ᠥᠪᠥᠷ ᠮᠣᠩᠭᠤᠯ ᠤᠨ ᠤᠯᠤᠰ ᠤᠨ ᠳᠡᠰ ᠤᠨ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠲᠤᠭᠤᠷᠢᠭ ᠤᠨ ᠨᠠᠢᠮᠠᠳᠤᠭᠠᠷ ᠲᠤᠭᠤᠷᠢᠭ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2017/9/27
      ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠣᠷᠴᠢᠮᠬᠠᠨ 2017 ᠣᠨ ᠤ ᠤᠯᠤᠰ ᠤᠨ ᠲᠡᠰ ᠤᠨ ᠭᠠᠳᠠᠭᠠᠳᠤ ᠳᠤ ᠭᠠᠷᠭᠠᠬᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠲᠤᠭᠤᠷᠢᠭ ᠤᠨ ᠨᠡᠷᠡᠰ ᠢ ᠨᠡᠶᠢᠲᠡᠯᠡᠪᠡ᠂ ᠥᠪᠥᠷ ᠮᠣᠩᠭᠤᠯ ᠤᠨ ᠤᠯᠠᠭᠠᠨᠬᠠᠳᠠ ᠶᠢᠨ ᠣᠩᠨᠢᠭᠤᠳ ᠬᠤᠰᠢᠭᠤ ᠨᠢ ︽ᠭᠠᠳᠠᠭᠠᠳᠤ ᠳᠤ ᠭᠠᠷᠭᠠᠬᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠲᠤᠭᠤᠷᠢᠭ ︵ᠵᠢᠱᠢᠶ᠎ᠡ ᠦᠵᠡᠭᠦᠯᠬᠦ ᠲᠤᠭᠤᠷᠢᠭ ᠭᠡᠵᠦ ᠲᠣᠪᠴᠢᠯᠠᠳᠠᠭ︶︾᠎ ᠢᠶᠠᠷ ᠵᠥᠪᠰᠢᠶᠡᠷᠡᠭᠳᠡᠪᠡ᠂ ᠡᠨᠡ ᠪᠣᠯ ᠥᠪᠥᠷ ᠮᠣᠩᠭᠤᠯ ᠤᠨ ᠣᠷᠣᠨ ᠤ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠤᠭᠤᠷᠢᠭ ᠪᠣᠯᠬᠤ ᠪᠦᠭᠡᠳ ᠪᠠᠰᠠ ᠴᠤ ᠠᠩᠬᠠᠳᠠᠭᠴᠢ ᠲᠥᠷᠥᠯ ᠵᠦᠢᠯ ᠢᠶᠠᠷ ᠬᠠᠮᠤᠭ ᠤᠨ ᠪᠦᠷᠢᠨ᠂ ᠬᠡᠪᠴᠢᠶ᠎ᠡ ᠪᠠᠷ ᠬᠠᠮᠤᠭ ᠤᠨ ᠥᠷᠭᠡᠨ ᠬᠤᠰᠢᠭᠤ ᠰᠢᠶᠠᠨ ᠎ ᠤ ᠱᠠᠲᠤᠨ ᠤ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠲᠤᠭᠤᠷᠢᠭ ᠪᠣᠯᠣᠨ᠎ᠠ᠂ ᠭᠤᠣᠯᠳᠠᠭᠤ ᠰᠠᠭᠠᠭ ᠂ ᠲᠥᠮᠥᠰᠥ᠂ ᠦᠬᠡᠷ ᠬᠤᠨᠢᠨ ᠤ ᠮᠢᠬ᠎ᠠ ᠶᠢ ᠭᠠᠳᠠᠭᠠᠳᠤ ᠳᠤ ᠭᠠᠷᠭᠠᠳᠠᠭ᠃ ᠣᠶᠢᠯᠠᠭᠠᠭᠰᠠᠨ ᠢᠶᠠᠷ᠂ ᠤᠯᠤᠰ ᠤᠨ ᠲᠡᠰ ᠤᠨ ᠭᠠᠳᠠᠭᠠᠳᠤ ᠳᠤ ᠭᠠᠷᠭᠠᠬᠤ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠵᠢᠱᠢᠶ᠎ᠡ ᠦᠵᠡᠭᠦᠯᠬᠦ ᠲᠤᠭᠤᠷᠢᠭ ᠨᠢ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠠᠴᠠ ᠣᠯᠭᠤᠭᠰᠠᠨ ᠪᠦᠷᠢᠳᠬᠡᠯ ᠳᠠᠩᠰᠠᠯᠠᠭᠤᠯᠬᠤ ᠶᠢ ᠳᠥᠭᠦᠮᠴᠢᠯᠡᠬᠦ᠂ ᠭᠠᠳᠠᠭᠠᠳᠤ ᠳᠤ ᠲᠠᠨᠢᠯᠴᠠᠭᠤᠯᠬᠤ ᠳᠠᠩᠰᠠᠯᠠᠯ ᠢ ᠰᠢᠯᠢᠳᠡᠭᠵᠢᠭᠦᠯᠬᠦ᠂ ᠭᠠᠳᠠᠭᠠᠳᠤ ᠭᠠᠷᠭᠠᠯᠲᠠ ᠶᠢ ᠰᠢᠯᠭᠠᠨ ᠪᠠᠶᠢᠴᠠᠭᠠᠬᠤ ᠳᠤ ᠳᠥᠭᠦᠮ ᠦᠵᠡᠭᠦᠯᠬᠦ᠂ ᠭᠠᠳᠠᠭᠠᠳᠤ ᠶᠢᠨ ᠬᠢᠯᠢ ᠪᠠᠷ ᠥᠩᠭᠡᠷᠡᠬᠦ ᠳᠤ ᠳᠥᠭᠦᠮ ᠦᠵᠡᠭᠦᠯᠬᠦ᠂ ᠮᠡᠷᠭᠡᠵᠢᠯ ᠤᠨ ᠦᠢᠯᠡᠴᠢᠯᠡᠭᠡ ᠶᠢᠨ ᠡᠷᠴᠢᠮ ᠢ ᠴᠢᠩᠭᠠᠷᠠᠭᠤᠯᠬᠤ᠂ ᠲᠦᠷᠦ ᠶᠢᠨ ᠪᠤᠳᠤᠯᠭᠠᠳᠤ ᠵᠠᠷᠤᠳᠠᠯ ᠤᠨ ᠳᠡᠮᠵᠢᠯᠭᠡ ᠶᠢ ᠵᠣᠬᠢᠴᠠᠭᠤᠯᠬᠤ ᠵᠡᠷᠭᠡ ᠵᠢᠷᠭᠤᠭᠠᠨ ᠲᠠᠯ᠎ᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠵᠤ ᠬᠠᠮᠢᠶᠠᠷᠬᠤ ᠳᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢᠨ ᠬᠠᠷᠠᠭᠠᠯᠵᠠᠯ ᠢ ᠬᠦᠷᠲᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号