᠵᠠᠷᠤᠳᠠᠯ᠂ ᠢᠯᠠᠩᠭᠤᠶ᠎ᠠ ᠰᠢᠯᠭᠠᠨ | ᠪᠠᠶᠢᠴᠠᠭᠠᠵᠤ ᠪᠠᠶᠢᠴᠠᠭᠠᠨ ᠰᠢᠨᠵᠢᠬᠦ ᠵᠠᠷᠤᠳᠠᠯ ᠢ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠤᠷᠤᠨ ᠤ ᠡᠳ᠋ ᠤᠨ | ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ | ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠡ ᠶᠢᠨ ᠵᠥᠪᠯᠡᠯ ᠬᠠᠮᠵᠢᠯᠴᠠᠨ᠎ᠠ︶ | ᠡᠯ᠎ᠡ ᠱᠠᠲᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠥᠢᠯᠡᠳᠥᠯ ᠢ ᠪᠠᠳᠠᠷᠠᠭᠤᠯᠤᠨ | ᠂ ᠡᠯ᠎ᠡ ᠱᠠᠲᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ ᠤᠨ ᠪᠠᠶᠢᠭᠤᠯᠤᠮᠵᠢ ᠶᠢᠨ | ᠪᠠᠶᠢᠭᠤᠯᠤᠯᠲᠠ ᠪᠠ ᠠᠵᠢᠯᠲᠠᠨ ᠤ ᠭᠥᠴᠥᠨ ᠢ ᠴᠢᠩᠭᠠᠳᠬᠠᠵᠤ᠂ ᠢᠳᠡᠭᠡᠨ ᠤ ᠠᠮᠤᠷ ᠲᠥᠪᠰᠢᠨ ᠤ ᠠᠵᠢᠯ ᠳᠠᠬᠢ | ᠨᠢᠭᠡᠳᠥᠯᠲᠡᠢ ᠲᠥᠯᠥᠪᠵᠢᠭᠦᠯᠥᠨ ᠵᠣᠬᠢᠴᠠᠭᠤᠯᠬᠤ ᠪᠡ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠭᠦᠷᠭᠡ | ᠴᠢᠳᠠᠪᠤᠷᠢ ᠶᠢ ᠴᠢᠩᠭᠠᠷᠠᠭᠤᠯᠤᠨ᠎ᠠ᠃ ᠢᠳᠡᠭᠡᠨ ᠤ ᠠᠮᠤᠷ ᠲᠥᠪᠰᠢᠨ ᠤ ᠮᠡᠳᠡᠭᠡ ᠵᠠᠩᠬᠢ ᠨᠡᠪᠲᠡᠷᠡᠭᠦᠯᠬᠦ᠂ ᠤᠬᠠᠭᠤᠯᠭ᠎ᠠ | ᠬᠦᠮᠥᠵᠢᠯ ᠬᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠶᠠᠯ᠎ᠠ ᠬᠢᠭᠰᠡᠳ ᠲᠤ ᠴᠤᠬᠢᠯᠲᠠ ᠥᠭᠬᠦ ᠵᠡᠷᠭᠡ | ᠲᠠᠯ᠎ᠠ ᠶᠢᠨ ᠵᠣᠬᠢᠴᠠᠭᠤᠯᠵᠤ ᠬᠠᠮᠲᠤᠷᠠᠨ ᠬᠥᠳᠡᠯᠥᠯᠴᠡᠬᠦ ᠶᠢ ᠴᠢᠩᠭᠠᠳᠬᠠᠨ᠂ ᠮᠡᠳᠡᠭᠡ ᠵᠠᠩᠬᠢ ᠨᠡᠪᠲᠡᠷᠡᠭᠦᠯᠬᠦ᠂ | ᠪᠠᠶᠢᠳᠠᠯ ᠢ ᠬᠠᠮᠲᠤᠷᠠᠨ ᠵᠦᠪᠳᠡᠯᠴᠡᠬᠦ᠂ ᠲᠥᠭᠰᠢᠭᠦᠷᠢ ᠶᠢᠨ ᠪᠠᠶᠢᠳᠠᠯ ᠢᠶᠠᠨ ᠰᠤᠯᠢᠯᠴᠠᠬᠤ᠂ ᠪᠠᠴᠢᠮ ᠪᠠᠶᠢᠳᠠᠯ ᠢ | ᠠᠷᠭᠠᠴᠠᠬᠤ᠂ ᠵᠤᠬᠢᠴᠠᠭᠤᠯᠵᠤ ᠬᠠᠮᠲᠤᠷᠠᠨ ᠬᠥᠳᠡᠯᠥᠯᠴᠡᠬᠦ ᠵᠡᠷᠭᠡ ᠠᠵᠢᠯ ᠤᠨ ᠲᠤᠭᠲᠠᠴᠠ ᠶᠢ ᠪᠥᠷᠢᠨᠰᠢᠭᠦᠯᠥᠨ᠎ᠡ᠃ | ᠢᠳᠡᠭᠡᠨ ᠤ ᠠᠮᠤᠷ ᠲᠥᠪᠰᠢᠨ ᠢ ᠰᠢᠯᠭᠠᠨ ᠬᠢᠨᠠᠵᠤ ᠦᠨᠡᠯᠡᠬᠦ ᠠᠷᠭ᠎ᠠ᠂ ᠱᠠᠩᠨᠠᠬᠤ ᠲᠤᠭᠲᠠᠴᠠ ᠪᠠ ᠬᠠᠷᠢᠭᠤᠴᠠᠯᠭ᠎ᠠ | ᠬᠡᠯᠡᠯᠴᠡᠬᠦ ᠳᠥᠷᠢᠮ ᠢ ᠲᠠᠰᠤᠷᠠᠯᠲᠠ ᠥᠭᠡᠢ ᠲᠡᠭᠦᠯᠳᠡᠷᠵᠢᠭᠦᠯᠥᠨ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠭᠰᠠᠨ | ᠥᠷ᠎ᠡ ᠳ᠋ᠥᠩ ᠢ ᠬᠡᠷᠡᠭᠯᠡᠬᠦ ᠪᠠᠨ ᠴᠢᠩᠭᠠᠷᠠᠭᠤᠯᠵᠤ᠂ ᠢᠳᠡᠭᠡᠨ ᠤ ᠠᠮᠤᠷ ᠲᠥᠪᠰᠢᠨ ᠤ ᠠᠵᠢᠯ ᠤᠨ ᠥᠷ᠎ᠡ | ᠪᠥᠲᠥᠮᠵᠢ ᠶᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠬᠢᠬᠡᠳ ᠤᠳᠤᠷᠢᠳᠬᠤ ᠺᠠᠳ᠋ᠷ ᠤᠨ ᠠᠵᠢᠯ ᠤᠨ | ᠠᠮᠵᠢᠯᠲᠠ ᠪᠥᠲᠥᠮᠵᠢ ᠶᠢ ᠬᠡᠮᠵᠢᠬᠦ ᠴᠢᠬᠤᠯᠠ ᠭᠥᠢᠴᠡᠳᠭᠡᠯ ᠲᠤᠭ᠎ᠠ ᠪᠤᠯᠭᠠᠨ᠂ ᠢᠳᠡᠭᠡᠨ ᠤ ᠠᠮᠤᠷ ᠲᠥᠪᠰᠢᠨ ᠤ | ᠠᠵᠢᠯ ᠤᠨ ᠠᠮᠵᠢᠯᠲᠠ ᠪᠥᠲᠥᠮᠵᠢ ᠶᠢ ᠡᠭᠦᠷᠭᠡ ᠲᠤᠰᠢᠶᠠᠯ ᠢᠶᠠᠨ ᠭᠥᠢᠴᠡᠳᠬᠡᠭᠰᠡᠨ ᠢ ᠨᠢ ᠥᠨᠡᠯᠡᠨ ᠲᠤᠭᠲᠠᠭᠠᠬᠤ᠂ | ᠲᠤᠰᠢᠶᠠᠯ ᠳᠤ ᠲᠡᠪᠰᠢᠭᠦᠯᠬᠦ᠂ ᠱᠠᠩᠨᠠᠵᠤ ᠵᠠᠯᠬᠠᠭᠠᠨ ᠰᠢᠳᠭᠡᠬᠦ ᠯᠦᠭᠡ ᠬᠤᠯᠪᠤᠭᠳᠠᠭᠤᠯᠬᠤ ᠳᠥᠷᠢᠮ ᠪᠠᠶᠢᠭᠤᠯᠬᠤ ᠶᠢ | ᠲᠥᠯᠬᠢᠨ ᠠᠬᠢᠭᠤᠯᠵᠤ᠂ ᠤᠷᠤᠨ ᠨᠤᠲᠤᠭ ᠤᠨ ᠡᠯ᠎ᠡ ᠱᠠᠲᠤᠨ ᠤ ᠵᠠᠰᠠᠭ ᠤᠨ ᠤᠷᠳᠤᠨ ᠪᠣᠯᠣᠨ ᠬᠤᠯᠪᠤᠭᠳᠠᠯ ᠪᠥᠬᠦᠢ | ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠬᠠᠷᠢᠶ᠎ᠠ ᠭᠠᠵᠠᠷ ᠢᠶᠠᠷ ᠢᠶᠠᠨ ᠬᠠᠮᠢᠶᠠᠷᠬᠤ ᠵᠢᠴᠢ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠪᠦᠲᠥᠮᠵᠢᠲᠠᠢ ᠨᠠᠶᠢᠳᠠᠪᠥᠷᠢᠵᠢᠭᠤᠯᠤᠨ᠂ ᠢᠳᠡᠭᠡᠨ ᠤ ᠠᠮᠤᠷ ᠲᠥᠪᠰᠢᠨ ᠤ ᠲᠠᠯ᠎ᠠ ᠪᠠᠷ ᠬᠢ ᠬᠦᠨᠳᠦ | ᠶᠡᠭᠡ ᠬᠡᠷᠡᠭ ᠲᠤ ᠬᠠᠷᠢᠭᠤᠴᠠᠯᠭ᠎ᠠ ᠪᠠᠨ ᠠᠯᠳᠠᠨ ᠲᠤᠰᠢᠶᠠᠯ ᠢᠶᠠᠨ ᠭᠤᠳᠤᠭᠠᠭᠰᠠᠨ ᠬᠠᠷᠢᠭᠤᠴᠠᠯᠭ᠎ᠠ ᠶᠢ ᠬᠠᠤᠯᠢ | ᠰᠠᠬᠢᠯᠭ᠎ᠠ ᠶᠤᠰᠤᠭᠠᠷ ᠲᠥᠪ ᠴᠢᠩᠭ᠎ᠠ ᠪᠠᠷ ᠨᠡᠭᠡᠮᠵᠢᠯᠡᠨ᠎ᠡ᠃ ︵ᠥᠪᠥᠷ ᠮᠤᠩᠭᠤᠯ ᠤᠨ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠰᠢᠯᠭᠠᠨ ᠬᠢᠨᠠᠬᠤ ᠠᠯᠪᠠᠨ ᠭᠡᠷ᠂ ᠬᠢᠨᠠᠨ ᠪᠠᠶᠢᠴᠠᠭᠠᠬᠤ ᠲᠢᠩᠬᠢᠮ᠂ ᠢᠳᠡᠭᠡᠨ ᠪᠠ ᠡᠮ ᠤᠨ ᠵᠥᠢᠯ ᠤᠨ | ᠠᠮᠤᠷ ᠲᠥᠪᠰᠢᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠬᠠᠷᠢᠭᠤᠴᠠᠨ᠂ ᠥᠪᠡᠷᠲᠡᠭᠡᠨ ᠵᠠᠰᠠᠬᠤ ᠤᠷᠤᠨ ᠤ | ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠵᠥᠪᠯᠡᠯ ᠤᠨ ᠡᠯ᠎ᠡ ᠪᠦᠷᠢᠯᠳᠥᠭᠦᠨ ᠨᠢᠭᠡᠴᠡ | ᠬᠠᠮᠵᠢᠯᠴᠠᠨ᠎ᠠ︶ | ᠭᠤᠷᠪᠠ᠂ ᠢᠳᠡᠭᠡᠨ ᠤ ᠠᠮᠤᠷ ᠲᠥᠪᠰᠢᠨ ᠤ ᠨᠢᠭᠡᠲᠥᠯᠲᠡᠢ ᠪᠦᠭᠡᠳ ᠡᠷᠭᠡ ᠰᠥᠷᠲᠥ ᠬᠢᠨᠠᠨ ᠬᠠᠮᠢᠶᠠᠷᠬᠤ | ᠪᠠᠶᠢᠭᠤᠯᠤᠯ ᠢ ᠲᠥᠷᠭᠡᠳᠬᠡᠨ ᠲᠡᠭᠦᠯᠳᠡᠷᠵᠢᠭᠦᠯᠥᠨ᠎ᠡ | ᠢᠳᠡᠭᠡᠨ ᠪᠠ ᠡᠮ ᠤᠨ ᠵᠦᠢᠯ ᠤᠨ ᠨᠢᠭᠡᠳᠥᠯᠲᠥ ᠴᠢᠨᠠᠷᠲᠠᠢ᠂ ᠲᠤᠰᠬᠠᠢ ᠠᠵᠢᠯ ᠤᠨ ᠴᠢᠨᠠᠷᠲᠠᠢ᠂ ᠡᠷᠬᠡ | ᠰᠥᠷᠲᠥ ᠴᠢᠨᠠᠷᠲᠠᠢ ᠬᠢᠨᠠᠨ ᠬᠠᠮᠢᠶᠠᠷᠬᠤ ᠪᠠᠶᠢᠭᠤᠯᠤᠯ ᠲᠤᠭᠲᠠᠴᠠ ᠶᠢ ᠪᠠᠶᠢᠭᠤᠯᠬᠤ ᠥᠭᠡᠷᠡᠴᠢᠯᠡᠯᠲᠠ ᠶᠢᠨ | ᠬᠠᠷᠠᠯᠲᠠ ᠶᠢᠨ ᠱᠠᠭᠠᠷᠳᠠᠯᠭ᠎ᠠ ᠶᠤᠰᠤᠭᠠᠷ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶᠂ | ᠰᠤᠮᠤ ᠰᠢᠶᠠᠩ ᠪᠠᠯᠭᠠᠰᠤ ︵ᠵᠠᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ ᠡᠮ ᠤᠨ | ᠵᠥᠢᠯ ᠤᠨ ᠠᠮᠤᠷ ᠲᠥᠪᠰᠢᠨ ᠪᠠ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠢ | ᠬᠢᠨᠠᠨ ᠬᠠᠮᠢᠶᠠᠷᠬᠤ ᠥᠭᠡᠷᠡᠴᠢᠯᠡᠯᠲᠠ ᠶᠢᠨ ᠠᠵᠢᠯ ᠢ ᠥᠷᠭᠦᠯᠵᠢᠯᠡᠨ ᠲᠥᠯᠬᠢᠨ ᠠᠬᠢᠭᠤᠯᠵᠤ᠂ ᠥᠨᠳᠥᠰᠥᠨ ᠱᠠᠲᠤᠨ ᠤ | ᠬᠢᠨᠠᠨ ᠬᠠᠮᠢᠶᠠᠷᠬᠤ ᠬᠥᠴᠥᠨ ᠢ ᠲᠡᠭᠦᠯᠳᠡᠷᠵᠢᠭᠦᠯᠥᠨ᠂ ᠢᠳᠡᠭᠡᠨ ᠪᠠ ᠡᠮ ᠤᠨ ᠵᠥᠢᠯ ᠬᠢᠭᠡᠳ ᠲᠡᠷᠢᠶᠠᠯᠠᠩ ᠮᠠᠯ ᠤᠨ | ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠢ ᠪᠠᠶᠢᠴᠠᠭᠠᠬᠤ ᠲᠤᠰᠬᠠᠶᠢᠵᠢᠭᠰᠠᠨ᠂ ᠮᠡᠷᠭᠡᠰᠢᠭᠰᠡᠨ | ᠡᠩᠨᠡᠭᠡ ᠶᠢᠨ ᠪᠠᠶᠢᠭᠤᠯᠤᠯᠲᠠ ᠶᠢ ᠬᠥᠴᠥᠲᠡᠢ ᠲᠥᠯᠬᠢᠨ ᠠᠬᠢᠭᠤᠯᠵᠤ᠂ ᠬᠥᠷᠥᠯᠴᠡᠭᠦ᠋ᠢᠴᠡ ᠬᠥᠴᠥᠨ ᠢᠶᠠᠷ ᠡᠳᠥᠷ | ᠲᠤᠳᠤᠮ ᠤᠨ ᠪᠠᠶᠢᠴᠠᠭᠠᠯᠲᠠ ᠪᠠ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠬᠠᠷᠢᠭᠤᠴᠠᠯᠭ᠎ᠠ ᠪᠠᠨ | ᠭᠥᠢᠴᠡᠳᠬᠡᠬᠦ ᠶᠢ ᠦᠨᠡᠨᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ | ᠠᠮᠤᠷ ᠲᠥᠪᠰᠢᠨ ᠤ ᠠᠯᠪᠠᠨ ᠭᠡᠷ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠷᠤᠨ ᠲᠤᠭ᠎ᠠ ᠶᠢᠨ ᠠᠯᠪᠠᠨ ᠭᠡᠷ᠂ ᠬᠥᠮᠥᠨ ᠤ ᠬᠥᠴᠥᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠤᠨ ᠬᠠᠷᠢᠭᠤᠴᠠᠨ᠎ᠠ︶ | ᠳᠥᠷᠪᠡ᠂ ᠢᠳᠡᠭᠡᠨ ᠤ ᠠᠮᠤᠷ ᠲᠥᠪᠰᠢᠨ ᠤ ᠰᠠᠭᠤᠷᠢ ᠪᠡ ᠴᠢᠳᠠᠪᠤᠷᠢ ᠶᠢᠨ ᠪᠠᠶᠢᠭᠤᠯᠤᠯᠲᠠ ᠶᠢ ᠥᠷᠭᠦᠯᠵᠢᠯᠡᠨ | ᠴᠢᠩᠭᠠᠳᠬᠠᠨ᠎ᠠ | ︽︿13 · 5﹀ ᠶᠢᠨ ᠲᠥᠯᠥᠪᠵᠢᠭᠦᠯᠭᠡ ᠶᠢᠨ ᠤᠯᠤᠰ ᠤᠨ ᠢᠳᠡᠭᠡᠨ ᠤ ᠠᠮᠤᠷ ᠲᠥᠪᠰᠢᠨ ᠤ ᠲᠤᠰᠬᠠᠢ | ᠲᠥᠯᠥᠪᠵᠢᠭᠦᠯᠭᠡ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ︿13 · 5﹀ ᠶᠢᠨ | ᠲᠥᠯᠥᠪᠵᠢᠭᠦᠯᠭᠡ ᠶᠢᠨ ᠬᠤᠭᠤᠴᠠᠭᠠᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ | ᠭᠥᠭᠵᠢᠭᠦᠯᠥᠯᠲᠡ ᠶᠢᠨ ᠲᠦᠯᠥᠪᠵᠢᠭᠦᠯᠭᠡ︾ ᠶᠢ ᠨᠠᠶᠢᠳᠠᠪᠤᠷᠢᠵᠢᠭᠤᠯᠤᠨ᠎ᠠ᠃ ᠥᠨᠳᠥᠰᠥᠨ ᠱᠠᠲᠤᠨ ᠤ ᠢᠳᠡᠭᠡᠨ ᠤ | ᠠᠮᠤᠷ ᠲᠥᠪᠰᠢᠨ ᠢ ᠬᠢᠨᠠᠨ ᠬᠠᠮᠢᠶᠠᠷᠬᠤ ᠪᠡ ᠮᠡᠷᠭᠡᠵᠢᠯ ᠤᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠡᠷᠡᠭᠯᠡᠬᠦ ᠭᠡᠷ᠂ ᠬᠠᠤᠯᠢ ᠬᠡᠷᠡᠭᠵᠢᠭᠦᠯᠬᠦ ᠲᠡᠷᠭᠡ ᠭᠦᠰᠭᠡ᠂ ᠬᠠᠤᠯᠢ | ᠬᠡᠷᠡᠭᠵᠢᠭᠦᠯᠬᠦ ᠲᠤᠨᠤᠭ ᠲᠥᠭᠦᠭᠡᠷᠥᠮᠵᠢ ᠲᠤᠬᠢᠷᠠᠭᠤᠯᠤᠨ ᠪᠠᠷᠢᠮᠵᠢᠶᠠᠵᠢᠭᠤᠯᠬᠤ ᠠᠵᠢᠯ ᠤᠨ ᠪᠡᠶᠡᠯᠡᠭᠳᠡᠬᠦ ᠶᠢ ᠲᠥᠯᠬᠢᠨ | ᠠᠬᠢᠭᠤᠯᠤᠨ᠎ᠠ᠃ ᠡᠯ᠎ᠡ ᠱᠠᠲᠤᠨ ᠤ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ ᠢᠳᠡᠭᠡᠨ ᠤ ᠠᠮᠤᠷ | ᠲᠥᠪᠰᠢᠨ ᠤ ᠲᠠᠯ᠎ᠠ ᠪᠠᠷ ᠬᠢ ᠶᠠᠯ᠎ᠡ ᠬᠢᠬᠦ ᠶᠢ ᠲᠠᠩᠨᠠᠬᠤ ᠬᠦᠴᠥᠨ ᠢ ᠨᠢ ᠴᠢᠩᠭᠠᠷᠠᠭᠤᠯᠤᠨ᠎ᠠ᠃ ᠵᠤᠷᠢᠬᠵᠢᠭᠤᠯᠬᠤ | ᠲᠥᠷᠥ ᠶᠢᠨ ᠪᠤᠳᠤᠯᠭ᠎ᠠ ᠲᠤᠭᠲᠠᠭᠠᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠤᠭᠤᠷᠢᠭ︶ ᠤ ᠢᠳᠡᠭᠡᠨ ᠳᠤ ᠬᠡᠷᠡᠭᠯᠡᠬᠦ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ᠂ | ᠢᠳᠡᠭᠡᠨ ︵ᠢᠳᠡᠭᠡᠨ ᠤ ᠬᠠᠮᠢᠶ᠎ᠠ ᠪᠥᠬᠦᠢ ᠪᠦᠲᠥᠭᠡᠭᠳᠡᠭᠦᠨ ᠪᠠᠭᠲᠠᠨ᠎ᠠ︶ ᠢ ᠰᠢᠯᠭᠠᠨ ᠪᠠᠶᠢᠴᠠᠭᠠᠬᠤ ᠪᠠᠶᠢᠴᠠᠭᠠᠨ | ᠰᠢᠨᠵᠢᠬᠦ ᠡᠬᠢ ᠪᠠᠶᠠᠯᠢᠭ ᠢ ᠨᠢ ᠰᠢᠯᠢᠳᠡᠭᠵᠢᠭᠦᠯᠥᠨ᠂ ᠶᠡᠭᠡ ᠰᠤᠷᠭᠠᠭᠤᠯᠢ ᠳᠡᠭᠡᠳᠥ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠥᠷᠢᠶᠡᠯᠡᠭ ᠭᠠᠵᠠᠷ ᠵᠡᠷᠭᠡ ᠨᠡᠶᠢᠭᠡᠮ ᠤᠨ ᠰᠢᠯᠭᠠᠨ | ᠪᠠᠶᠢᠴᠠᠭᠠᠬᠤ ᠪᠠᠶᠢᠴᠠᠭᠠᠨ ᠰᠢᠨᠵᠢᠬᠦ ᠡᠬᠢ ᠪᠠᠶᠠᠯᠢᠭ ᠤᠨ ᠥᠢᠯᠡᠳᠥᠯ ᠢ ᠭᠥᠢᠴᠡᠳ ᠪᠠᠳᠠᠷᠠᠭᠤᠯᠵᠤ᠂ ᠭᠤᠷᠪᠠᠳᠡᠬᠢ | ᠡᠲᠡᠭᠡᠳ ᠤᠨ ᠰᠢᠯᠭᠠᠨ ᠪᠠᠶᠢᠴᠠᠭᠠᠬᠤ ᠥᠢᠯᠡᠴᠢᠯᠡᠭᠡᠨ ᠢ ᠤᠷᠤᠭᠤᠯᠵᠦ ᠢᠷᠡᠨ᠎ᠡ᠃ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠭᠡᠮ ᠢ | ᠮᠠᠭᠠᠳᠯᠠᠨ ᠲᠤᠭᠲᠠᠭᠠᠬᠤ ᠪᠡ ᠰᠢᠯᠭᠠᠨ ᠪᠠᠶᠢᠴᠠᠭᠠᠭᠰᠠᠨ ᠥᠷ᠎ᠡ ᠳ᠋ᠥᠩ ᠢ ᠨᠢ ᠬᠠᠷᠢᠴᠠᠭᠤᠯᠬᠤ ᠶᠢ ᠴᠢᠩᠭᠠᠷᠠᠭᠤᠯᠤᠨ᠂ | ᠰᠢᠯᠭᠠᠨ ᠪᠠᠶᠢᠴᠠᠭᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ | ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠠᠮᠤ ᠪᠤᠳᠠᠭ᠎ᠠ ᠶᠢᠨ ᠲᠤᠪᠴᠢᠶ᠎ᠠ᠂ | ᠲᠣᠲᠤᠭᠠᠳᠦ ᠶᠢ ᠬᠠᠮᠠᠭᠠᠯᠠᠬᠤ ᠲᠢᠩᠬᠢᠮ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠠ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ ᠢᠳᠡᠭᠡᠨ ᠤ ᠠᠮᠤᠷ ᠲᠥᠪᠰᠢᠨ ᠤ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠬᠢᠵᠢᠯᠲᠠ ᠶᠢᠨ ᠢᠨᠵᠧᠨᠧᠷᠢᠩ ᠤᠨ ᠲᠥᠷᠥᠯ ᠵᠥᠢᠯ ᠤᠨ ᠪᠠᠶᠢᠭᠤᠯᠤᠯᠲᠠ ᠶᠢ | ᠲᠥᠷᠭᠡᠳᠬᠡᠨ᠂ ᠢᠳᠡᠭᠡᠨ ᠤ ᠠᠮᠤᠷ ᠲᠥᠪᠰᠢᠨ ᠤ ᠨᠢᠭᠡᠲᠥᠯᠲᠡᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ | ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠬᠢ ᠶᠢ ᠬᠠᠮᠳᠤᠪᠠᠷ ᠬᠥᠷᠳᠡᠬᠦ ᠪᠡ ᠡᠬᠢ ᠪᠠᠶᠠᠯᠢᠭ ᠢ | ᠶᠡᠷᠥᠩᠬᠡᠶᠢᠯᠡᠨ ᠠᠰᠢᠭᠯᠠᠬᠤ ᠶᠢ ᠪᠠᠶᠠᠯᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ | ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠠᠵᠤ | ᠠᠬᠤᠢ ᠪᠠ ᠮᠠᠳᠡᠭᠡ ᠵᠠᠩᠬᠢᠵᠢᠯᠲᠠ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ | ᠲᠥᠯᠥᠪᠯᠡᠭᠡᠲᠥ ᠥᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠦ ᠥᠢᠯᠡᠳᠪᠥᠷᠢ | ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠡ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠤᠪᠴᠢᠶ᠎ᠠ᠂ ᠠᠮᠤ ᠪᠤᠳᠠᠭ᠎ᠠ ᠶᠢᠨ ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ | ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠮᠵᠢᠯᠴᠠᠨ᠎ᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠥᠲᠥᠭᠡᠭᠳᠡᠭᠦᠨ ᠤ ᠶᠠᠰᠤ ᠴᠢᠨᠠᠷ ᠤᠨ ᠠᠮᠤᠷ ᠲᠥᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ ᠶᠠᠰᠤ ᠴᠢᠨᠠᠷ ᠤᠨ | ᠠᠮᠤᠷ ᠲᠥᠪᠰᠢᠨ ᠤ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢ | ᠲᠡᠭᠦᠯᠳᠡᠷᠵᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠮᠵᠢᠯᠴᠠᠨ᠎ᠠ︶ | ᠨᠢᠷᠠᠢ ᠨᠢᠯᠬ᠎ᠠ ᠬᠡᠤᠬᠡᠳ ᠲᠤ ᠵᠤᠷᠢᠭᠤᠯᠤᠭᠰᠠᠨ ᠨᠠᠶᠢᠷᠠᠯᠭ᠎ᠠ ᠲᠠᠢ ᠰᠥᠨ ᠲᠠᠯᠬ᠎ᠠ᠂ ᠮᠢᠬᠠᠨ ᠪᠥᠲᠥᠭᠡᠭᠳᠡᠭᠦᠨ᠂ ᠰᠥᠨ | ᠪᠥᠲᠥᠭᠡᠭᠳᠡᠭᠦᠨ᠂ ᠢᠳᠡᠭᠡᠨ ᠳᠤ ᠬᠡᠷᠡᠭᠯᠡᠬᠦ ᠤᠷᠭᠤᠮᠠᠯ ᠤᠨ ᠲᠤᠰᠤ᠂ ᠬᠠᠷ᠎ᠠ ᠠᠷᠢᠬᠢ ᠵᠡᠷᠭᠡ ᠢᠳᠡᠭᠡᠨ ᠪᠡ ᠬᠠᠮᠢᠶ᠎ᠠ | ᠪᠥᠬᠦᠢ ᠭᠤᠣᠯᠳᠠᠯᠭ᠎ᠠ ᠲᠠᠢ ᠪᠦᠲᠥᠭᠡᠭᠳᠡᠭᠦᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠢᠳᠡᠪᠬᠢᠲᠡᠢ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠢᠳᠡᠭᠡᠨ ᠥᠢᠯᠡᠳᠪᠥᠷᠢᠯᠡᠨ ᠡᠵᠡᠩᠨᠡᠵᠤ ᠪᠠᠶᠢᠭ᠎ᠠ ᠠᠵᠤ | ᠠᠬᠤᠶᠢᠯᠠᠯ ᠢ ᠵᠤᠷᠢᠬᠵᠢᠭᠤᠯᠤᠨ ᠳᠡᠮᠵᠢᠵᠤ ᠪᠠᠶᠢᠭᠠᠳ ᠮᠥᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠨᠢ ᠴᠢᠩᠭᠠᠳᠬᠠᠨ᠂ ᠮᠥᠷᠳᠡᠨ ᠤᠬᠤᠴᠢᠯᠠᠬᠤ ᠰᠢᠰᠲ᠋ᠧᠮᠵᠢ ᠶᠢᠨ ᠬᠠᠮᠤᠷᠬᠤ ᠭᠡᠪᠴᠢᠶ᠎ᠡ ᠶᠢ | ᠴᠢᠷᠮᠠᠶᠢᠨ ᠦᠷᠭᠡᠳᠭᠡᠨ᠎ᠡ᠃ ︵ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠠᠳᠡᠭᠡ ᠵᠠᠩᠬᠢᠵᠢᠯᠲᠠ ᠶᠢᠨ | ᠵᠥᠪᠯᠡᠯ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠠᠮᠤ ᠪᠤᠳᠠᠭ᠎ᠠ ᠶᠢᠨ ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ | ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠬᠠᠮᠵᠢᠯᠴᠠᠨ᠎ᠠ︶ ᠪᠥᠬᠦ ᠤᠷᠤᠨ ᠤ | ᠢᠳᠡᠭᠡᠨ ᠤ ᠠᠮᠤᠷ ᠲᠥᠪᠰᠢᠨ ᠤ ᠲᠤᠭ᠎ᠠ ᠪᠦᠷᠢᠳᠭᠡᠯ ᠤᠨ ᠮᠡᠳᠡᠭᠡ ᠵᠠᠩᠬᠢ ᠶᠢᠨ ᠬᠠᠮᠢᠶᠠᠷᠤᠯᠲᠠ ᠶᠢ ᠴᠢᠩᠭᠠᠳᠬᠠᠨ᠂ | ᠥᠪᠡᠷᠲᠡᠭᠡᠨ ᠵᠠᠰᠠᠬᠤ ᠤᠷᠤᠨ ᠤ ᠢᠳᠡᠭᠡᠨ ᠤ ᠠᠮᠤᠷ ᠲᠥᠪᠰᠢᠨ ᠤ ᠤᠨ ᠤ ᠮᠡᠳᠡᠭᠦᠯᠥᠯᠲᠡ ᠨᠠᠶᠢᠷᠠᠭᠤᠯᠤᠨ ᠵᠣᠬᠢᠶᠠᠬᠤ | ᠶᠠᠪᠤᠳᠠᠯ ᠢ ᠰᠤᠳᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ | ᠲᠥᠪᠰᠢᠨ ᠤ ᠠᠯᠪᠠᠨ ᠭᠡᠷ ᠬᠠᠷᠢᠭᠤᠴᠠᠵᠤ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ | ᠠᠮᠤᠷ ᠲᠥᠪᠰᠢᠨ ᠤ ᠵᠥᠪᠯᠡᠯ ᠤᠨ ᠬᠠᠮᠢᠶ᠎ᠠ ᠪᠥᠬᠦᠢ ᠪᠥᠷᠢᠯᠳᠥᠭᠦᠨ ᠨᠢᠭᠡᠴᠡ ᠬᠠᠮᠵᠢᠯᠴᠠᠨ᠎ᠠ︶ | ᠲᠠᠪᠤ᠂ ᠢᠳᠡᠭᠡᠨ ᠤ ᠠᠮᠤᠷ ᠲᠥᠪᠰᠢᠨ ᠤ ᠬᠠᠤᠯᠢ ᠲᠤᠭᠲᠠᠭᠠᠯ ᠳᠦᠷᠢᠮ ᠪᠠ ᠪᠠᠷᠢᠮᠵᠢᠶ᠎ᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠲᠥᠯᠬᠢᠨ ᠠᠬᠢᠭᠤᠯᠤᠨ᠎ᠠ | ︽ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠥᠷᠢ ︵ | 2015 — 2020 ᠤᠨ︶︾ ᠶᠢ ᠨᠠᠶᠢᠳᠠᠪᠤᠷᠢᠵᠢᠭᠤᠯᠤᠨ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠳᠡᠭᠡᠨ ᠤ ᠠᠮᠤᠷ ᠲᠥᠪᠰᠢᠨ ᠤ ᠬᠠᠤᠯᠢ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ | ᠤᠷᠤᠨ ᠤ ᠢᠳᠡᠭᠡᠨ ᠥᠢᠯᠡᠳᠪᠥᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ ᠭᠠᠵᠠᠷ ᠪᠠ ᠢᠳᠡᠭᠡᠨ ᠤ | ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠥᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠷᠤᠨ ᠨᠤᠲᠤᠭ ᠤᠨ ᠴᠢᠨᠠᠷᠲᠠᠢ ᠲᠦᠭᠦᠷ ᠬᠠᠤᠯᠢ ᠲᠣᠭᠲᠠᠭᠠᠯ᠂ | ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠪᠠ ᠵᠠᠰᠠᠪᠤᠷᠢ ᠤᠷᠤᠭᠤᠯᠬᠤ ᠠᠬᠢᠴᠠ ᠶᠢ | ᠲᠥᠷᠭᠡᠳᠬᠡᠨ ᠠᠬᠢᠭᠤᠯᠤᠨ᠎ᠠ᠃ ᠢᠳᠡᠭᠡᠨ ᠤ ᠠᠮᠤᠷ ᠲᠥᠪᠰᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ | ᠳᠠᠷᠠᠭᠠᠯᠠᠯ ᠢ ᠲᠡᠭᠦᠯᠳᠡᠷᠵᠢᠭᠦᠯᠥᠨ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠦ᠂ ᠵᠠᠰᠠᠭ | ᠵᠠᠬᠢᠷᠭᠠᠨ ᠤ ᠬᠠᠥᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠬᠢᠨᠠᠨ ᠬᠠᠮᠢᠶᠠᠷᠬᠤ ᠳᠥᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠥᠨ᠎ᠡ᠃ ᠬᠠᠤᠯᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠪᠠᠶᠢᠴᠠᠭᠠᠯᠲᠠ ᠬᠢᠬᠦ ᠠᠵᠢᠯ ᠥᠷᠨᠢᠭᠦᠯᠥᠨ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠ ᠵᠠᠷᠭᠤ | ᠬᠥᠯᠢᠶᠡᠬᠦ ᠠᠵᠢᠯ ᠢ ᠰᠠᠶᠢᠲᠤᠷ ᠬᠢᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ | ᠠᠮᠤᠷ ᠲᠥᠪᠰᠢᠨ ᠤ ᠵᠥᠪᠯᠡᠯ ᠤᠨ ᠬᠠᠮᠢᠶ᠎ᠠ ᠪᠥᠬᠦᠢ ᠪᠦᠷᠢᠯᠳᠥᠭᠦᠨ ᠨᠢᠭᠡᠴᠡ ᠡᠭᠦᠷᠭᠡ ᠬᠠᠷᠢᠭᠤᠴᠠᠯᠭ᠎ᠠ ᠪᠠᠨ | ᠥᠨᠳᠥᠰᠥᠯᠡᠨ ᠬᠤᠪᠢᠳᠠᠨ ᠬᠠᠷᠢᠭᠤᠴᠠᠵᠦ᠂ ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠵᠢᠯ ᠤᠨ | ᠠᠯᠪᠠᠨ ᠭᠡᠷ ᠬᠠᠮᠵᠢᠯᠴᠠᠨ᠎ᠠ ︶ ᠤᠷᠤᠨ ᠨᠤᠲᠤᠭ ᠤᠨ ᠭᠤᠣᠯᠳᠠᠯᠭ᠎ᠠ ᠲᠠᠢ ᠢᠳᠡᠭᠡᠨ ᠤ ᠠᠮᠤᠷ ᠲᠥᠪᠰᠢᠨ ᠤ | ᠪᠠᠷᠢᠮᠵᠢᠶ᠎ᠠ ︵ᠢᠳᠡᠭᠡᠨ ᠤ ᠬᠠᠮᠢᠶ᠎ᠠ ᠪᠥᠬᠦᠢ ᠪᠥᠲᠥᠭᠡᠭᠳᠡᠭᠦᠨ ᠪᠠᠭᠲᠠᠨ᠎ᠠ︶ ᠶᠢ ᠲᠣᠭᠲᠠᠭᠠᠬᠤ ᠪᠠ ᠵᠠᠰᠠᠪᠤᠷᠢ | ᠤᠷᠤᠭᠤᠯᠬᠤ ᠶᠢ ᠲᠥᠷᠭᠡᠳᠬᠡᠨ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠤ ᠠᠮᠤᠷ ᠲᠥᠪᠰᠢᠨ ᠤ ᠤᠷᠤᠨ | ᠨᠤᠲᠤᠭ ᠤᠨ ᠪᠠᠷᠢᠮᠵᠢᠶ᠎ᠠ ᠶᠢᠨ ᠭᠠᠷᠴᠠᠭ ᠤᠨ ᠠᠭᠤᠯᠭ᠎ᠠ ᠶᠢ ᠲᠡᠭᠦᠯᠳᠡᠷᠵᠢᠭᠦᠯᠥᠨ᠎ᠡ᠃ ︵ᠥᠪᠡᠷᠲᠡᠭᠡᠨ ᠵᠠᠰᠠᠬᠤ | ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ ᠠᠴᠠ ᠥᠪᠡᠷᠲᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶ᠎ᠠ ᠯᠤᠭ᠎ᠠ ᠬᠠᠮᠲᠤᠷᠠᠨ ᠬᠠᠷᠢᠭᠤᠴᠠᠨ᠎ᠠ︶ ᠢᠳᠡᠭᠡᠨ ᠤ ᠠᠮᠤᠷ ᠲᠥᠪᠰᠢᠨ ᠤ ᠤᠯᠤᠰ ᠤᠨ ᠪᠠᠷᠢᠮᠵᠢᠶ᠎ᠠ ᠪᠡ | ᠤᠷᠤᠨ ᠨᠤᠲᠤᠭ ᠤᠨ ᠪᠠᠷᠢᠮᠵᠢᠶ᠎ᠠ ᠶᠢ ᠮᠥᠷᠳᠡᠨ ᠥᠨᠡᠯᠡᠬᠦ ᠶᠢ ᠴᠢᠩᠭᠠᠳᠬᠠᠨ᠂ ᠢᠳᠡᠭᠡᠨ ᠤ ᠠᠮᠤᠷ ᠲᠥᠪᠰᠢᠨ ᠤ | ᠤᠷᠤᠨ ᠨᠤᠲᠤᠭ ᠤᠨ ᠪᠠᠷᠢᠮᠵᠢᠶ᠎ᠠ ᠶᠢ ᠲᠤᠭᠲᠠᠭᠠᠬᠤ ᠬᠢᠬᠡᠳ ᠬᠢᠨᠠᠨ ᠬᠠᠮᠢᠶᠠᠷᠴᠥ ᠬᠠᠤᠯᠢ ᠬᠡᠷᠡᠭᠵᠢᠭᠦᠯᠬᠦ ᠠᠵᠢᠯ ᠯᠤᠭ᠎ᠠ | ᠵᠤᠯᠭᠠᠭᠤᠯᠬᠤ ᠶᠢ ᠰᠠᠶᠢᠲᠤᠷ ᠬᠢᠨ᠎ᠡ᠃ ︵ᠥᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠲᠥ | ᠥᠷᠡᠵᠢᠯ ᠤᠨ ᠵᠥᠪᠯᠡᠯ ᠨᠢ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠤᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠠᠮᠤ ᠪᠤᠳᠠᠭ᠎ᠠ ᠶᠢᠨ | ᠲᠤᠪᠴᠢᠶ᠎ᠠ ᠯᠤᠭ᠎ᠠ ᠬᠠᠮᠲᠤᠷᠠᠨ ᠬᠠᠷᠢᠭᠤᠴᠠᠨ᠎ᠠ︶ ᠪᠥᠬᠦ ᠤᠯᠤᠰ ᠤᠨ ᠲᠡᠷᠢᠶᠠᠨ ᠡᠮ ᠤᠨ ᠥᠯᠡᠳᠡᠭᠳᠡᠯ ᠤᠨ | ᠪᠠᠷᠢᠮᠵᠢᠶ᠎ᠠ ᠶᠢᠨ ᠰᠢᠰᠲ᠋ᠧᠮᠵᠢ ᠶᠢᠨ ᠠᠵᠢᠯ ᠤᠨ ᠲᠥᠰᠥᠯ ︵2015 — 2020 ᠤᠨ︶ ᠢ | ᠨᠠᠶᠢᠳᠠᠪᠤᠷᠢᠵᠢᠭᠤᠯᠤᠨ᠂ ᠤᠯᠤᠰ ᠤᠨ ᠤᠨ ᠤ ᠰᠢᠨ᠎ᠡ ᠲᠤᠭᠲᠠᠭᠠᠬᠤ ᠪᠠᠷ ᠪᠠᠶᠢᠭ᠎ᠠ ᠲᠠᠷᠢᠶᠠᠨ ᠡᠮ ᠤᠨ | ᠥᠯᠡᠳᠡᠭᠳᠡᠯ ᠤᠨ ᠪᠠᠷᠢᠮᠵᠢᠶ᠎ᠠ᠂ ᠮᠠᠯ ᠤᠨ ᠡᠮ ᠤᠨ ᠥᠯᠡᠳᠡᠭᠳᠡᠯ ᠤᠨ ᠪᠠᠷᠢᠮᠵᠢᠶ᠎ᠠ ᠪᠠ ᠲᠠᠷᠢᠶᠠᠯᠠᠩ ᠤᠨ ᠠᠵᠢᠯ | ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠤᠷᠤᠭᠤᠯᠬᠤ ᠠᠵᠢᠯ ᠳᠤ ᠢᠳᠡᠪᠬᠢᠲᠡᠢ ᠤᠷᠤᠯᠴᠠᠨ᠎ᠠ᠃ ︵ | ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠨ᠎ᠠ︶ | ᠵᠢᠷᠭᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠥᠢᠯᠡᠳᠪᠥᠷᠢᠯᠡᠯ ᠤᠨ ᠤᠷᠴᠢᠨ ᠲᠤᠭᠤᠷᠢᠨ ᠤ ᠨᠥᠭᠦᠴᠡᠯ ᠢ | ᠴᠢᠷᠮᠠᠶᠢᠨ ᠰᠠᠶᠢᠵᠢᠷᠠᠭᠤᠯᠤᠨ᠎ᠠ | ᠠᠭᠠᠷ ᠮᠠᠨᠳᠠᠯ᠂ ᠤᠰᠤ᠂ ᠭᠥᠷᠥᠰᠥ ᠰᠢᠷᠣᠢ ᠶᠢᠨ ᠪᠤᠬᠢᠷᠳᠥᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ | ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠬᠥᠷᠥᠰᠥ ᠰᠢᠷᠣᠢ ᠶᠢᠨ ᠪᠤᠬᠢᠷᠳᠤᠭᠰᠠᠨ ᠪᠠᠶᠢᠳᠠᠯ ᠤᠨ ᠨᠠᠷᠢᠨ | ᠪᠠᠶᠢᠴᠠᠭᠠᠯᠲᠠ ᠶᠢ ᠡᠬᠢᠯᠡᠭᠦᠯᠥᠨ᠂ ᠬᠥᠷᠥᠰᠥ ᠰᠢᠷᠣᠢ ᠶᠢᠨ ᠪᠤᠬᠢᠷᠳᠤᠯ ᠢ ᠵᠠᠰᠠᠬᠤ ᠪᠠ ᠥᠩᠭᠡᠵᠢᠭᠦᠯᠥᠨ ᠰᠡᠷᠭᠦᠭᠡᠬᠦ | ᠲᠤᠷᠰᠢᠯᠲᠠ ᠶᠢ ᠦᠷᠨᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠡᠩ | ᠲᠡᠷᠢᠭᠦᠨ ᠳᠤ ᠬᠠᠮᠠᠭᠠᠯᠠᠬᠤ ᠲᠥᠷᠥᠯ ᠪᠦᠬᠦᠢ ᠲᠠᠷᠢᠶᠠᠨ ᠭᠠᠵᠠᠷ ᠲᠥᠪᠯᠡᠷᠡᠭᠰᠡᠨ ᠣᠷᠣᠨ ᠪᠦᠰᠡ ᠳᠤ ᠥᠩᠭᠡᠲᠥ | ᠲᠡᠮᠦᠷᠯᠢᠭ ᠪᠤᠯᠪᠠᠰᠤᠷᠠᠭᠤᠯᠬᠤ᠂ ᠴᠢᠯᠠᠭᠤᠨ ᠲᠤᠰᠤ ᠪᠣᠯᠪᠠᠰᠤᠷᠠᠭᠤᠯᠬᠤ᠂ ᠬᠢᠮᠢ ᠶᠢᠨ ᠠᠵᠤ ᠥᠢᠯᠡᠳᠪᠥᠷᠢ᠂ | ᠬᠡᠤᠷᠰᠢᠭᠦᠯᠬᠦ᠂ ᠴᠠᠬᠢᠯᠭᠠᠨ ᠢᠶᠠᠷ ᠥᠩᠬᠡᠯᠡᠬᠦ᠂ ᠠᠷᠠᠰᠤ ᠡᠯᠳᠡᠬᠦ᠂ ᠠᠶᠤᠯᠲᠠᠢ ᠬᠠᠶᠠᠭᠳᠠᠮᠠᠯ ᠪᠤᠳᠠᠰ ᠢ ᠶᠡᠷᠥᠩᠬᠡᠶᠢᠯᠡᠨ | ᠠᠰᠢᠭᠯᠠᠬᠤ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠨ᠂ | ᠤᠳᠤ ᠪᠠᠶᠢᠭ᠎ᠠ ᠬᠠᠮᠢᠶ᠎ᠠ ᠪᠥᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ ᠢ | ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠬᠠᠪᠰᠤᠷᠤᠨ ᠲᠡᠳᠭᠦᠵᠦ᠂ ᠪᠡᠷᠢᠮᠵᠢᠶ᠎ᠠ ᠪᠠᠨ ᠳᠡᠭᠡᠭᠰᠢᠯᠡᠭᠦᠯᠤᠨ | ᠳᠠᠰ ᠲᠡᠪᠰᠢᠭᠦᠯᠵᠤ ᠥᠭᠡᠷᠡᠴᠢᠯᠡᠯᠲᠠ ᠬᠢᠬᠦ ᠠᠯᠬᠤᠴᠠ ᠶᠢ ᠨᠢ ᠲᠥᠷᠭᠡᠳᠬᠡᠨ᠎ᠡ᠃ ︵ᠥᠪᠡᠷᠲᠡᠭᠡᠨ ᠵᠠᠰᠠᠬᠤ ᠤᠷᠤᠨ ᠤ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ᠂ ᠬᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠠᠵᠤ | ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠤᠷᠳᠤᠨ ᠬᠠᠷᠢᠭᠤᠴᠠᠨ᠎ᠠ︶ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠬᠦᠯᠬᠦ | ᠠᠵᠢᠯᠯᠠᠭ᠎ᠠ ᠶᠢ ᠭᠥᠨᠵᠡᠭᠡᠢ ᠥᠷᠨᠢᠭᠦᠯᠥᠨ᠂ ᠲᠠᠷᠢᠶᠠᠯᠠᠩ ᠤᠨ ᠣᠯᠠᠨ ᠡᠬᠢᠲᠦ ᠪᠤᠬᠢᠷᠳᠤᠯ ᠢ ᠰᠡᠷᠭᠡᠶᠢᠯᠡᠵᠤ ᠰᠢᠪᠲᠤᠯᠬᠤ | ᠠᠵᠢᠯᠯᠠᠭ᠎ᠠ ᠶᠢ ᠲᠥᠯᠬᠢᠨ ᠠᠬᠢᠭᠤᠯᠵᠤ᠂ ᠬᠥᠨᠳᠥ ᠲᠡᠮᠦᠷᠯᠢᠭ ᠲᠤ ᠪᠤᠬᠢᠷᠳᠤᠭᠰᠠᠨ ᠲᠠᠷᠢᠶᠠᠨ ᠭᠠᠵᠠᠷ ᠢ | ᠥᠩᠭᠡᠵᠢᠭᠦᠯᠥᠨ ᠰᠡᠷᠭᠦᠭᠡᠬᠦ ᠪᠠ ᠲᠠᠷᠢᠵᠤ ᠲᠡᠵᠢᠭᠡᠬᠦ ᠪᠥᠲᠥᠴᠡ ᠳᠤ ᠲᠤᠬᠢᠷᠠᠭᠤᠯᠤᠯᠲᠠ ᠬᠢᠬᠦ ᠶᠢ ᠲᠥᠷᠭᠡᠳᠬᠡᠨ᠂ | ᠳᠤᠮᠳᠠ ᠵᠡᠷᠭᠡ ᠶᠢᠨ ᠪᠠ ᠬᠥᠩᠭᠡᠨ ᠬᠡᠮᠵᠢᠶ᠎ᠡ ᠪᠠᠷ ᠪᠣᠬᠢᠷᠳᠤᠭᠰᠠᠨ ᠲᠠᠷᠢᠶᠠᠨ ᠭᠠᠵᠠᠷ ᠢ ᠠᠮᠤᠷ ᠲᠥᠪᠰᠢᠨ ᠢᠶᠠᠷ | ᠬᠡᠷᠡᠭᠯᠡᠬᠦ ᠵᠢᠴᠢ ᠬᠥᠨᠳᠥ ᠬᠡᠮᠵᠢᠶ᠎ᠡ ᠪᠠᠷ ᠪᠣᠬᠢᠷᠳᠤᠭᠰᠠᠨ ᠲᠠᠷᠢᠶᠠᠨ ᠭᠠᠵᠠᠷ ᠤᠨ ᠢᠳᠡᠭᠡᠨ ᠳᠤ ᠬᠡᠷᠡᠭᠯᠡᠬᠦ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠥᠢᠯᠡᠳᠪᠥᠷᠢᠯᠡᠬᠦ ᠶᠢ ᠬᠤᠷᠢᠭᠯᠠᠬᠤ ᠤᠷᠤᠨ ᠢᠶᠠᠷ ᠵᠢᠭᠠᠨ | ᠵᠢᠯᠤᠭᠤᠳᠴᠥ ᠬᠤᠪᠢᠶᠠᠷᠢᠯᠠᠨ ᠲᠤᠭᠲᠠᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ | ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ | ᠬᠠᠮᠵᠢᠯᠴᠠᠨ᠎ᠠ︶ | ᠳᠤᠯᠤᠭ᠎ᠠ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠥᠲᠥᠭᠡᠭᠳᠡᠭᠦᠨ ᠮᠠᠯ ᠤᠨ ᠠᠰᠢᠭ ᠰᠢᠮ᠎ᠡ ᠶᠢᠨ ᠲᠠᠷᠢᠵᠤ | ᠲᠡᠵᠢᠭᠡᠬᠦ ᠶᠢᠨ ᠡᠬᠢ ᠡᠭᠦᠰᠥᠯ ᠠᠴᠠ ᠨᠢ ᠵᠠᠰᠠᠬᠤ ᠶᠢ ᠬᠥᠴᠥᠯᠡᠨ ᠴᠢᠩᠭᠠᠳᠬᠠᠨ᠎ᠠ | ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠠᠶᠢᠬᠠᠨ ᠥᠢᠯᠡᠳᠪᠥᠷᠢᠯᠡᠬᠦ ᠵᠢᠷᠥᠮᠵᠢᠯ ᠢ ᠶᠡᠬᠡᠪᠡᠷ | ᠬᠡᠷᠡᠭᠵᠢᠭᠦᠯᠵᠥ᠂ ᠲᠠᠷᠢᠶᠠᠨ ᠤ ᠪᠠ ᠮᠠᠯ ᠤᠨ ᠡᠮ ᠤᠨ ᠠᠮᠤᠷ ᠲᠥᠪᠰᠢᠨ ᠤ ᠵᠠᠪᠰᠠᠷᠯᠠᠬᠤ ᠬᠤᠭᠤᠴᠠᠭ᠎ᠠ᠂ ᠡᠮ | ᠵᠤᠭᠰᠤᠭᠠᠬᠤ ᠬᠤᠭᠤᠴᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠡᠪᠴᠢᠶᠡᠵᠢᠭᠦᠯᠥᠨ ᠥᠢᠯᠡᠳᠪᠥᠷᠢᠯᠡᠨ | ᠡᠵᠡᠩᠨᠡᠵᠦ ᠪᠠᠶᠢᠭ᠎ᠠ ᠭᠤᠤᠯ ᠴᠤᠭᠴᠠ ᠶᠢᠨ ᠥᠢᠯᠡᠳᠪᠥᠷᠢᠯᠡᠨ ᠡᠵᠡᠩᠨᠡᠵᠦ ᠪᠠᠶᠢᠭ᠎ᠠ ᠪᠠᠨ ᠲᠡᠮᠳᠡᠭᠯᠡᠬᠦ ᠡᠬᠡ | ᠳᠠᠩᠰᠠ ᠶᠢᠨ ᠳᠥᠷᠢᠮ ᠢ ᠨᠠᠶᠢᠳᠠᠪᠤᠷᠢᠵᠢᠭᠤᠯᠤᠨ᠎ᠠ᠃ ᠬᠤᠤᠷ ᠶᠡᠬᠡᠲᠡᠢ ᠲᠠᠷᠢᠶᠠᠨ ᠡᠮ ᠢ ᠴᠢᠬ ᠲᠤᠭᠲᠠᠭᠠᠨ ᠡᠵᠡᠩᠨᠡᠬᠦ᠂ | ᠥᠨᠡᠨ ᠨᠡᠷ᠎ᠡ ᠪᠠᠷ ᠢᠶᠠᠨ ᠬᠤᠳᠠᠯᠳᠤᠨ ᠠᠪᠬᠤ ᠳᠥᠷᠢᠮ ᠢ ᠴᠢᠩᠭ᠎ᠠ ᠬᠡᠷᠡᠭᠵᠢᠭᠦᠯᠥᠨ᠂ ᠬᠡᠷᠡᠭᠯᠡᠬᠦ ᠳᠤᠨᠢ ᠴᠠᠭᠠᠵᠠ | ᠬᠢᠵᠠᠭᠠᠷ ᠲᠠᠢ ᠪᠠᠶᠢᠯᠭᠠᠬᠤ ᠠᠷᠭ᠎ᠠ ᠬᠡᠮᠵᠢᠶ᠎ᠡ ᠶᠢ ᠠᠪᠴᠥ᠂ ᠲᠤᠭᠰᠢᠨ ᠬᠤᠤᠷ ᠲᠠᠢ ᠪᠠ ᠬᠤᠤᠷ ᠶᠡᠬᠡᠲᠡᠢ ᠲᠠᠷᠢᠶᠠᠨ | ᠡᠮ ᠢ ᠢᠳᠡᠰᠢᠨ ᠨᠤᠭᠤᠭ᠎ᠠ᠂ ᠭᠤᠸ᠎ᠠ ᠵᠢᠮᠢᠰ᠂ ᠬᠢᠲᠠᠳ ᠡᠪᠡᠰᠥᠨ ᠡᠮ ᠵᠡᠷᠭᠡ ᠲᠠᠷᠢᠮᠡᠯ ᠤᠨ ᠵᠥᠢᠯ ᠤᠨ | ᠥᠢᠯᠡᠳᠪᠥᠷᠢᠯᠡᠯ ᠳᠤ ᠬᠡᠷᠡᠭᠯᠡᠬᠦ ᠶᠢ ᠴᠠᠭᠠᠵᠠᠯᠠᠨ᠎ᠠ᠃ ᠮᠡᠯ ᠳᠤ ᠬᠡᠷᠡᠭᠯᠡᠬᠦ ᠵᠤᠷ ᠤᠨ ᠡᠮ ᠤᠨ ᠬᠠᠮᠢᠶᠠᠷᠤᠯᠲᠠ ᠪᠠ | ᠮᠠᠯ ᠤᠨ ᠡᠮ ᠤᠨ ᠬᠤᠶᠠᠷ ᠬᠡᠮᠵᠢᠯᠲᠦ ᠲᠡᠮᠳᠡᠭ ᠢᠶᠠᠷ ᠮᠥᠷᠳᠡᠨ ᠤᠬᠤᠴᠢᠯᠠᠬᠤ ᠳᠥᠷᠢᠮ ᠢ ᠬᠡᠷᠡᠭᠵᠢᠭᠦᠯᠥᠨ᠎ᠡ᠃ | ᠰᠢᠨᠵᠢᠯᠡᠬᠦ ᠤᠬᠠᠭᠠᠨᠴᠢ ᠪᠠᠷ ᠲᠠᠷᠢᠵᠤ ᠲᠡᠵᠢᠭᠡᠬᠦ ᠮᠡᠷᠭᠡᠵᠢᠯ ᠤᠨ ᠪᠤᠯᠪᠠᠰᠤᠷᠠᠭᠤᠯᠤᠯ ᠬᠢᠬᠦ ᠡᠷᠴᠢᠮ ᠢ ᠴᠢᠩᠭᠠᠷᠠᠭᠤᠯᠤᠨ᠂ | ᠲᠠᠷᠢᠶᠠᠯᠠᠬᠤ ᠮᠠᠯᠵᠢᠬᠤ ᠡᠷᠥᠬᠡ ᠨᠦᠭᠦᠳ ᠤᠨ ᠲᠠᠷᠢᠶᠠᠨ ᠡᠮ᠂ ᠮᠠᠯ ᠤᠨ ᠡᠮ᠂ ᠬᠢᠮᠢ ᠶᠢᠨ ᠪᠤᠷᠳᠤᠭᠤᠷ᠂ ᠲᠡᠵᠢᠭᠡᠯ | ᠪᠤᠷᠳᠤᠭ᠎ᠠ ᠪᠠ ᠲᠡᠵᠢᠭᠡᠯ ᠪᠤᠷᠳᠤᠭ᠎ᠠ ᠶᠢᠨ ᠨᠡᠮᠡᠯᠲᠡ ᠡᠳ᠋ ᠢ ᠬᠠᠤᠯᠢ ᠶᠤᠰᠤᠭᠠᠷ ᠰᠢᠨᠵᠢᠯᠡᠬᠦ ᠤᠬᠠᠭᠠᠨᠴᠢ ᠪᠠᠷ | ᠬᠡᠷᠡᠭᠯᠡᠬᠦ ᠶᠢ ᠵᠢᠯᠤᠭᠤᠳᠤᠨ᠂ ︽ᠪᠤᠷᠤᠭ ᠮᠢᠬᠠᠯᠠᠭᠤᠯᠬᠤ ᠬᠠᠨᠳᠠ︾᠂ ᠲᠤᠭᠤᠰ ᠤᠨ ᠴᠢᠯᠠᠭᠤᠨ ᠤ ᠨᠤᠭᠤᠭᠠᠨ᠂ | ᠨᠢᠲᠷᠥ ᠹᠥᠷᠠᠨ ᠵᠡᠷᠭᠡ ᠬᠤᠷᠢᠭᠠᠲᠠᠢ ᠪᠤᠳᠠᠰ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠪᠡᠳᠴᠢᠨ ᠬᠤᠷᠤᠬᠠᠢ ᠶᠢᠨ | ᠬᠥᠨᠥᠭᠡᠯ᠂ ᠠᠮᠢᠲᠠᠨ ᠤ ᠭᠡᠮ ᠬᠢᠵᠢᠭ ᠢ ᠨᠢᠭᠡᠳᠥᠯᠲᠡᠢ ᠰᠡᠷᠭᠡᠶᠢᠯᠡᠨ ᠨᠢᠭᠡᠳᠥᠯᠲᠡᠢ ᠡᠮᠨᠡᠭᠦ ᠲᠤᠰᠬᠠᠶᠢᠵᠢᠭᠰᠠᠨ | ᠥᠢᠯᠡᠴᠢᠯᠡᠭᠡᠨ ᠢ ᠬᠡᠷᠡᠭᠵᠢᠭᠦᠯᠵᠥ᠂ ᠡᠵᠡᠩᠨᠡᠯᠲᠡ ᠶᠢᠨ ᠴᠢᠨᠠᠷᠲᠠᠢ ᠥᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ | ᠲᠡᠳᠭᠦᠨ ᠪᠤᠶᠢᠵᠢᠭᠤᠯᠤᠨ᠎ᠠ᠃ ᠢᠳᠡᠭᠡᠨ ᠳᠤ ᠬᠡᠷᠡᠭᠯᠡᠬᠦ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠤ | ᠭᠠᠷᠤᠯᠲᠠ ᠶᠢᠨ ᠭᠠᠵᠠᠷ ᠤᠨ ᠥᠢᠯᠡᠳᠪᠥᠷᠢᠯᠡᠬᠦ ᠪᠠ ᠭᠠᠷᠭᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠭᠠᠷᠤᠯᠲᠠ ᠶᠢᠨ | ᠭᠠᠵᠠᠷ ᠤᠨ ᠬᠢᠷᠢ ᠲᠡᠩᠴᠡᠭᠰᠡᠨ ᠥᠨᠡᠮᠯᠡᠯ ᠤᠨ ᠲᠤᠷᠰᠢᠯᠲᠠ ᠶᠢᠨ ᠳᠡᠯᠭᠡᠷᠡᠭᠦᠯᠬᠦ ᠠᠵᠢᠯ ᠢ ᠵᠤᠬᠢᠶᠠᠨ ᠪᠠᠶᠢᠭᠤᠯᠤᠨ | ᠥᠷᠨᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠷᠢᠭᠤᠴᠠᠨ᠎ᠠ︶ | ᠮᠠᠯ ᠵᠢᠭᠦᠷᠲᠡᠨ ᠤᠰᠤᠨ ᠭᠠᠷᠤᠯᠲᠠ ᠶᠢᠨ ᠶᠠᠰᠦ ᠴᠢᠨᠠᠷ ᠤᠨ ᠠᠮᠤᠷ ᠲᠥᠪᠰᠢᠨ ᠢ ᠲᠤᠰᠬᠠᠢ ᠵᠥᠢᠯ ᠢᠶᠠᠷ ᠴᠡᠭᠴᠡᠯᠡᠨ | ᠵᠠᠰᠠᠬᠤ ᠶᠢ ᠭᠥᠨᠵᠡᠭᠡᠢ ᠲᠥᠯᠬᠢᠨ ᠠᠬᠢᠭᠤᠯᠵᠦ᠂ ᠲᠠᠷᠢᠶᠠᠨ ᠡᠮ ᠮᠠᠯ ᠤᠨ ᠡᠮ ᠤᠨ ᠥᠯᠡᠳᠡᠭᠳᠡᠯ ᠤᠨ ᠪᠠᠷᠢᠮᠵᠢᠶ᠎ᠠ ᠠᠴᠠ | ᠳᠠᠪᠠᠵᠦ ᠪᠠᠶᠢᠭ᠎ᠠ ᠳᠤᠪᠤᠶᠢᠮ᠎ᠠ ᠠᠰᠠᠭᠤᠳᠠᠯ ᠢ ᠲᠥᠪᠯᠡᠷᠡᠭᠦᠯᠥᠨ ᠵᠠᠰᠠᠨ᠎ᠠ᠃ ︵ᠥᠪᠡᠷᠲᠡᠭᠡᠨ ᠵᠠᠰᠠᠬᠤ ᠤᠷᠤᠨ ᠤ | ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ᠂ ᠢᠳᠡᠭᠡᠨ ᠪᠠ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ᠂ ᠥᠪᠥᠷ ᠮᠤᠩᠭᠤᠯ ᠤᠨ ᠴᠢᠮᠡᠭᠡ ᠬᠤᠯᠪᠤᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ | ᠬᠠᠷᠢᠭᠤᠴᠠᠨ᠎ᠠ︶ | ᠨᠠᠢᠮᠠ᠂ ᠢᠳᠡᠭᠡᠨ ᠥᠢᠯᠡᠳᠪᠥᠷᠢᠯᠡᠵᠦ ᠡᠵᠡᠩᠨᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠡ | ᠪᠠᠶᠢᠴᠠᠭᠠᠬᠤ ᠶᠢ ᠬᠦᠰᠥᠨᠥᠭᠳᠥᠵᠢᠭᠦᠯᠬᠦ᠂ ᠰᠤᠭᠤᠴᠢᠵᠦ ᠰᠢᠯᠭᠠᠨ ᠪᠠᠶᠢᠴᠠᠭᠠᠬᠤ ᠶᠢ ᠲᠥᠷᠢᠮᠵᠢᠭᠦᠯᠬᠦ᠂ | ᠬᠠᠷᠢᠭᠤᠴᠠᠯᠭ᠎ᠠ ᠶᠢ ᠲᠤᠤᠷᠵᠢᠭᠤᠯᠬᠤ᠂ ᠬᠢᠨᠠᠨ ᠬᠠᠮᠢᠶᠠᠷᠬᠤ ᠶᠢ ᠮᠡᠳᠡᠭᠡ ᠵᠠᠩᠬᠢᠵᠢᠭᠤᠯᠬᠤ ᠶᠢ ᠬᠥᠴᠥᠲᠡᠢ | ᠬᠡᠷᠡᠭᠵᠢᠭᠦᠯᠵᠦ᠂ ᠡᠳᠥᠷ ᠲᠤᠲᠤᠮ ᠤᠨ ᠪᠠᠶᠢᠴᠠᠭᠠᠬᠤ ᠪᠠ ᠬᠢᠨᠠᠯᠲᠠ ᠲᠠᠯᠪᠢᠨ ᠰᠤᠭᠤᠴᠢᠵᠦ ᠰᠢᠯᠭᠠᠨ ᠪᠠᠶᠢᠴᠠᠭᠠᠬᠤ | ᠬᠤᠶᠠᠷ ᠬᠠᠷᠢᠭᠤᠴᠠᠯᠭ᠎ᠠ ᠶᠢ ᠪᠥᠲᠥᠮᠵᠢᠲᠡᠢ ᠨᠠᠶᠢᠳᠠᠪᠤᠷᠢᠵᠢᠭᠤᠯᠤᠨ᠎ᠠ᠃ ︽ᠬᠤᠶᠠᠷ ᠢ ᠳᠠᠰᠢᠷᠠᠮ ᠳᠠᠭᠠᠤ᠂ ᠨᠢᠭᠡ ᠶᠢ | ᠢᠯᠡ ᠪᠠᠶᠢᠯᠭᠠᠬᠤ︾ ᠱᠠᠭᠠᠷᠳᠠᠯᠭ᠎ᠠ ᠶᠢ ᠲᠤᠤᠱᠯᠠᠭᠤᠯᠤᠨ᠂ ᠵᠠᠰᠠᠭ ᠵᠠᠬᠢᠷᠭᠠᠨ ᠢᠶᠠᠷ ᠵᠥᠪᠰᠢᠶᠡᠷᠡᠬᠦ ᠶᠢᠨ ᠠᠵᠢᠯ | ᠬᠡᠷᠡᠭ ᠤᠨ ᠲᠤᠮᠳᠠᠬᠢ ᠪᠠ ᠰᠡᠭᠦᠯᠡᠷᠬᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠥᠢᠯᠡᠳᠪᠥᠷᠢᠯᠡᠨ | ᠡᠵᠡᠩᠨᠡᠵᠤ ᠪᠠᠶᠢᠭ᠎ᠠ ᠠᠵᠤ ᠠᠬᠤᠶᠢᠯᠠᠯ ᠤᠨ ᠥᠷᠭᠦᠯᠵᠢᠯᠡᠨ ᠥᠨᠡᠮᠯᠡᠯ ᠤᠯᠬᠤ ᠨᠥᠬᠦᠴᠡᠯ ᠲᠠᠢ ᠪᠠᠨ ᠪᠠᠶᠢᠬᠤ ᠳᠤ | ᠬᠢᠨᠠᠯᠲᠠ ᠲᠠᠯᠪᠢᠨ᠎ᠠ᠃ ᠲᠤᠰᠬᠠᠢ ᠵᠥᠢᠯ ᠢᠶᠠᠷ ᠪᠠᠶᠢᠴᠠᠭᠠᠬᠤ ᠪᠠ ᠭᠡᠨᠡᠳᠡᠭᠦᠯᠥᠨ ᠪᠠᠶᠢᠴᠠᠭᠠᠬᠤ ᠡᠷᠴᠢᠮ ᠢ | ᠴᠢᠩᠭᠠᠷᠠᠭᠤᠯᠤᠨ᠂ ᠳᠠᠯᠳᠠ ᠭᠡᠮ ᠢ ᠲᠦᠢᠯᠪᠤᠷᠢᠲᠠᠢ ᠪᠠᠶᠢᠴᠠᠭᠠᠬᠤ᠂ ︽ᠢᠳᠡᠪᠬᠢ ᠵᠥᠢᠯ︾ ᠢ ᠨᠢ ᠰᠤᠭᠤᠴᠢᠨ | ᠪᠠᠶᠢᠴᠠᠭᠠᠬᠤ᠂ ᠰᠢᠳᠭᠡᠯ ᠢ ᠬᠥᠮᠥᠨ ᠳᠤᠨᠢ ᠲᠤᠯᠭᠠᠬᠤ᠂ ᠮᠡᠳᠡᠭᠡ ᠵᠠᠩᠬᠢ ᠶᠢ ᠢᠯᠡ ᠪᠤᠯᠭᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠬᠠᠤᠯᠢ ᠪᠠ ᠳᠥᠷᠢᠮ ᠠᠴᠠ ᠵᠥᠷᠢᠴᠡᠭᠰᠡᠨ ᠠᠵᠤ ᠠᠬᠤᠶᠢᠯᠠᠯ ᠢ ᠣᠯᠠᠨ ᠳᠤ ᠢᠯᠡ | ᠦᠵᠡᠭᠦᠯᠥᠨ᠂ ᠥᠢᠯᠡᠳᠪᠥᠷᠢᠯᠡᠵᠦ ᠡᠵᠡᠩᠨᠡᠭᠴᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠭᠡᠳᠡᠷᠭᠡᠨ ᠰᠢᠬᠠᠮᠳᠠᠭᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ | ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶ ᠢᠳᠡᠭᠡᠨ ︵ᠢᠳᠡᠭᠡᠨ ᠤ ᠬᠠᠮᠢᠶ᠎ᠠ ᠪᠥᠬᠦᠢ | ᠪᠥᠲᠥᠭᠡᠭᠳᠡᠭᠦᠨ ᠪᠠᠭᠲᠠᠨ᠎ᠠ︶ ᠥᠢᠯᠡᠳᠪᠥᠷᠢᠯᠡᠨ ᠡᠵᠡᠩᠨᠡᠵᠤ ᠪᠠᠶᠢᠭ᠎ᠠ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ | ᠲᠥᠪᠰᠢᠨ ᠤ ᠡᠷᠭᠡ ᠣᠯᠭᠤᠭᠴᠢ ᠶᠢᠨ ᠳᠥᠷᠢᠮ ᠪᠠᠶᠢᠭᠤᠯᠬᠤ ᠶᠢ ᠢᠳᠡᠪᠬᠢᠲᠡᠢ ᠪᠠᠷ ᠲᠥᠯᠬᠢᠨ ᠠᠬᠢᠭᠤᠯᠵᠤ᠂ | ᠬᠠᠪᠰᠤᠷᠤᠨ ᠲᠤᠰᠠᠯᠠᠬᠤ ᠠᠵᠤ ᠠᠬᠤᠶᠢᠯᠠᠯ ᠤᠨ ᠬᠤᠣᠷ ᠬᠦᠨᠥᠭᠡᠯ ᠳᠤ ᠵᠠᠳᠠᠯᠤᠯᠲᠠ ᠬᠢᠬᠦ ᠪᠠ ᠭᠤᠤᠯᠳᠠᠯᠭ᠎ᠠ ᠲᠠᠢ | ᠡᠵᠡᠮᠳᠡᠬᠦ ᠴᠢᠬ ︵HACCP︶ ᠤᠨ ᠰᠢᠰᠲ᠋ᠧᠮᠵᠢ ᠪᠠᠷ ᠥᠨᠡᠮᠰᠢᠨ ᠭᠡᠷᠡᠴᠢᠯᠡᠭᠦᠯᠬᠦ ᠪᠠ ᠢᠳᠡᠭᠡᠨ ᠤ ᠠᠮᠤᠷ | ᠲᠥᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠦᠷᠨᠢᠭᠦᠯᠬᠦ ᠶᠢ ᠳᠡᠮᠵᠢᠨ᠎ᠡ᠃ ︵ | ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ | ᠶᠠᠰᠥ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠠᠷᠢᠭᠤᠴᠠᠨ᠎ᠠ︶ ᠢᠳᠡᠭᠡᠨ ᠡᠳ᠋ᠰᠢᠭᠦᠯᠬᠦ | ᠬᠥᠷᠢᠶᠡᠯᠡᠩ ᠲᠣᠭᠤᠷᠢᠭ᠂ ᠢᠳᠡᠭᠡᠨ ᠲᠥᠪᠯᠡᠷᠡᠭᠦᠯᠥᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠴᠢᠩᠭᠠᠷᠠᠭᠤᠯᠤᠨ᠂ ᠬᠠᠷᠠᠭᠠᠯᠵᠠᠯ ᠥᠵᠡᠭᠦᠯᠬᠦ ᠲᠥᠷᠥ ᠶᠢᠨ ᠪᠤᠳᠤᠯᠭ᠎ᠠ ᠶᠢ ᠨᠡᠶᠢᠲᠡᠯᠡᠵᠤ᠂ ᠢᠳᠡᠭᠡᠨ ᠡᠳ᠋ᠰᠢᠭᠦᠯᠬᠦ | ᠵᠢᠵᠢᠭ ᠥᠢᠯᠡᠳᠭᠡᠯ ᠤᠨ ᠭᠠᠵᠠᠷ᠂ ᠢᠳᠡᠭᠡᠨ ᠤ ᠳᠡᠯᠭᠡᠭᠦᠷᠴᠢᠳ ᠤᠨ ᠬᠥᠷᠢᠶᠡᠯᠡᠩ ᠲᠣᠭᠤᠷᠢᠭ ᠪᠠ ᠵᠠᠬ᠎ᠠ | ᠳᠡᠯᠭᠡᠭᠦᠷ ᠲᠤ ᠤᠷᠤᠵᠤ ᠡᠵᠡᠩᠨᠡᠬᠦ ᠶᠢ ᠬᠦᠲᠥᠯᠥᠨ ᠵᠢᠯᠤᠭᠤᠳᠴᠦ᠂ ᠲᠦᠪᠯᠡᠷᠡᠩᠭᠦᠢ ᠵᠢᠷᠤᠮᠵᠢᠭᠤᠯᠤᠨ ᠬᠠᠮᠢᠶᠠᠷᠬᠤ ᠶᠢ | ᠬᠡᠷᠡᠭᠵᠢᠭᠦᠯᠥᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ | ᠬᠠᠷᠢᠭᠤᠴᠠᠨ᠎ᠠ︶ ᠬᠤᠭᠤᠯᠠ ᠤᠮᠳᠠᠭᠠᠨ ᠤ ᠥᠢᠯᠡᠰ ᠤᠨ ᠢᠳᠡᠭᠡᠨ ᠤ ᠠᠮᠤᠷ ᠲᠥᠪᠰᠢᠨ ᠢ ᠳᠡᠭᠡᠭᠰᠢᠯᠡᠭᠦᠯᠬᠦ | ᠢᠨᠵᠧᠨᠧᠷᠢᠩ ᠢ ᠭᠡᠷᠡᠭᠵᠢᠭᠦᠯᠥᠨ᠂ ᠢᠨᠲ᠋ᠧᠷ ᠰᠦᠯᠵᠢᠶ᠎ᠡ ᠪᠠᠷ ᠢᠳᠡᠭᠡᠨ ᠡᠵᠡᠩᠨᠡᠬᠦ ᠠᠵᠢᠯᠯᠠᠭ᠎ᠠ ᠶᠢ ᠵᠢᠷᠤᠮᠵᠢᠭᠤᠯᠤᠨ | ᠬᠠᠮᠢᠶᠠᠷᠬᠤ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ | ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ | ᠵᠥᠪᠯᠡᠯ ᠤᠨ ᠬᠠᠮᠢᠶ᠎ᠡ ᠪᠥᠬᠦᠢ ᠪᠥᠷᠢᠯᠳᠥᠭᠦᠨ ᠨᠢᠭᠡᠴᠡ ᠬᠠᠮᠵᠢᠯᠴᠠᠨ᠎ᠠ︶ ︽ᠡᠷᠡᠭᠦᠯ ᠴᠡᠪᠡᠷ ᠠᠮᠦ ᠪᠤᠳᠠᠭ᠎ᠠ ᠲᠤᠰᠤ︾ | ᠶᠢᠨ ᠬᠠᠩᠭᠠᠯᠭ᠎ᠠ ᠶᠢᠨ ᠲᠤᠤᠷ ᠰᠥᠯᠵᠢᠶ᠎ᠡ ᠶᠢᠨ ᠪᠠᠶᠢᠭᠤᠯᠤᠯᠲᠠ ᠪᠡ ᠶᠠᠰᠤ ᠴᠢᠨᠠᠷ ᠤᠨ ᠠᠮᠤᠷ ᠲᠥᠪᠰᠢᠨ ᠢ ᠬᠢᠨᠠᠨ | ᠬᠠᠮᠢᠶᠠᠷᠬᠤ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠲᠤᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ᠂ ᠥᠪᠡᠷᠲᠡᠭᠡᠨ ᠵᠠᠰᠠᠬᠤ | ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠮᠵᠢᠯᠴᠠᠨ᠎ᠠ︶ | ᠲᠠᠷᠢᠶᠠᠯᠠᠬᠤ ᠮᠠᠯᠵᠢᠬᠤ ᠤᠷᠤᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠭᠠᠵᠠᠷ ᠤᠷᠤᠨ ︵ | ᠰᠤᠷᠤᠭᠴᠢᠳ ᠲᠤ ᠵᠤᠷᠢᠭᠤᠯᠤᠭᠰᠠᠨ ᠠᠮᠠᠷᠠᠵᠤ ᠬᠤᠭᠤᠯᠯᠠᠬᠤ ᠭᠠᠵᠠᠷ ᠪᠠᠭᠲᠠᠨ᠎ᠠ︶᠂ ᠵᠢᠭᠤᠯᠴᠢᠯᠠᠯ ᠤᠨ | ᠦᠵᠡᠮᠵᠢ ᠶᠢᠨ ᠤᠷᠤᠨ᠂ ᠵᠠᠮ ᠬᠠᠷᠢᠯᠴᠠᠭ᠎ᠠ ᠲᠡᠭᠡᠭᠡᠪᠥᠷᠢ ᠶᠢᠨ ᠥᠷᠳᠡᠭᠡ ᠴᠢᠬ᠂ ᠪᠠᠷᠢᠯᠭ᠎ᠠ ᠶᠢᠨ ᠭᠠᠵᠠᠷ ᠤᠨ | ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠣᠷᠣᠨ ᠪᠥᠰᠡ ᠶᠢᠨ ᠢᠳᠡᠭᠡᠨ ᠤ ᠠᠮᠤᠷ ᠲᠥᠪᠰᠢᠨ ᠤ ᠶᠡᠷᠥᠩᠬᠡᠶᠢᠯᠡᠨ | ᠵᠠᠰᠠᠬᠤ ᠠᠵᠢᠯ ᠢ ᠳᠤᠪᠤᠶᠢᠯᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠶᠤᠯ | ᠦᠭᠡᠢ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠵᠤ ᠥᠢᠯᠡᠳᠪᠥᠷᠢ ᠬᠤᠳᠠᠯᠳᠤᠭ᠎ᠠ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ᠂ ᠲᠣᠲᠤᠭᠠᠳᠦ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ᠂ | ᠵᠢᠭᠤᠯᠴᠢᠯᠠᠯ ᠤᠨ ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠥᠷᠢ ᠶᠢᠨ ᠲᠢᠩᠬᠢᠮ᠂ ᠤᠷᠤᠨ ᠰᠠᠭᠤᠴᠠ ᠬᠤᠲᠠ | ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ︶ | ᠶᠢᠰᠥ᠂ ᠢᠳᠡᠭᠡᠨ ᠤ ᠠᠮᠤᠷ ᠲᠥᠪᠰᠢᠨ ᠤ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠠᠲᠤᠲᠠᠢ | ᠴᠢᠩᠭᠠᠷᠠᠭᠠᠠᠤᠯᠥᠨᠠ | ᠢᠳᠡᠭᠡᠨ ᠤ ᠠᠮᠤᠷ ᠲᠥᠪᠰᠢᠨ ᠤ ᠲᠥᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠵᠤᠬᠢᠶᠠᠨ ᠪᠠᠶᠢᠭᠤᠯᠤᠨ | ᠬᠡᠷᠡᠭᠵᠢᠭᠦᠯᠵᠥ᠂ ᠲᠥᠭᠰᠢᠭᠦᠷᠢ ᠶᠢ ᠬᠢᠨᠠᠨ ᠬᠡᠮᠵᠢᠵᠦ ᠥᠨᠡᠯᠡᠨ ᠵᠢᠱᠢᠬᠦ ᠡᠷᠴᠢᠮ ᠢ ᠴᠢᠩᠭᠠᠷᠠᠭᠤᠯᠤᠨ᠎ᠠ᠃ ᠰᠠᠯᠠᠭ᠎ᠠ | ᠮᠥᠴᠢᠷ ᠤᠨ ᠬᠤᠭᠤᠷᠤᠨᠳᠤ᠂ ᠭᠠᠵᠠᠷ ᠤᠷᠤᠨ ᠤ ᠬᠤᠭᠤᠷᠤᠨᠳᠤ ᠪᠠᠨ ᠲᠥᠭᠰᠢᠭᠦᠷᠢ ᠶᠢ ᠬᠢᠨᠠᠨ ᠰᠢᠨᠵᠢᠬᠦ᠂ ᠥᠨᠡᠯᠡᠨ | ᠵᠢᠱᠢᠬᠦ ᠪᠡ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠰᠠᠨ ᠮᠡᠳᠡᠭᠡ ᠵᠠᠩᠬᠢ ᠶᠢ ᠬᠠᠮᠲᠤᠪᠠᠷ ᠭᠥᠷᠳᠡᠬᠦ ᠶᠢ ᠲᠦᠯᠬᠢᠨ | ᠠᠬᠢᠭᠤᠯᠵᠦ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠷᠭᠡᠵᠢᠯ ᠢ ᠠᠰᠢᠭᠯᠠᠨ᠂ ᠲᠥᠭᠰᠢᠭᠦᠷᠢ ᠶᠢ ᠬᠢᠨᠠᠨ | ᠰᠢᠨᠵᠢᠭᠰᠡᠨ ᠥᠷ᠎ᠡ ᠳ᠋ᠥᠩ ᠢ ᠮᠡᠳᠡᠭᠡᠯᠡᠬᠦ ᠪᠠ ᠬᠠᠮᠲᠤᠪᠡᠷ ᠵᠥᠪᠳᠡᠯᠴᠡᠵᠤ ᠰᠤᠳᠤᠯᠤᠨ ᠲᠤᠭᠲᠠᠭᠠᠬᠤ ᠶᠢ ᠴᠢᠩᠭᠠᠳᠬᠠᠨ᠂ | ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠮᠡᠷᠭᠡᠵᠢᠯ ᠤᠨ ᠳᠡᠮᠵᠢᠯᠬᠡ ᠬᠠᠩᠭᠠᠨ᠎ᠠ᠃ ︵ᠥᠪᠡᠷᠲᠡᠭᠡᠨ ᠵᠠᠰᠠᠬᠤ | ᠤᠷᠤᠨ ᠤ ᠡᠷᠡᠭᠦᠯ ᠬᠠᠮᠠᠭᠠᠯᠠᠯ ᠲᠥᠯᠥᠪᠯᠡᠭᠡᠲᠥ ᠥᠷᠡᠵᠢᠯ ᠤᠨ ᠵᠥᠪᠯᠡᠯ ᠬᠠᠷᠢᠭᠤᠴᠠᠨ᠎ᠠ︔ ᠥᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠤᠪᠴᠢᠶ᠎ᠠ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠮᠤ ᠪᠤᠳᠠᠭ᠎ᠠ ᠶᠢᠨ | ᠲᠤᠪᠴᠢᠶ᠎ᠠ᠂ ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠤᠪᠴᠢᠶ᠎ᠠ ᠬᠠᠮᠵᠢᠯᠴᠠᠨ᠎ᠠ︶ ᠢᠳᠡᠭᠡᠨ ᠳᠤ ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠥᠲᠥᠭᠡᠭᠳᠡᠭᠦᠨ ᠤ ᠶᠠᠰᠤ ᠴᠢᠨᠠᠷ ᠤᠨ ᠠᠮᠤᠷ ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠤᠨ ᠪᠠᠶᠢᠳᠠᠯ ᠢ ᠨᠢ | ᠤᠶᠢᠯᠠᠭᠠᠨ ᠵᠢᠭᠰᠠᠭᠠᠨ ᠪᠠᠶᠢᠴᠠᠭᠠᠬᠤ ᠶᠢ ᠥᠷᠨᠢᠭᠦᠯᠥᠨ᠂ ᠲᠥᠭᠰᠢᠭᠦᠷᠢ ᠶᠢ ᠬᠢᠨᠠᠨ ᠰᠢᠨᠵᠢᠬᠦ᠂ ᠵᠢᠱᠢᠨ ᠥᠨᠡᠯᠡᠬᠦ ᠪᠡ | ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠶᠢ ᠴᠢᠩᠭᠠᠳᠬᠠᠨ᠂ ᠰᠤᠭᠤᠴᠢᠨ ᠪᠠᠶᠢᠴᠠᠭᠠᠭᠰᠠᠨ ᠮᠡᠳᠡᠭᠡ ᠵᠠᠩᠬᠢ ᠶᠢ | ᠬᠠᠤᠯᠢ ᠶᠤᠰᠤᠭᠠᠷ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠬᠠᠷᠢᠭᠤᠴᠠᠨ᠎ᠠ︶ ᠲᠥᠭᠰᠢᠭᠦᠷᠢ ᠶᠢ ᠱᠠᠲᠤ ᠬᠤᠪᠢᠶᠠᠨ ᠬᠢᠨᠠᠨ ᠬᠠᠮᠢᠶᠠᠷᠬᠤ ᠳᠥᠷᠢᠮ ᠢ ᠨᠠᠶᠢᠳᠠᠪᠤᠷᠢᠵᠢᠭᠤᠯᠤᠨ᠂ | ᠲᠤᠷᠤᠭᠰᠢ ᠪᠠᠨ ᠨᠢᠭᠡ ᠱᠠᠲᠤ ᠶᠢ ᠬᠠᠮᠢᠶᠠᠷᠬᠤ ᠶᠤᠰᠤᠭᠠᠷ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠤᠭᠤᠷᠢᠭ︶ ᠭᠤᠷᠪᠠᠨ ᠱᠠᠲᠤ ᠪᠠᠷ ᠰᠤᠭᠤᠴᠢᠨ ᠪᠠᠶᠢᠴᠠᠭᠠᠬᠤ ᠲᠥᠯᠥᠪᠯᠡᠭᠡ ᠶᠢ | ᠨᠢᠭᠡᠳᠥᠯᠲᠡᠢ ᠲᠥᠯᠥᠪᠵᠢᠭᠦᠯᠥᠨ᠂ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ | ᠢᠳᠡᠭᠡᠨ ᠳᠤ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠠᠵᠢᠯ ᠤᠨ ᠠᠰᠠᠭᠤᠳᠠᠯ ᠢ ᠣᠯᠵᠦ ᠮᠡᠳᠡᠬᠦ ᠨᠤᠷᠮ᠎ᠠ ᠪᠠ | ᠥᠯᠥ ᠬᠢᠷᠢ ᠲᠡᠩᠴᠡᠬᠦ ᠪᠥᠲᠥᠭᠡᠭᠳᠡᠭᠦᠨ ᠢ ᠬᠠᠷᠭᠤᠭᠤᠯᠤᠨ ᠪᠠᠶᠢᠴᠠᠭᠠᠵᠤ ᠰᠢᠢᠳᠪᠥᠷᠢᠯᠡᠬᠦ ᠨᠤᠷᠮ᠎ᠠ ᠶᠢ | ᠳᠡᠭᠡᠭᠰᠢᠯᠡᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠨ᠎ᠠ︶ ᠲᠥᠭᠰᠢᠭᠦᠷᠢ ᠶᠢᠨ ᠰᠡᠷᠡᠮᠵᠢᠯᠡᠭᠦᠯᠵᠤ ᠰᠤᠯᠢᠯᠴᠠᠬᠤ ᠠᠵᠢᠯ ᠤᠨ | ᠰᠢᠰᠲ᠋ᠧᠮᠵᠢ ᠶᠢ ᠪᠠᠶᠢᠭᠤᠯᠤᠨ᠂ ᠢᠳᠡᠭᠡᠨ ᠤ ᠠᠮᠤᠷ ᠲᠥᠪᠰᠢᠨ ᠢ ᠰᠤᠭᠤᠴᠢᠨ ᠪᠠᠶᠢᠴᠠᠭᠠᠭᠰᠠᠨ ᠮᠡᠳᠡᠭᠡ ᠵᠠᠩᠬᠢ᠂ | ᠲᠥᠭᠰᠢᠭᠦᠷᠢ ᠶᠢᠨ ᠰᠡᠷᠡᠮᠵᠢ ᠪᠤᠶᠤ ᠬᠡᠷᠡᠭᠯᠡᠭᠡ ᠬᠢᠬᠦ ᠰᠠᠨᠠᠭᠤᠯᠤᠮᠵᠢ ᠶᠢ ᠴᠠᠭ ᠲᠤᠬᠠᠢ ᠳᠤᠨᠢ ᠨᠡᠶᠢᠲᠡᠯᠡᠨ᠎ᠡ᠃ | ᠢᠳᠡᠭᠡᠨ ᠤ ᠲᠣᠮᠦ ᠬᠡᠯᠪᠡᠷᠢ ᠶᠢᠨ ᠠᠵᠤ ᠠᠬᠤᠶᠢᠯᠠᠯ ᠤᠳ ᠤᠨ ᠲᠥᠭᠰᠢᠭᠦᠷᠢ ᠶᠢᠨ ᠪᠠᠶᠢᠳᠠᠯ ᠢᠶᠠᠨ ᠰᠤᠯᠢᠯᠴᠠᠬᠤ ᠶᠢ | ᠰᠥᠪᠡᠭᠴᠢᠯᠡᠨ ᠥᠷᠨᠢᠭᠦᠯᠵᠤ᠂ ᠴᠢᠬᠤᠯᠠ ᠮᠡᠳᠡᠭᠡ ᠵᠠᠩᠬᠢ ᠶᠢ ᠰᠢᠭᠤᠳ ᠮᠡᠳᠡᠭᠦᠯᠬᠦ ᠳᠥᠷᠢᠮ ᠪᠠ ᠰᠥᠯᠵᠢᠶ᠎ᠡ ᠪᠠᠷ | ᠰᠢᠭᠤᠳ ᠮᠡᠳᠡᠭᠡᠯᠡᠬᠦ ᠶᠢ ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠶᠠᠷᠢᠶ᠎ᠡ ᠬᠡᠯᠡᠯᠴᠡᠭᠡᠨ ᠤ ᠪᠠᠶᠢᠳᠠᠯ ᠢ | ᠬᠢᠨᠠᠨ ᠰᠢᠨᠵᠢᠵᠤ ᠰᠡᠷᠡᠮᠵᠢᠯᠡᠭᠦᠯᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠤᠷᠤᠨ ᠤ ᠢᠳᠡᠭᠡᠨ ᠤ ᠠᠮᠤᠷ | ᠲᠥᠪᠰᠢᠨ ᠤ ᠭᠡᠨᠡᠳᠲᠡ ᠶᠢᠨ ᠬᠡᠷᠡᠭ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠥᠨ᠂ | ᠢᠳᠡᠭᠡᠨ ᠤ ᠠᠮᠤᠷ ᠲᠥᠪᠰᠢᠨ ᠤ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠶᠢ ᠱᠠᠭᠠᠷᠳᠠᠯᠭ᠎ᠠ ᠶᠤᠰᠤᠭᠠᠷ ᠵᠤᠬᠢᠶᠠᠨ | ᠪᠠᠶᠢᠭᠤᠯᠤᠨ ᠥᠷᠨᠢᠭᠦᠯᠥᠨᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ | ᠲᠥᠪᠰᠢᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠥ | ᠥᠷᠡᠵᠢᠯ ᠤᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠢᠳᠡᠭᠡᠨ ᠪᠠ ᠡᠮ ᠤᠨ | ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠮᠤ ᠪᠤᠳᠠᠭᠠᠨ ᠤ ᠲᠤᠪᠴᠢᠶ᠎ᠠ᠂ ᠥᠪᠥᠷ ᠮᠤᠩᠭᠤᠯ ᠤᠨ | ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠬᠠᠮᠵᠢᠯᠴᠠᠨ᠎ᠠ︶ | ᠴᠢᠬᠤᠯᠠ ᠶᠡᠭᠡ ᠠᠵᠢᠯᠯᠠᠭ᠎ᠠ ᠶᠢᠨ ᠲᠠᠯ᠎ᠠ ᠪᠠᠷ ᠬᠢ ᠢᠳᠡᠭᠡᠨ ᠤ ᠠᠮᠤᠷ ᠲᠥᠪᠰᠢᠨ ᠢ ᠪᠠᠲᠤᠯᠠᠬᠤ ᠠᠵᠢᠯ ᠤᠨ ᠲᠥᠰᠥᠯ ᠢ | ᠲᠡᠭᠦᠯᠳᠡᠷᠵᠢᠭᠦᠯᠥᠨ᠂ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠪᠠᠶᠠᠷ | ᠵᠡᠷᠭᠡ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠥᠪᠰᠢᠨ ᠢ ᠪᠥᠬᠦ | ᠬᠥᠴᠥᠨ ᠢᠶᠠᠷ ᠢᠶᠠᠨ ᠪᠠᠲᠤᠯᠠᠨ᠎ᠠ᠃ ︵ᠥᠪᠡᠷᠲᠡᠭᠡᠨ ᠵᠠᠰᠠᠬᠤ ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠠᠴᠠ ᠬᠤᠯᠪᠤᠭᠳᠠᠯ ᠪᠥᠬᠦᠢ ᠨᠢᠭᠡᠴᠡ ᠯᠦᠭᠡ ᠬᠠᠮᠲᠤᠷᠠᠨ ᠬᠠᠷᠢᠭᠤᠴᠠᠨ᠎ᠠ︶ | ᠭᠠᠳᠠᠭᠠᠳᠦ ᠠᠴᠠ ᠤᠷᠤᠭᠤᠯᠵᠤ ᠭᠠᠳᠠᠭᠠᠳᠦ ᠳᠤ ᠭᠠᠷᠭᠠᠬᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠥᠲᠥᠭᠡᠭᠳᠡᠭᠦᠨ᠂ | ᠢᠳᠡᠭᠡᠨ ᠪᠡ ᠲᠡᠵᠢᠭᠡᠯ ᠪᠤᠷᠳᠤᠭ᠎ᠠ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠬᠠᠮᠢᠶ᠎ᠠ ᠪᠥᠬᠦᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠥᠷᠢᠮ ᠢ ᠴᠢᠩᠭ᠎ᠠ ᠬᠡᠷᠡᠭᠵᠢᠭᠦᠯᠥᠨ᠂ ᠭᠠᠳᠠᠭᠠᠲᠤ ᠠᠴᠠ ᠤᠷᠤᠭᠤᠯᠬᠤ ᠢᠳᠡᠭᠡᠨ ᠳᠤ ᠠᠮᠤᠷ | ᠲᠥᠪᠰᠢᠨ ᠪᠥᠭᠡᠳ ᠬᠠᠨᠤᠮᠵᠢᠲᠠᠢ ᠪᠠᠶᠢᠬᠤ ᠢᠨᠵᠧᠨᠧᠷᠢᠩ ᠤᠨ ᠪᠠᠶᠢᠭᠤᠯᠤᠯᠲᠠ ᠶᠢ ᠭᠥᠨᠵᠡᠭᠡᠢ ᠥᠷᠨᠢᠭᠦᠯᠥᠨ᠎ᠡ᠃ | ᠲᠥᠭᠰᠢᠭᠦᠷᠢ ᠶᠡᠬᠡᠲᠠᠢ᠂ ᠶᠡᠬᠡᠪᠡᠷ ᠠᠩᠬᠠᠷᠤᠯ ᠲᠠᠯᠪᠢᠵᠦ ᠪᠠᠶᠢᠭ᠎ᠠ ᠭᠠᠳᠠᠭᠠᠲᠤ ᠠᠴᠠ ᠤᠷᠤᠭᠤᠯᠬᠤ ᠢᠳᠡᠭᠡᠨ ᠳᠤ | ᠬᠢᠨᠠᠯᠲᠠ ᠬᠠᠮᠢᠶᠠᠷᠤᠯᠲᠠ ᠶᠢ ᠥᠨᠡᠨᠬᠦ ᠴᠢᠩᠭᠠᠳᠬᠠᠨ᠂ ᠭᠠᠳᠠᠭᠠᠳᠦ ᠠᠴᠠ ᠤᠷᠤᠭᠤᠯᠵᠤ ᠭᠠᠳᠠᠭᠠᠳᠤ ᠳᠤ ᠭᠠᠷᠭᠠᠬᠤ | ᠢᠳᠡᠭᠡᠨ᠂ ᠢᠳᠡᠭᠡᠨ ᠳᠤ ᠬᠡᠷᠡᠭᠯᠡᠬᠦ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠭᠦᠨ ᠪᠠ ᠲᠡᠵᠢᠭᠡᠯ | ᠪᠤᠷᠳᠤᠭ᠎ᠠ ᠶᠢᠨ ᠠᠮᠤᠷ ᠲᠥᠪᠰᠢᠨ ᠳᠤ ᠰᠢᠯᠭᠠᠨ ᠪᠠᠶᠢᠴᠠᠭᠠᠵᠦ ᠰᠢᠯᠭᠠᠨ ᠰᠢᠨᠵᠢᠬᠦ ᠪᠡ ᠲᠥᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠷᠠᠭᠤᠯᠤᠨ᠎ᠠ᠃ ︵ᠥᠪᠥᠷ ᠮᠤᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠶᠢᠨ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠬᠠᠷᠢᠭᠤᠴᠠᠨ᠎ᠠ︶ | ᠠᠷᠪᠠ᠂ ᠢᠳᠡᠭᠡᠨ ᠤ ᠠᠮᠤᠷ ᠲᠥᠪᠰᠢᠨ ᠤ ᠬᠠᠤᠯᠢ ᠠᠴᠠ ᠵᠥᠷᠢᠴᠡᠭᠰᠡᠨ ᠶᠠᠯ᠎ᠡ ᠳᠤ ᠬᠦᠴᠥᠲᠠᠢ ᠴᠤᠬᠢᠯᠲᠠ | ᠥᠭᠭᠦᠨ᠎ᠡ | ᠢᠳᠡᠭᠡᠨ ᠪᠠ ᠲᠡᠵᠢᠭᠡᠯ ᠪᠤᠷᠳᠤᠭ᠎ᠠ ᠳᠤ ᠨᠠᠮᠡᠯᠲᠠ ᠡᠳ᠋ ᠢ ᠬᠠᠤᠯᠢ ᠪᠤᠰᠤ ᠪᠠᠷ ᠨᠠᠮᠡᠬᠦ ᠪᠠ ᠨᠡᠮᠡᠯᠲᠡ ᠡᠳ᠋ ᠢ | ᠬᠡᠪᠴᠢᠶ᠎ᠡ ᠪᠠ ᠬᠡᠮᠵᠢᠶ᠎ᠡ ᠠᠴᠠ ᠨᠢ ᠬᠡᠳᠥᠷᠡᠲᠡᠯᠡ ᠬᠡᠷᠡᠭᠯᠡᠬᠦ᠂ ᠲᠠᠷᠢᠶᠠᠨ ᠤ ᠪᠠ ᠮᠠᠯ ᠤᠨ ᠡᠮ ᠢ ᠳᠤᠷ᠎ᠠ ᠪᠠᠷ ᠬᠡᠷᠡᠭᠯᠡᠬᠦ᠂ | ᠬᠤᠳᠠᠯ ᠬᠠᠭᠤᠷᠮᠠᠭ ᠢᠳᠡᠭᠡᠨ ᠦᠢᠯᠡᠳᠴᠦ ᠪᠤᠷᠤᠯᠠᠭᠤᠯᠬᠤ᠂ ᠬᠤᠪᠢ ᠪᠠᠷ ᠢᠶᠠᠨ ᠲᠤᠷ᠎ᠡ ᠪᠠᠷ ᠨᠢᠲᠤᠯᠬᠤ᠂ | ᠬᠠᠤᠯᠢ ᠠᠴᠠ ᠵᠥᠷᠢᠴᠡᠭᠰᠡᠨ ᠬᠤᠳᠠᠯ ᠬᠠᠭᠤᠷᠮᠠᠭ ᠢᠳᠡᠭᠡᠨ ᠤ ᠵᠠᠷ ᠲᠠᠷᠬᠠᠭᠠᠬᠤ᠂ ᠢᠳᠡᠭᠡᠨ ᠭᠤᠶᠠᠴᠢᠯᠠᠬᠤ ᠵᠡᠷᠭᠡ | ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ | ᠲᠥᠪᠰᠢᠨ ᠤ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠥ ᠶᠢᠨ ᠬᠡᠷᠡᠭ ᠤᠨ ᠬᠠᠤᠯᠢ ᠴᠠᠭᠠᠵᠠ ᠪᠠᠷ ᠰᠢᠢᠳᠪᠥᠷᠢᠯᠡᠬᠦ ᠶᠢ | ᠵᠤᠯᠭᠠᠭᠤᠯᠬᠤ ᠲᠤᠭᠲᠠᠴᠠ ᠶᠢ ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠬᠠᠤᠯᠢ ᠠᠴᠠ ᠵᠥᠷᠢᠴᠡᠭᠰᠡᠨ | ᠶᠠᠯᠠᠲᠦ ᠬᠡᠷᠡᠭ ᠤᠨ ᠭᠡᠷᠡᠴᠢ ᠠᠪᠬᠤ᠂ ᠰᠢᠯᠵᠢᠭᠦᠯᠥᠨ ᠬᠥᠷᠭᠡᠬᠦ᠂ ᠭᠥᠨᠳᠥ ᠪᠠᠷ ᠶᠠᠯᠠᠯᠠᠬᠤ ᠵᠢᠴᠢ ᠬᠢᠨᠠᠨ ᠲᠤᠭᠲᠠᠭᠠᠯᠲᠠ | ᠬᠢᠬᠦ ᠵᠠᠷᠤᠳᠠᠯ᠂ ᠰᠢᠯᠭᠠᠭᠨ ᠪᠠᠶᠢᠴᠠᠭᠠᠭᠰᠠᠨ ᠥᠷ᠎ᠡ ᠳ᠋ᠥᠩ ᠬᠢᠵᠦ ᠭᠠᠷᠭᠠᠬᠤ᠂ ᠬᠡᠷᠡᠭ ᠲᠤ ᠬᠤᠯᠪᠤᠭᠳᠠᠭᠰᠠᠨ | ᠪᠥᠲᠥᠭᠡᠭᠳᠡᠭᠦᠨ ᠢ ᠰᠢᠢᠳᠪᠥᠷᠢᠯᠡᠬᠦ ᠵᠡᠷᠭᠡ ᠠᠵᠢᠯ ᠳᠤ ᠤᠷᠤᠰᠢᠵᠤ ᠪᠠᠶᠢᠭ᠎ᠠ ᠠᠰᠠᠭᠤᠳᠠᠯ ᠢ ᠪᠥᠲᠥᠮᠵᠢᠲᠡᠢ | ᠰᠢᠢᠳᠪᠥᠷᠢᠯᠡᠨ᠎ᠡ᠃ ᠬᠠᠤᠯᠢ ᠠᠴᠠ ᠵᠥᠷᠢᠴᠡᠭᠰᠡᠨ ᠬᠦᠨᠳᠦ ᠶᠡᠭᠡ ᠶᠠᠯᠠᠲᠦ ᠭᠡᠷᠡᠭ ᠤᠨ ᠮᠡᠳᠡᠭᠡ ᠵᠠᠩᠬᠢ ᠶᠢ ᠨᠡᠶᠢᠲᠡᠯᠡᠬᠦ | ᠳᠥᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠰᠢᠳᠭᠡᠨ ᠲᠣᠷᠭᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤᠨᠢ | ᠨᠡᠶᠢᠭᠡᠮ ᠳᠤ ᠨᠠᠶᠢᠲᠡᠯᠡᠨ᠂ ᠨᠠᠶᠢᠲᠠ ᠤᠯᠠᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ | ᠤᠷᠤᠨ ᠤ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠠᠵᠤ ᠥᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠲᠣᠲᠤᠭᠠᠳᠦ ᠶᠢ ᠬᠠᠮᠠᠭᠠᠯᠠᠬᠤ | ᠲᠢᠩᠬᠢᠮ᠂ ᠬᠥᠬᠡᠬᠤᠲᠠ ᠪᠤᠭᠤᠮᠲᠠ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ︶ ᠢᠳᠡᠭᠡᠨ ᠤ ᠠᠮᠤᠷ ᠲᠥᠪᠰᠢᠨ ᠤ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠢᠳᠡᠭᠡᠨ ᠤ ᠠᠮᠤᠷ ᠲᠥᠪᠰᠢᠨ ᠳᠤ | ᠠᠮᠠᠯᠳᠤᠯᠭᠠ ᠬᠢᠬᠦ ᠠᠵᠢᠯᠯᠠᠭ᠎ᠠ ᠶᠢ ᠥᠷᠨᠢᠭᠦᠯᠵᠤ᠂ ᠢᠳᠡᠭᠡᠨ ᠤ ᠠᠮᠤᠷ ᠲᠥᠪᠰᠢᠨ ᠤ ᠢᠲᠡᠭᠡᠮᠵᠢ ᠪᠠᠨ ᠬᠠᠮᠲᠤᠷᠠᠨ | ᠪᠠᠲᠤᠯᠠᠬᠤ ᠶᠢ ᠤᠷᠮᠠᠰᠢᠭᠤᠯᠬᠤ ᠪᠠ ᠢᠲᠡᠭᠡᠯ ᠢᠶᠠᠨ ᠠᠯᠳᠠᠪᠠᠯ ᠬᠠᠮᠲᠤᠪᠠᠷ ᠵᠠᠯᠬᠠᠭᠠᠨ ᠴᠡᠭᠡᠷᠯᠡᠭᠦᠯᠬᠦ ᠲᠤᠭᠲᠠᠴᠠ ᠶᠢ | ᠲᠡᠭᠦᠯᠳᠡᠷᠵᠢᠭᠦᠯᠥᠨ᠂ ᠬᠠᠮᠲᠤᠷᠠᠨ ᠱᠠᠩᠨᠠᠵᠤ ᠵᠠᠯᠬᠠᠭᠠᠬᠤ ᠨᠡᠷᠡᠰ ᠢ ᠲᠤᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠥᠪᠡᠷᠲᠡᠭᠡᠨ ᠵᠠᠰᠠᠬᠤ ᠤᠷᠤᠨ ᠤ ᠭᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ ᠠᠴᠠ ᠥᠪᠡᠷᠲᠡᠭᠡᠨ ᠵᠠᠰᠠᠬᠤ | ᠤᠷᠤᠨ ᠤ ᠠᠵᠤ ᠠᠬᠤᠢ ᠪᠡ ᠮᠡᠳᠡᠭᠡ ᠵᠠᠩᠬᠢᠵᠢᠯᠲᠠ ᠶᠢᠨ ᠵᠥᠪᠯᠡᠯ᠂ ᠠᠵᠤ ᠥᠢᠯᠡᠳᠪᠥᠷᠢ ᠬᠤᠳᠠᠯᠳᠤᠭ᠎ᠠ ᠶᠢᠨ ᠵᠠᠰᠠᠭ | ᠵᠠᠬᠢᠷᠭᠠᠨ ᠤ ᠬᠠᠮᠢᠶᠠᠷᠥᠯᠲᠠ ᠶᠢᠨ ᠲᠤᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ | ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠥᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠯᠦᠭᠡ | ᠬᠠᠮᠲᠤᠷᠠᠨ ᠬᠠᠷᠢᠭᠤᠴᠠᠨ᠎ᠠ︶ | ᠠᠷᠪᠠᠨ ᠨᠢᠭᠡ᠂ ᠢᠳᠡᠭᠡᠨ ᠤ ᠠᠵᠤ ᠥᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ | ᠲᠥᠯᠬᠢᠨ ᠠᠬᠢᠭᠤᠯᠤᠨ᠎ᠡ | ᠲᠠᠷᠢᠵᠤ ᠲᠡᠵᠢᠭᠡᠬᠦ ᠶᠢᠨ ᠪᠥᠲᠥᠴᠡ ᠳᠤ ᠲᠤᠬᠢᠷᠠᠭᠤᠯᠤᠯᠲᠠ ᠬᠢᠬᠦ ᠡᠷᠴᠢᠮ ᠢ ᠴᠢᠩᠭᠠᠷᠠᠭᠤᠯᠤᠨ᠂ ᠴᠢᠨᠠᠷ | ᠰᠠᠶᠢᠲᠠᠢ᠂ ᠠᠮᠤᠷ ᠲᠥᠪᠰᠢᠨ ᠪᠡ ᠪᠤᠬᠢᠷᠳᠤᠯ ᠥᠭᠡᠢ ᠪᠠᠶᠢᠯᠭᠠᠬᠤ ᠵᠢᠯᠤᠭᠤᠳᠤᠮᠵᠢ ᠶᠢ ᠳᠤᠪᠤᠶᠢᠯᠭᠠᠨ᠂ ︽ᠬᠤᠶᠠᠷ | ᠪᠦᠲᠥᠭᠡᠭᠳᠡᠭᠦᠨ ᠨᠢᠭᠡ ᠢᠳᠡᠭᠡᠨ ᠨᠢᠭᠡ ᠲᠡᠮᠳᠡᠭ︾ ︵ᠨᠡᠶᠢᠲᠡ ᠳᠤ ᠬᠤᠤᠷᠳᠠᠭᠳᠠᠯ ᠥᠭᠡᠢ ᠲᠠᠷᠢᠶᠠᠯᠠᠩ ᠤᠨ | ᠪᠥᠲᠥᠭᠡᠭᠳᠡᠭᠦᠨ᠂ ᠪᠤᠬᠢᠷᠲᠤᠯ ᠥᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠥᠲᠥᠭᠡᠭᠳᠡᠭᠦᠨ ᠪᠠ ᠲᠠᠷᠢᠶᠠᠯᠠᠩ ᠤᠨ | ᠪᠥᠲᠥᠭᠡᠭᠳᠡᠭᠦᠨ ᠤ ᠭᠠᠵᠠᠷ ᠵᠥᠢ ᠶᠢᠨ ᠲᠡᠮᠳᠡᠭ︶ ᠪᠦᠬᠦᠢ ᠰᠠᠭᠤᠷᠢᠨ ᠭᠠᠵᠠᠷ ᠤᠨ ᠪᠦᠲᠥᠭᠡᠨ ᠪᠠᠶᠢᠭᠤᠯᠤᠯᠲᠠ ᠶᠢ | ᠬᠦᠴᠥᠯᠡᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠲᠤᠷᠠᠨ | ᠬᠠᠷᠢᠭᠤᠴᠠᠨ᠎ᠠ︶ ᠢᠳᠡᠭᠡᠨ ᠤ ᠠᠵᠤ ᠥᠢᠯᠡᠰ ᠢ ᠡᠷᠡᠭᠦᠯ ᠢᠶᠠᠷ ᠬᠥᠭᠵᠢᠭᠦᠯᠬᠦ ᠶᠢᠨ ᠬᠡᠷᠡᠭᠵᠢᠭᠦᠯᠬᠦ ᠰᠠᠨᠠᠯ ᠢ ᠰᠤᠳᠤᠯᠤᠨ | ᠲᠤᠭᠲᠠᠭᠠᠵᠤ᠂ ᠨᠢᠷᠠᠢ ᠨᠢᠯᠬ᠎ᠠ ᠬᠡᠤᠬᠡᠳ ᠲᠤ ᠵᠤᠷᠢᠭᠤᠯᠤᠭᠰᠠᠨ ᠨᠠᠶᠢᠷᠠᠯᠭ᠎ᠠ ᠲᠠᠢ ᠰᠥᠨ ᠲᠠᠯᠬ᠎ᠠ ᠶᠢᠨ ᠠᠵᠤ | ᠠᠬᠤᠶᠢᠯᠠᠯ ᠤᠳ ᠤᠨ ᠨᠠᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠦ᠂ ᠢᠳᠡᠭᠡᠨ ᠤ ᠠᠵᠤ | ᠥᠢᠯᠡᠰ ᠤᠨ ᠪᠦᠲᠥᠴᠡ ᠪᠠᠨ ᠲᠤᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠥᠯᠬᠢᠨ | ᠠᠬᠢᠭᠤᠯᠤᠨ᠎ᠠ᠃ ᠢᠳᠡᠭᠡᠨ ᠡᠳ᠋ᠰᠢᠭᠦᠯᠬᠦ ᠠᠵᠤ ᠥᠢᠯᠡᠰ ᠤᠨ ᠰᠥᠷᠥᠭᠵᠢᠯ ᠢ ᠢᠳᠡᠪᠬᠢᠲᠡᠢ ᠪᠣᠢ ᠪᠣᠯᠭᠠᠨ᠂ ᠢᠳᠡᠭᠡᠨ | ᠡᠳ᠋ᠰᠢᠭᠦᠯᠬᠦ ᠠᠵᠤ ᠠᠬᠤᠶᠢᠯᠠᠯ ᠤᠳ ᠢ ᠬᠦᠲᠥᠯᠥᠨ ᠵᠢᠯᠤᠭᠤᠳᠴᠦ ᠪᠠᠶᠢᠭᠠᠳ ᠭᠤᠤᠯ ᠭᠠᠷᠤᠯᠲᠠ ᠶᠢᠨ ᠤᠷᠤᠨ᠂ | ᠳᠠᠪᠠᠭᠤᠯᠢᠭ ᠭᠠᠷᠤᠯᠲᠠ ᠶᠢᠨ ᠤᠷᠤᠨ᠂ ᠠᠵᠤ ᠥᠢᠯᠡᠰ ᠤᠨ ᠬᠥᠷᠢᠶᠡᠯᠡᠩ ᠲᠣᠭᠤᠷᠢᠭ ᠲᠡᠰᠢ ᠲᠦᠪᠯᠡᠷᠡᠭᠦᠯᠥᠨ᠂ | ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠵᠥᠢᠯ ᠢᠶᠠᠨ | ᠨᠡᠮᠡᠭᠳᠡᠭᠦᠯᠬᠦ᠂ ᠶᠠᠰᠤ ᠴᠢᠨᠡᠷ ᠢᠶᠠᠨ ᠳᠡᠭᠡᠭᠰᠢᠯᠡᠭᠦᠯᠬᠦ᠂ ᠨᠡᠷᠡᠲᠥ ᠲᠥᠷᠥᠯ ᠲᠡᠮᠳᠡᠭ ᠡᠭᠦᠳᠬᠦ ᠶᠢ ᠠᠬᠢᠭᠤᠯᠤᠨ᠎ᠠ᠃ ︵ | ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠥᠪᠯᠡᠯ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠠᠵᠢᠯ ᠲᠥᠷᠥᠯ ᠳᠤ | ᠵᠥᠪᠰᠢᠶᠡᠷᠡᠨ ᠤᠷᠤᠭᠤᠯᠬᠤ ᠶᠢ ᠴᠢᠩᠳᠠᠯᠠᠨ᠂ ︽ᠥᠢᠯᠡᠳᠪᠥᠷᠢᠯᠡᠯ ᠤᠨ ᠰᠠᠭᠤᠷᠢᠨ ᠭᠠᠵᠠᠷ + ᠲᠥᠪᠯᠡᠷᠡᠯᠲᠤ | ᠲᠤᠭᠤᠭᠠᠨ ᠭᠡᠷ + ᠬᠤᠭᠤᠯᠠ ᠤᠮᠳᠠᠭᠠᠨ ᠤ ᠳᠡᠯᠭᠡᠭᠦᠷ︾᠂ ︽ᠥᠢᠯᠡᠳᠪᠥᠷᠢᠯᠡᠯ ᠤᠨ ᠰᠠᠭᠤᠷᠢᠨ ᠭᠠᠵᠠᠷ + | ᠡᠳ᠋ᠰᠢᠭᠦᠯᠬᠦ ᠠᠵᠤ ᠠᠬᠤᠶᠢᠯᠠᠯ + ᠬᠤᠳᠠᠯᠳᠤᠭᠠᠨ ᠤ ᠲᠠᠯᠠᠪᠠᠢ ᠳᠠᠬᠢ ᠬᠡᠲᠦ ᠳᠡᠯᠭᠡᠭᠦᠷ ᠢᠶᠠᠷ ᠪᠤᠷᠤᠯᠠᠭᠤᠯᠬᠤ︾ ᠵᠡᠷᠭᠡ | ᠥᠢᠯᠡᠳᠪᠥᠷᠢᠯᠡᠵᠦ ᠪᠤᠷᠤᠯᠠᠭᠤᠯᠬᠤ ᠵᠠᠭᠪᠤᠷ ᠢ ᠳᠡᠯᠭᠡᠷᠡᠭᠦᠯᠥᠨᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶ ᠬᠤᠭᠤᠯᠠ | ᠪᠤᠳᠠᠭᠠᠨ ᠤ ᠬᠠᠶᠠᠭᠳᠠᠮᠠᠯ ᠰᠢᠭᠠᠷᠤ᠂ ᠡᠳ᠋ᠰᠢᠭᠦᠯᠤᠭ᠍ᠰᠡᠨ ᠮᠢᠬᠠᠨ ᠤ ᠵᠥᠢᠯ ᠤᠨ ᠬᠠᠶᠠᠭᠳᠠᠮᠠᠯ ᠪᠠ ᠮᠠᠯ ᠵᠢᠭᠦᠷᠲᠡᠨ ᠤ | ᠬᠢᠷᠢ ᠲᠡᠩᠴᠡᠬᠦ ᠥᠭᠡᠢ ᠪᠥᠲᠥᠭᠡᠭᠳᠡᠭᠦᠨ ᠢ ᠡᠬᠢ ᠪᠠᠶᠠᠯᠢᠬᠵᠢᠭᠤᠯᠤᠨ ᠠᠰᠢᠭᠯᠠᠬᠤ ᠪᠠ ᠬᠤᠤᠷ ᠦᠭᠡᠶᠢᠲᠡᠭᠦᠯᠥᠨ | ᠰᠢᠢᠳᠪᠥᠷᠢᠯᠡᠬᠦ ᠶᠢ ᠴᠢᠩᠭᠠᠳᠬᠠᠨ᠂ ᠬᠤᠤᠷ ᠦᠭᠡᠶᠢᠲᠡᠭᠦᠯᠬᠦ ᠪᠠᠷᠢᠮᠵᠢᠶ᠎ᠠ ᠶᠣᠰᠤᠭᠠᠷ ᠰᠢᠢᠳᠪᠥᠷᠢᠯᠡᠬᠦ | ᠥᠢᠯᠡᠳᠪᠥᠷᠢ ᠶᠢᠨ ᠪᠦᠲᠥᠭᠡᠨ ᠪᠠᠶᠢᠭᠤᠯᠤᠯᠲᠠ ᠶᠢ ᠲᠦᠯᠭᠢᠨ ᠠᠬᠢᠭᠤᠯᠵᠦ᠂ ︽ᠬᠠᠶᠠᠭᠳᠠᠮᠠᠯ ᠲᠤᠰᠤ︾ ᠶᠢ ᠬᠤᠭᠤᠯᠠ | ᠤᠮᠳᠠᠭᠠᠨ ᠳᠤ ᠬᠡᠷᠡᠭᠯᠡᠬᠦ ᠶᠢ ᠴᠢᠩᠭ᠎ᠠ ᠰᠡᠷᠭᠡᠶᠢᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ | ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠢᠳᠡᠭᠡᠨ ᠪᠠ ᠡᠮ ᠤᠨ ᠵᠥᠢᠯ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ | ᠭᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠥᠪᠯᠡᠯ᠂ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ ᠬᠠᠮᠵᠢᠯᠴᠠᠨ᠎ᠠ︶ ᠬᠥᠢᠲᠡᠨ ᠬᠡᠯᠬᠢᠶᠡᠲᠥ ᠪᠠᠷᠠᠭᠠᠨ ᠤ | ᠭᠦᠢᠯᠭᠡᠭᠡᠨ ᠤ ᠠᠵᠢᠯ ᠲᠥᠷᠥᠯ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ | ᠬᠥᠴᠥᠨ ᠪᠠ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠵᠤᠷᠢᠬᠵᠢᠭᠤᠯᠵᠤ ᠢᠳᠡᠭᠡᠨ ᠤ ᠬᠥᠢᠲᠡᠨ ᠬᠡᠯᠬᠢᠶᠡᠲᠥ | ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠭᠡᠮᠵᠢ ᠶᠢᠨ ᠪᠦᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︵ | ᠥᠪᠡᠷᠲᠡᠭᠡᠨ ᠵᠠᠰᠠᠬᠤ ᠤᠷᠤᠨ ᠤ ᠭᠥᠭᠵᠢᠭᠦᠯᠥᠯᠲᠡ ᠥᠭᠡᠷᠡᠴᠢᠯᠡᠯᠲᠠ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︔ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠲᠥᠯᠥᠪᠯᠡᠭᠡᠲᠥ | ᠥᠷᠡᠵᠢᠯ ᠤᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠢᠳᠡᠭᠡᠨ ᠪᠠ ᠡᠮ ᠤᠨ | ᠵᠥᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠮᠵᠢᠯᠴᠠᠨ᠎ᠠ︶ | ᠠᠷᠪᠠᠨ ᠬᠤᠶᠠᠷ᠂ ᠢᠳᠡᠭᠡᠨ ᠤ ᠠᠮᠤᠷ ᠲᠥᠪᠰᠢᠨ ᠢ ᠨᠡᠶᠢᠭᠡᠮ ᠢᠶᠠᠷ ᠢᠶᠠᠨ ᠬᠠᠮᠲᠦᠪᠡᠷ ᠵᠠᠰᠠᠬᠤ ᠲᠥᠯᠥᠪ | ᠪᠠᠶᠢᠳᠠᠯ ᠢ ᠨᠢᠮᠪᠠᠢ ᠴᠣᠭᠴᠠᠯᠠᠨ ᠪᠠᠶᠢᠭᠤᠯᠤᠨ᠎ᠠ | ᠵᠠᠰᠠᠭ ᠤᠨ ᠤᠷᠳᠤᠨ᠂ ᠰᠠᠯᠠᠭ᠎ᠠ ᠮᠥᠴᠢᠷ᠂ ᠠᠵᠤ ᠠᠬᠤᠶᠢᠯᠠᠯ ᠪᠠ ᠠᠵᠢᠯ ᠲᠥᠷᠥᠯ ᠤᠨ ᠵᠤᠬᠢᠶᠠᠨ | ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠨ᠂ | ᠢᠯᠡᠴᠢᠯᠡᠨ ᠵᠠᠭᠠᠯᠳᠤᠵᠤ ᠮᠡᠳᠡᠭᠦᠯᠬᠦ ᠰᠢᠰᠲ᠋ᠧᠮᠵᠢ ᠶᠢ ᠪᠥᠷᠢᠨᠰᠢᠭᠦᠯᠵᠤ᠂ ᠢᠯᠡᠴᠢᠯᠡᠨ ᠵᠠᠭᠠᠯᠳᠤᠬᠤ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠥᠨ᠂ ᠢᠯᠡᠴᠢᠯᠡᠨ ᠵᠠᠭᠠᠯᠳᠤᠵᠤ ᠮᠡᠳᠡᠭᠦᠯᠥᠭᠰᠡᠨ ᠳᠤ ᠱᠠᠩᠨᠠᠬᠤ ᠳᠥᠷᠢᠮ ᠢ | ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠥᠪᠰᠢᠨ ᠤ ᠠᠵᠢᠯ ᠳᠤ ᠨᠡᠶᠢᠭᠡᠮ ᠨᠡᠶᠢᠲᠡ ᠪᠠᠷ ᠢᠶᠠᠨ ᠢᠳᠡᠪᠬᠢᠲᠡᠢ | ᠤᠷᠤᠯᠴᠠᠬᠤ ᠶᠢ ᠵᠤᠷᠢᠬᠵᠢᠭᠤᠯᠤᠨ᠎ᠠ᠃ ᠵᠠᠭᠤᠴᠢᠯᠠᠭᠤᠷ ᠯᠤᠭ᠎ᠠ ᠨᠡᠪᠲᠡᠷᠡᠯᠴᠡᠨ ᠬᠠᠮᠵᠢᠯᠴᠠᠬᠤ ᠲᠤᠭᠲᠠᠴᠠ ᠶᠢ | ᠲᠡᠭᠦᠯᠳᠡᠷᠵᠢᠭᠦᠯᠥᠨ᠂ ᠢᠳᠡᠭᠡᠨ ᠤ ᠠᠮᠤᠷ ᠲᠥᠪᠰᠢᠨ ᠤ ᠰᠤᠨᠢᠨ ᠮᠡᠳᠡᠭᠡ ᠶᠢᠨ ᠤᠬᠠᠭᠤᠯᠭ᠎ᠠ ᠶᠢ ᠴᠢᠩᠭᠠᠳᠬᠠᠨ᠂ ᠡᠯ᠎ᠡ | ᠲᠥᠷᠥᠯ ᠤᠨ ᠵᠠᠭᠤᠴᠢᠯᠠᠭᠤᠷ ᠤᠳ ᠤᠨ ᠪᠥᠬᠦ ᠲᠠᠯ᠎ᠠ ᠪᠠᠷ ᠤᠬᠠᠭᠤᠯᠤᠨ ᠮᠡᠳᠡᠭᠡᠯᠡᠬᠦ ᠶᠢ ᠳᠡᠮᠵᠢᠵᠤ᠂ ᠶᠠᠷᠢᠶ᠎ᠠ | ᠬᠡᠯᠡᠯᠴᠡᠭᠡᠨ ᠢᠶᠠᠷ ᠬᠢᠨᠠᠯᠲᠠ ᠲᠠᠯᠪᠢᠬᠤ ᠶᠢ ᠥᠷᠨᠢᠭᠦᠯᠥᠨ᠎ᠡ᠃ ᠰᠢᠨᠵᠢᠯᠡᠬᠦ ᠤᠭᠬᠠᠭᠠᠨ ᠲᠥᠭᠡᠮᠡᠯᠵᠢᠭᠦᠯᠬᠦ ᠲᠤᠤᠷ | ᠴᠢᠬ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠰᠢᠨᠵᠢᠯᠡᠬᠦ ᠤᠭᠬᠠᠭᠠᠨ ᠲᠥᠭᠡᠮᠡᠯᠵᠢᠭᠦᠯᠬᠦ ᠠᠵᠢᠯ ᠤᠨ ᠡᠩᠨᠡᠭᠡ ᠶᠢᠨ | ᠪᠠᠶᠢᠭᠤᠯᠤᠯᠲᠠ ᠪᠡ ᠵᠢᠱᠢᠶ᠎ᠡ ᠥᠵᠡᠭᠦᠯᠵᠤ ᠴᠤᠭᠴᠠᠯᠠᠨ ᠪᠠᠶᠢᠭᠤᠯᠬᠤ ᠶᠢ ᠲᠥᠯᠬᠢᠨ ᠠᠬᠢᠭᠤᠯᠵᠤ᠂ ᠢᠳᠡᠭᠡᠨ ᠤ ᠠᠮᠤᠷ | ᠲᠥᠪᠰᠢᠨ ᠤ ᠬᠥᠮᠥᠵᠢᠯ ᠢ ᠰᠤᠷᠭᠠᠭᠤᠯᠢ ᠶᠢᠨ ᠰᠤᠷᠭᠠᠨ ᠬᠦᠮᠥᠵᠢᠯ ᠤᠨ ᠵᠢᠭᠠᠨ ᠰᠤᠷᠭᠠᠬᠤ ᠪᠠ ᠠᠮᠤᠷ ᠲᠥᠪᠰᠢᠨ ᠤ | ᠰᠤᠷᠭᠠᠨ ᠬᠦᠮᠥᠵᠢᠯ ᠳᠤ ᠤᠷᠤᠭᠤᠯᠤᠨ᠂ ᠢᠳᠡᠭᠡᠨ ᠤ ᠠᠮᠤᠷ ᠲᠥᠪᠰᠢᠨ ᠤ ᠲᠠᠯ᠎ᠠ ᠪᠠᠷ ᠬᠢ ᠨᠡᠶᠢᠲᠠ ᠤᠯᠠᠨ ᠤ | ᠰᠢᠨᠵᠢᠯᠡᠬᠦ ᠤᠬᠠᠭᠠᠨᠴᠢ ᠬᠡᠪ ᠪᠤᠯᠪᠠᠰᠤᠷᠠᠯ ᠢ ᠳᠡᠭᠡᠭᠰᠢᠯᠡᠭᠦᠯᠥᠨ᠎ᠡ᠃ ᠢᠳᠡᠭᠡᠨ ᠤ ᠠᠵᠢᠯ ᠲᠥᠷᠥᠯ ᠤᠨ ᠨᠡᠶᠢᠭᠡᠮᠯᠢᠭ ᠤᠨ | ᠵᠤᠬᠢᠶᠠᠨ ᠪᠠᠶᠢᠭᠤᠯᠤᠯᠲᠠ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠢᠳᠡᠭᠡᠨ ᠥᠢᠯᠡᠳᠪᠥᠷᠢᠯᠡᠵᠦ | ᠡᠵᠡᠩᠨᠡᠭᠴᠢᠳ ᠢ ᠬᠦᠲᠥᠯᠥᠨ ᠵᠢᠯᠤᠭᠤᠳᠬᠤ ᠪᠠ ᠰᠢᠮᠳᠠᠭᠤᠯᠵᠦ ᠪᠠᠶᠢᠭᠠᠳ ᠬᠠᠤᠯᠢ ᠪᠠ ᠳᠥᠷᠢᠮ ᠢ ᠴᠢᠩᠭ᠎ᠠ | ᠵᠢᠷᠤᠮᠯᠠᠭᠤᠯᠤᠨ ᠦᠢᠯᠡᠳᠪᠥᠷᠢᠯᠡᠵᠦ ᠡᠵᠡᠩᠨᠡᠭᠦᠯᠥᠨᠡ᠃ ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠢ ᠳᠡᠯᠭᠡᠷᠡᠭᠦᠯᠥᠨ᠂ ᠢᠳᠡᠭᠡᠨ ᠥᠢᠯᠡᠳᠪᠥᠷᠢᠯᠡᠵᠦ ᠡᠵᠡᠩᠨᠡᠬᠦ ᠠᠵᠤ ᠠᠬᠤᠶᠢᠠᠯᠯ ᠢ ᠵᠤᠷᠢᠬᠵᠢᠭᠤᠯᠵᠤ | ᠢᠳᠡᠭᠡᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠯᠴᠠᠭᠤᠯᠤᠨ᠎ᠠ᠃ 2017 ᠤᠨ ᠤ ︽ | ᠢᠳᠡᠭᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠭᠠᠷᠠᠭ︾ ᠭᠤᠤᠯ ᠰᠡᠳᠤᠪᠲᠥ ᠬᠦᠮᠥᠵᠢᠯ ᠤᠨ ᠠᠵᠢᠯᠯᠠᠭ᠎ᠠ | ᠥᠷᠨᠢᠭᠦᠯᠥᠨ᠂ ︽ᠬᠥᠮᠥᠨ ᠪᠥᠬᠦᠨ ᠠᠩᠬᠠᠷᠤᠭᠰᠠᠨ᠂ ᠬᠥᠮᠥᠨ ᠪᠥᠬᠦᠨ ᠣᠷᠣᠯᠴᠠᠭᠰᠠᠨ᠂ ᠬᠥᠮᠥᠨ ᠪᠦᠬᠦᠨ | ᠬᠠᠮᠠᠭᠠᠯᠠᠭᠰᠠᠨ︾ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ︵ᠥᠪᠡᠷᠲᠡᠭᠡᠨ ᠵᠠᠰᠠᠬᠤ | ᠤᠷᠤᠨ ᠤ ᠢᠳᠡᠭᠡᠨ ᠪᠠ ᠡᠮ ᠤᠨ ᠵᠥᠢᠯ ᠤᠨ ᠠᠮᠤᠷ ᠲᠥᠪᠰᠢᠨ ᠤ ᠠᠯᠪᠠᠨ ᠭᠡᠷ ᠠᠴᠠ ᠬᠠᠮᠢᠶ᠎ᠠ ᠪᠥᠬᠦᠢ ᠨᠢᠭᠡᠴᠡ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠲᠤᠷᠠᠨ ᠬᠠᠷᠢᠭᠤᠴᠠᠨ᠎ᠠ︶ |