| 9 ᠳ᠋ᠦ᠋ᠭᠡᠷ ᠰᠠᠷ᠎ᠠ ᠶᠢᠨ 26 ᠤ ᠦᠳᠡ ᠶᠢᠨ ᠬᠤᠶᠢᠨ᠎ᠠ᠂ ᠣᠯᠠᠨ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠠᠵᠤ ᠦᠢᠯᠡᠰ ᠤᠨ ᠶᠠᠷᠢᠶᠠᠨ ᠤ ᠲᠠᠪᠴᠠᠩ ᠥᠪᠥᠷ ᠮᠣᠩᠭᠤᠯ ᠤᠨ | ᠪᠠᠭᠤᠳᠠᠯ ᠳᠤ ᠶᠠᠪᠤᠭᠳᠠᠪᠠ᠃ | | 9 ᠳ᠋ᠦ᠋ᠭᠡᠷ ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠶᠠᠳᠣᠭᠠᠷ ᠬᠤᠭᠤᠴᠠᠭᠠᠨ ᠤ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭ᠎ᠠ ᠬᠢᠭᠡᠳ ᠠᠵᠤ ᠦᠢᠯᠡᠰ ᠤᠨ ᠶᠠᠷᠢᠶᠠᠨ ᠤ ᠲᠠᠪᠴᠠᠩ ᠥᠪᠥᠷ ᠮᠣᠩᠭᠤᠯ ᠤᠨ ᠪᠠᠭᠤᠳᠠᠯ ᠳᠤ | ᠶᠠᠪᠤᠭᠳᠠᠪᠠ᠃ | | 9 ᠳ᠋ᠦ᠋ᠭᠡᠷ ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠶᠠᠳᠣᠭᠠᠷ ᠬᠤᠭᠤᠴᠠᠭᠠᠨ ᠤ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ — — ᠲᠤᠮᠳᠠᠳᠤ ᠮᠤᠩᠭᠤᠯ ᠤᠨ ᠪᠡᠯᠡ ᠤᠷᠤᠭᠤᠯᠤᠯᠳᠠ ᠶᠢᠨ | ᠤᠷᠴᠢᠨ ᠲᠤᠭᠤᠷᠢᠨ ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ︽ | ᠲᠤᠮᠳᠠᠳᠤ ᠮᠤᠩᠭᠤᠯ ᠤᠨ ᠮᠦᠡᠭᠭᠦᠨ ᠭᠦᠢᠯᠭᠡᠭᠡᠨ ᠤ ᠬᠠᠮᠲᠤᠷᠠᠯᠴᠠᠭᠠᠨ ᠤ ᠬᠤᠯᠪᠤᠭ᠎ᠠ︾ ᠪᠠᠶᠢᠭᠤᠯᠤᠭᠳᠠᠭᠰᠠᠨ ᠳᠤ | ᠭᠠᠷ ᠦᠰᠦᠭ ᠵᠢᠷᠤᠬᠤ ᠶᠤᠰᠤᠯᠠᠯ ᠶᠠᠪᠤᠭᠳᠠᠪᠠ᠃ | 9 ᠳ᠋ᠦ᠋ᠭᠡᠷ ᠰᠠᠷ᠎ᠠ ᠶᠢᠨ 26 ᠤ ᠡᠳᠦᠷ᠂ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ | ᠦᠵᠡᠰᠭᠦᠯᠡᠩ ᠤᠨ ᠴᠤᠭᠯᠠᠭᠠᠨ ᠤ ᠴᠢᠬᠤᠯᠠ ᠨᠢᠭᠡ ᠠᠭᠤᠯᠭ᠎ᠠ ᠪᠤᠯᠬᠤ ᠲᠤᠮᠳᠠᠳᠤ ᠮᠤᠩᠭᠤᠯ ᠤᠨ ᠪᠡᠯᠡ | ᠤᠷᠤᠭᠤᠯᠤᠯᠳᠠ ᠶᠢᠨ ᠤᠷᠴᠢᠨ ᠲᠤᠭᠤᠷᠢᠨ ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠤᠨ ᠲᠠᠨᠢᠯᠴᠠᠭᠤᠯᠭ᠎ᠠ ᠶᠢᠨ | ᠬᠤᠷᠠᠯ ᠬᠦᠬᠡᠬᠤᠲᠠ ᠶᠢᠨ ᠰᠢᠨ᠎ᠠ ᠬᠤᠲᠠ ᠵᠤᠴᠢᠳ ᠤᠨ ᠪᠠᠭᠤᠳᠠᠯ ᠳᠤ ᠶᠠᠪᠤᠭᠳᠠᠪᠠ᠃ | ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠴᠠᠩ ᠬᠠᠢ᠂ | ᠮᠤᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ ᠵ᠊ · ᠪᠠᠲᠤᠽᠠᠨᠳᠠᠨ ᠮᠤᠩᠭᠤᠯ ᠤᠯᠤᠰ ᠲᠤ | ᠰᠠᠭᠤᠭ᠎ᠠ ᠲᠤᠮᠳᠠᠳᠤ ᠤᠯᠤᠰ ᠤᠨ ᠡᠯᠴᠢᠨ ᠰᠠᠶᠢᠤᠨ ᠰᠢᠩ ᠬᠠᠢ ᠮᠢᠩ᠂ ᠲᠤᠮᠳᠠᠳᠤ ᠤᠯᠤᠰ ᠲᠤ ᠰᠠᠭᠤᠭ᠎ᠠ | ᠮᠤᠩᠭᠤᠯ ᠤᠯᠤᠰ ᠤᠨ ᠡᠯᠴᠢᠨ ᠰᠠᠶᠢᠤᠨ ᠭᠠᠨᠭ᠍ᠬᠤᠶᠠᠭ ᠬᠤᠷᠠᠯ ᠳᠤ ᠤᠷᠤᠯᠴᠠᠵᠠᠢ᠃ | ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ︽︿ᠨᠢᠭᠡ ᠪᠦᠰᠡ ᠨᠢᠭᠡ ᠵᠠᠮ﹀ ᠤᠨ ᠠᠵᠤ | ᠠᠬᠤᠢ ᠶᠢᠨ ᠰᠢᠨ᠎ᠠ ᠬᠤᠨᠭ᠍ᠬᠢᠯ᠂ ᠬᠠᠮᠳᠤᠷᠠᠨ ᠠᠵᠢᠯᠯᠠᠵᠤ ᠴᠤᠭᠠᠷ ᠲᠠᠪᠰᠢᠭᠰᠠᠨ ᠬᠦᠭᠵᠢᠯᠳᠡ ᠶᠢᠨ ᠰᠢᠨ᠎ᠡ ᠭᠠᠷᠤᠭ᠎ᠠ︾ | ᠭᠡᠬᠦ ᠰᠡᠳᠦᠪ ᠤᠨ ᠲᠤᠭᠤᠷᠢᠨ ᠳᠤ ᠶᠠᠪᠤᠭᠳᠠᠵᠤ᠂ ᠬᠤᠷᠠᠯ ᠳᠤ ᠤᠷᠤᠯᠴᠠᠭᠰᠠᠨ ᠲᠤᠮᠳᠠᠳᠤ ᠭᠠᠳᠠᠭᠠᠳᠤ ᠶᠢᠨ ᠵᠤᠴᠢᠳ | ᠠᠷᠠᠯᠵᠢᠶᠠᠴᠢᠳ ᠪᠠ ᠠᠵᠤ ᠠᠬᠤᠶᠢᠯᠠᠯ ᠤᠨ ᠲᠦᠯᠦᠭᠡᠯᠡᠭᠴᠢᠳ ᠲᠤ ᠮᠤᠩᠭᠤᠯ ᠤᠯᠤᠰ ᠪᠠ ᠦᠪᠦᠷ ᠮᠤᠩᠭᠤᠯ ᠤᠨ | ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠤᠬᠠᠭᠤᠯᠤᠨ ᠰᠤᠷᠳᠠᠯᠴᠢᠯᠠᠵᠤ᠂ ᠮᠤᠩᠭᠤᠯ ᠤᠯᠤᠰ ᠪᠠ ᠦᠪᠦᠷ | ᠮᠤᠩᠭᠤᠯ ᠤᠨ ᠭᠤᠤᠯᠳᠠᠯᠭ᠎ᠠ ᠲᠠᠢ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠲᠠᠨᠢᠯᠴᠠᠭᠤᠯᠤᠭᠰᠠᠨ ᠪᠠᠶᠢᠨ᠎ᠠ᠃ | ᠬᠤᠷᠠᠯ ᠲᠡᠭᠡᠷ᠎ᠡ ᠲᠤᠮᠳᠠᠳᠤ ᠮᠤᠩᠭᠤᠯ ᠤᠨ ᠬᠠᠮᠳᠤᠷᠠᠯᠴᠠᠭᠠᠨ ᠤ ᠲᠦᠷᠦᠯ ᠵᠦᠢᠯ ᠳᠤ ᠭᠠᠷ ᠤᠨ ᠦᠰᠦᠭ | ᠵᠢᠷᠤᠬᠤ ᠶᠤᠰᠤᠯᠠᠯ ᠶᠠᠪᠤᠭᠳᠠᠵᠤ᠂ ᠡᠨᠧᠷᠬᠢ᠂ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ᠂ ᠠᠭᠤᠷᠬᠠᠢ᠂ | ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠠᠮᠢᠲᠤ ᠪᠤᠳᠠᠰ ᠡᠮ ᠡᠮᠨᠡᠯᠭᠡ᠂ ᠲᠤᠮᠤ ᠳ᠋ᠡᠶᠢᠲ᠋ᠠ | ᠡᠭᠦᠯᠡᠨ ᠪᠤᠳᠤᠯᠳᠠ᠂ ᠵᠤᠭᠠᠴᠠᠯ᠂ ᠪᠤᠳᠠᠰ ᠤᠨ ᠭᠦᠢᠯᠭᠡᠭᠡ᠂ ᠭᠠᠳᠠᠭᠠᠲᠤ ᠠᠷᠠᠯᠵᠢᠶ᠎ᠠ ᠵᠡᠷᠭᠡ ᠬᠦᠷᠢᠶ᠎ᠡ ᠴᠠᠷᠠᠭ᠎ᠠ ᠳᠠᠬᠢ | 37 ᠲᠦᠷᠦᠯ ᠵᠦᠢᠯ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠶᠡᠷᠦᠩᠬᠡᠢ ᠪᠡᠯᠡ ᠤᠷᠤᠭᠤᠯᠤᠯᠳᠠ ᠨᠢ | 364.26 ᠳ᠋ᠦᠡᠭᠰᠢᠭᠤᠷ ᠲᠦᠭᠦᠷᠢᠭ᠂ 179.9 ᠳ᠋ᠦᠡᠭᠰᠢᠭᠤᠷ ᠮᠤᠩᠭᠤᠯ ᠲᠦᠭᠦᠷᠢᠭ ᠲᠤ ᠬᠦᠷᠴᠠᠢ᠃ | ᠡᠭᠦᠨ ᠠᠴᠠ ᠭᠠᠳᠠᠨ᠎ᠠ ᠲᠤᠰ ᠤᠳᠠᠭᠠᠨ ᠤ ᠬᠤᠷᠠᠯ ᠲᠡᠭᠡᠷ᠎ᠡ ᠪᠠᠰᠠ ︽ᠲᠤᠮᠳᠠᠳᠤ ᠮᠤᠩᠭᠤᠯ ᠤᠨ ᠮᠦᠡᠭᠭᠦᠨ | ᠭᠦᠢᠯᠭᠡᠭᠡᠨ ᠤ ᠬᠠᠮᠲᠤᠷᠠᠯᠴᠠᠭᠠᠨ ᠤ ᠬᠤᠯᠪᠤᠭ᠎ᠠ︾ ᠪᠠᠶᠢᠭᠤᠯᠤᠭᠳᠠᠭᠰᠠᠨ ᠳᠤ ᠭᠠᠷ ᠦᠰᠦᠭ ᠵᠢᠷᠤᠬᠤ ᠶᠤᠰᠤᠯᠠᠯ | ᠶᠠᠪᠤᠭᠳᠠᠭᠰᠠᠨ ᠪᠠ ᠲᠤᠮᠳᠠᠳᠤ ᠮᠤᠩᠭᠤᠯ ᠬᠤᠶᠠᠷ ᠤᠯᠤᠰ ᠤᠨ ᠠᠵᠤ ᠠᠬᠤᠶᠢᠯᠠᠯ ᠤᠨ ᠲᠦᠯᠦᠭᠡᠯᠡᠭᠴᠢ ᠠᠴᠠ | ᠮᠤᠩᠭᠤᠯ ᠤᠯᠤᠰ ᠤᠨ ᠲᠠᠨᠢᠯᠴᠠᠭᠤᠯᠤᠭᠰᠠᠨ 28 ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠵᠦᠪᠳᠡᠨ | ᠶᠠᠷᠢᠯᠴᠠᠵᠠᠢ᠃ |