ᠬᠦᠢᠲᠡᠨ ᠤᠷᠤᠰᠬᠠᠯ ᠤᠨ ᠲᠠᠭᠠᠷᠢᠯᠲᠠ ᠠᠴᠠ ᠪᠣᠯᠵᠣ ᠮᠠᠨ ᠤ ᠣᠷᠣᠨ ᠳᠤ ᠬᠠᠮᠤᠭ ᠬᠦᠢᠲᠡᠨ ᠳᠡᠭᠡᠨ 14.2 ᠭᠷᠡᠳᠦ᠋ᠰ ᠬᠦᠷᠬᠦ ᠪᠣᠯᠣᠨ᠎ᠠ
ᠨᠡᠶᠢᠲᠡᠯᠡᠭᠰᠡᠨ ᠴᠠᠭ᠄
2017/9/28
     ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 9 ᠳ᠋ᠦ᠋ᠭᠡᠷ ᠰᠠᠷ᠎ᠠ ᠶᠢᠨ 25᠎ ᠤ ᠡᠳᠦᠷ ᠠᠴᠠ 27᠎ ᠤ ᠡᠳᠦᠷ ᠪᠣᠯᠲᠠᠯ᠎ᠠ᠂ ᠮᠠᠨ ᠤ ᠣᠷᠣᠨ ᠤ ᠶᠡᠬᠡᠩᠬᠢ ᠬᠡᠰᠡᠭ ᠲᠤ ᠬᠦᠢᠲᠡᠷᠡᠵᠦ᠂ ᠬᠠᠮᠤᠭ ᠬᠦᠢᠲᠡᠨ ᠳᠡᠭᠡᠨ 14.2 ᠭᠷᠡᠳᠦ᠋ᠰ ᠬᠦᠷᠬᠦ ᠪᠣᠯᠣᠨ᠎ᠠ᠃      ᠥᠨᠳᠥᠷ ᠮᠠᠨᠳᠠᠯ ᠤᠨ ᠬᠤᠶᠢᠯᠠᠷᠠᠭ᠎ᠠ ᠶᠢᠨ ᠨᠥᠯᠥᠭᠡᠯᠡᠯ ᠠᠴᠠ ᠪᠣᠯᠵᠤ᠂ ᠮᠠᠨ ᠤ ᠣᠷᠣᠨ ᠳᠤ ᠪᠠᠷᠠᠭᠤᠨ ᠠᠴᠠ ᠵᠡᠭᠦᠨᠰᠢ ᠪᠠᠨ ᠶᠡᠭᠡ ᠰᠠᠯᠬᠢᠯᠠᠵᠤ ᠬᠦᠢᠲᠡᠷᠡᠬᠦ ᠪᠠ ᠲᠥᠪᠯᠡᠷᠡᠩᠭᠦᠢ ᠪᠣᠰᠤ ᠪᠣᠷᠣᠭᠠᠨ ᠤᠷᠤᠨ᠎ᠠ᠃ ᠬᠦᠢᠲᠡᠷᠡᠭᠰᠡᠨ ᠤ ᠳᠠᠷᠠᠭ᠎ᠠ᠂ ᠪᠠᠷᠠᠭᠤᠨ ᠪᠡᠶ᠎ᠡ ᠶᠢᠨ ᠬᠤᠶᠢᠲᠤ ᠬᠡᠰᠡᠭ᠂ ᠳᠤᠮᠳᠠ ᠪᠠ ᠵᠡᠭᠦᠨ ᠪᠡᠶ᠎ᠡ ᠶᠢᠨ ᠶᠡᠬᠡᠩᠬᠢ ᠭᠠᠵᠠᠷ ᠣᠷᠣᠨ ᠳᠤ ᠬᠢᠷᠠᠭᠤ ᠤᠨᠠᠬᠤ ᠪᠤᠶᠤ ᠨᠢᠮᠭᠡᠨ ᠬᠢᠷᠠᠭᠤ ᠤᠨᠠᠨ᠎ᠠ᠃ ᠡᠭᠦᠨ ᠳᠤ᠄ ᠰᠢᠯᠢ ᠶᠢᠨ ᠭᠤᠣᠯ ᠠᠶᠢᠮᠠᠭ ᠤᠨ ᠪᠠᠷᠠᠭᠤᠨ ᠡᠮᠦᠨ᠎ᠠ ᠬᠡᠰᠡᠭ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠬᠥᠬᠡᠬᠤᠲᠠ ᠶᠢᠨ ᠡᠮᠦᠨ᠎ᠠ ᠬᠡᠰᠡᠭ᠂ ᠪᠤᠭᠤᠲᠤ ᠬᠤᠲᠠ ᠶᠢᠨ ᠡᠮᠦᠨ᠎ᠠ ᠬᠡᠰᠡᠭ᠂ ᠣᠷᠳᠣᠰ ᠬᠤᠲᠠ ᠶᠢᠨ ᠪᠠᠷᠠᠭᠤᠨ ᠬᠤᠶᠢᠲᠤ ᠬᠡᠰᠡᠭ ᠵᠡᠷᠭᠡ ᠭᠠᠵᠠᠷ ᠲᠤ ᠳᠤᠯᠠᠭᠠᠨ ᠤ ᠬᠡᠮᠵᠢᠶ᠎ᠡ 10 ᠭᠷᠡᠳᠦ᠋ᠰ ᠠᠴᠠ ᠳᠡᠭᠡᠭᠰᠢ ᠳᠣᠷᠣᠭᠰᠢᠯᠠᠨ᠎ᠡ᠂ ᠪᠤᠭᠤᠲᠤ ᠬᠤᠲᠠ ᠶᠢᠨ ᠭᠦᠶᠡᠩ ᠰᠢᠶᠠᠨ ᠳᠤ 14.2 ᠭᠷᠡᠳᠦ᠋ᠰ ᠬᠦᠢᠲᠡᠷᠡᠵᠦ᠂ ᠪᠥᠬᠦ ᠣᠷᠣᠨ ᠤ ᠶᠡᠬᠡᠩᠬᠢ ᠭᠠᠵᠠᠷ ᠣᠷᠣᠨ ᠤ ᠡᠳᠦᠷ ᠤᠨ ᠬᠠᠮᠤᠭ ᠳᠣᠤᠷ᠎ᠠ ᠳᠤᠯᠠᠭᠠᠨ ᠤ ᠬᠡᠮᠵᠢᠶ᠎ᠡ 10 ᠭᠷᠡᠳᠦ᠋ᠰ ᠳᠤᠷᠤᠭᠰᠢᠯᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号