ᠲᠤᠮᠳᠠᠳᠤ ᠮᠤᠩᠭᠤᠯ ᠤᠨ ᠬᠦᠳᠡᠭᠡ ᠠᠵᠤ ᠠᠬᠤᠢ ᠶᠢᠨ ᠬᠠᠮᠳᠤᠷᠠᠯᠴᠠᠭ᠎ᠠ ᠵᠢᠴᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠨ ᠪᠤᠯᠪᠠᠰᠤᠷᠠᠭᠤᠯᠬᠤ ᠵᠦᠪᠯᠡᠯᠴᠡᠭᠡᠷ ᠤᠨ ᠬᠤᠷᠠᠯ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2017/9/28
     9 ᠳ᠋ᠤᠭᠡᠷ ᠰᠠᠷ᠎ᠠ ᠶᠢᠨ 27᠎ ᠤ ᠦᠳᠡ ᠶᠢᠨ ᠡᠮᠦᠨ᠎ᠠ᠂ ᠲᠤᠮᠳᠠᠳᠤ ᠮᠤᠩᠭᠤᠯ ᠤᠨ ᠬᠦᠳᠡᠭᠡ ᠠᠵᠤ ᠠᠬᠤᠢ ᠶᠢᠨ ᠬᠠᠮᠳᠤᠷᠠᠯᠴᠠᠭ᠎ᠠ ᠵᠢᠴᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠨ ᠪᠤᠯᠪᠠᠰᠤᠷᠠᠭᠤᠯᠬᠤ ᠵᠦᠪᠯᠡᠯᠴᠡᠭᠡᠷ ᠤᠨ ᠬᠤᠷᠠᠯ ᠬᠦᠬᠡᠬᠤᠳᠠ ᠳᠤ ᠶᠠᠪᠤᠭᠳᠠᠵᠠᠢ᠃          ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠸᠠᠩ ᠵᠦᠩ ᠾᠧ᠂ ᠮᠤᠩᠭᠤᠯ ᠤᠯᠤᠰ ᠤᠨ ᠬᠦᠨᠡᠰᠤ ᠬᠦᠳᠡᠭᠡ ᠠᠵᠤ ᠠᠬᠤᠢ ᠬᠢᠭᠡᠳ ᠬᠦᠡᠭᠭᠡᠨ ᠠᠵᠤ ᠦᠢᠯᠡᠳᠪᠦᠷᠢ ᠶᠢᠨ ᠶᠠᠮᠤᠨ ᠎ ᠤ ᠰᠠᠶᠢᠳ ᠰᠡᠷᠭᠦᠯᠡᠩ᠂ ᠲᠤᠮᠳᠠᠳᠤ ᠤᠯᠤᠰ ᠤᠨ ᠬᠦᠳᠡᠭᠡ ᠠᠵᠤ ᠠᠬᠤᠢ ᠶᠢᠨ ᠶᠠᠮᠤᠨ ᠤ ᠲᠠᠷᠢᠶᠠᠯᠠᠩ ᠤᠨ ᠠᠷᠠᠯᠵᠢᠶ᠎ᠠ ᠶᠢ ᠠᠬᠢᠭᠤᠯᠬᠤ ᠲᠦᠪ ᠤᠨ ᠲᠡᠳ᠋ ᠡᠷᠬᠢᠯᠡᠭᠴᠢ ᠸᠠᠩ ᠰᠢᠶᠤᠤ ᠸᠠᠨ ᠬᠤᠷᠠᠯ ᠳᠤ ᠤᠷᠤᠯᠴᠠᠨ ᠪᠠᠶᠠᠷ ᠤᠨ ᠦᠬᠡ ᠬᠡᠯᠡᠪᠡ᠃      ᠸᠠᠩ ᠵᠦᠩ ᠾᠧ᠂ ᠡᠩ ᠲᠦᠷᠦᠭᠦᠨ ᠳᠤ ᠲᠤᠮᠳᠠᠳᠤ ᠭᠠᠳᠠᠭᠠᠳᠤ ᠶᠢᠨ ᠵᠤᠴᠢᠳ ᠢ ᠪᠠᠶᠠᠷᠯᠠᠨ ᠤᠭᠳᠤᠵᠤ ᠪᠠᠶᠢᠭ᠎ᠠ ᠪᠠᠨ ᠢᠯᠡᠳᠭᠡᠬᠦ ᠶᠢᠨ ᠬᠠᠮᠳᠤ ᠮᠠᠨ ᠤ ᠤᠷᠤᠨ ᠤ ᠶᠡᠷᠦᠩᠬᠡᠢ ᠪᠠᠶᠢᠳᠠᠯ ᠢ ᠲᠠᠨᠢᠯᠴᠠᠭᠤᠯᠵᠠᠢ᠃ ᠲᠡᠷᠡ᠂ ᠦᠪᠦᠷ ᠮᠤᠩᠭᠤᠯ ᠬᠢᠭᠡᠳ ᠮᠤᠩᠭᠤᠯ ᠤᠯᠤᠰ ᠠᠭᠤᠯᠠ ᠤᠰᠤ ᠵᠠᠯᠭᠠᠯᠳᠤᠵᠤ᠂ ᠡᠷᠳᠡ ᠲᠡᠦᠭᠡᠨ ᠠᠴᠠ ᠪᠠᠨ ᠨᠢᠭᠳᠠ ᠬᠠᠷᠢᠯᠴᠠᠭ᠎ᠠ ᠶᠠᠪᠤᠯᠴᠠᠭ᠎ᠠ ᠲᠠᠢ᠃ ᠤᠨᠴᠠᠭᠠᠶᠢᠯᠠᠨ ᠬᠦᠳᠡᠭᠡ ᠠᠵᠤ ᠠᠬᠤᠢ ᠶᠢᠨ ᠲᠠᠯ᠎ᠠ ᠪᠠᠷ᠂ ᠦᠢᠯᠡᠳᠪᠦᠷᠢᠯᠡᠯ ᠤᠨ ᠡᠬᠢ ᠪᠠᠶᠠᠯᠢᠭ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠲᠡᠷᠡᠴᠢᠯᠡᠨ ᠢᠳᠡᠭᠡᠨ ᠤᠮᠳᠠᠭᠠᠨ ᠤ ᠵᠠᠩ ᠵᠠᠩᠰᠢᠯ ᠳᠤ ᠬᠦᠷᠳᠡᠯ᠎ᠠ ᠲᠦᠰᠦᠭᠡᠳᠡᠢ ᠮᠦᠷᠳᠡᠭᠡᠨ ᠬᠠᠮᠳᠤᠷᠠᠨ ᠠᠵᠢᠯᠯᠠᠬᠤ ᠲᠡᠦᠭᠡ ᠶᠢᠨ ᠤᠯᠠᠮᠵᠢᠯᠠᠯ ᠲᠠᠢ᠃ ᠮᠤᠩᠭᠤᠯ ᠤᠯᠤᠰ ︽ᠮᠠᠯ ᠠᠵᠤ ᠠᠬᠤᠢ ᠶᠢᠨ ᠸᠠᠩᠳᠤ ᠤᠯᠤᠰ︾ ᠬᠡᠮᠡᠬᠦ ᠠᠯᠳᠠᠷ ᠲᠠᠢ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠬᠡᠮᠵᠢᠶ᠎ᠠ ᠨᠢ ᠶᠡᠭᠡ᠂ ᠴᠢᠨᠠᠷ ᠨᠢ ᠰᠢᠯᠢᠳᠡᠭ᠂ ᠪᠠᠶᠢᠭᠠᠯᠢᠯᠢᠭ᠂ ᠪᠣᠬᠢᠷᠳᠤᠯ ᠦᠭᠡᠢ᠃ ᠦᠪᠦᠷ ᠮᠤᠩᠭᠤᠯ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ ᠰᠢᠰᠲ᠋ᠧᠮᠵᠢ ᠲᠡᠭᠦᠯᠳᠡᠷᠵᠢᠵᠦ᠂ ᠡᠳ᠋ᠰᠢᠭᠦᠯᠦᠨ ᠪᠤᠯᠪᠠᠰᠤᠷᠠᠭᠤᠯᠬᠤ ᠲᠦᠪᠰᠢᠨ ᠬᠠᠷᠢᠴᠠᠩᠭᠤᠢ ᠦᠨᠳᠦᠷ᠂ ᠡᠭᠦᠨ ᠤ ᠵᠡᠷᠭᠡᠪᠡᠷ ᠪᠡᠯᠡ ᠮᠦᠩᠭᠦ᠂ ᠮᠡᠷᠭᠡᠵᠢᠯ᠂ ᠬᠠᠮᠢᠶᠠᠷᠤᠯᠳᠠ᠂ ᠴᠢᠳᠠᠪᠤᠷᠢᠳᠠᠨ ᠵᠡᠷᠭᠡ ᠲᠠᠯ᠎ᠠ ᠶᠢᠨ ᠲᠠᠪᠠᠭᠤᠯᠢᠭ ᠢᠯᠡᠷᠭᠡᠢ᠂ ᠬᠤᠶᠠᠷ ᠲᠠᠯ᠎ᠠ ᠪᠠᠷ  ᠎ ᠢᠶᠠᠨ ᠬᠠᠮᠳᠤᠷᠠᠨ ᠠᠵᠢᠯᠯᠠᠬᠤ ᠳᠤ ᠬᠠᠷᠢᠯᠴᠠᠨ ᠨᠦᠬᠦᠪᠦᠷᠢᠯᠡᠬᠦ ᠴᠢᠨᠠᠷ ᠢᠶᠠᠷ ᠴᠢᠩᠭ᠎ᠠ᠂ ᠬᠠᠮᠳᠤᠷᠠᠨ ᠠᠵᠢᠯᠯᠠᠬᠤ ᠰᠠᠶᠢᠨ ᠰᠠᠶᠢᠬᠠᠨ ᠠᠯᠤᠰ ᠢᠷᠡᠭᠡᠳᠦᠢ ᠲᠠᠢ ᠭᠡᠵᠦ ᠵᠢᠭᠠᠵᠤ ᠭᠠᠷᠭᠠᠵᠠᠢ᠃      ᠸᠠᠩ ᠵᠦᠩ ᠾᠧ᠂ ᠬᠦᠭᠵᠢᠯᠳᠡ ᠪᠤᠯ ᠮᠦᠩᠭᠡ ᠶᠢᠨ ᠭᠤᠤᠯ ᠰᠡᠳᠦᠪ᠂ ᠬᠠᠮᠳᠤᠷᠠᠨ ᠠᠵᠢᠯᠯᠠᠬᠤ ᠪᠤᠯ ᠠᠮᠵᠢᠯᠳᠠ ᠤᠯᠬᠤ ᠶᠢᠨ ᠰᠠᠭᠤᠷᠢ᠂ ᠬᠠᠷᠢᠯᠴᠠᠨ ᠠᠰᠢᠭᠳᠠᠢ ᠪᠠᠶᠢᠵᠤ ᠬᠠᠮᠳᠤᠪᠠᠷ ᠠᠰᠢᠭ ᠬᠦᠷᠳᠡᠬᠦ ᠪᠤᠯ ᠬᠠᠮᠳᠤ ᠶᠢᠨ ᠬᠦᠰᠡᠯ ᠡᠷᠡᠮᠡᠯᠵᠡᠯ ᠪᠤᠯᠤᠨ᠎ᠠ᠃ ᠤᠳᠤᠬᠠᠨ ᠳᠤ᠂ ᠲᠤᠮᠳᠠᠳᠤ ᠮᠤᠩᠭᠤᠯ ᠬᠤᠶᠠᠷ ᠤᠯᠤᠰ ᠶᠠᠭ ᠰᠠᠶᠢᠬᠠᠨ ᠮᠤᠩᠭᠤᠯ ᠤᠯᠤᠰ ᠤᠨ ︽ᠲᠠᠯ᠎ᠠ ᠶᠢᠨ ᠵᠠᠮ︾᠎ ᠤᠨ ᠲᠦᠯᠦᠪᠯᠡᠭᠡ ᠬᠢᠭᠡᠳ ᠲᠤᠮᠳᠠᠳᠤ ᠤᠯᠤᠰ ᠤᠨ ︽ᠲᠤᠷᠭᠠᠨ ᠵᠠᠮ ᠤᠨ ᠠᠵᠤ ᠠᠬᠤᠢ ᠶᠢᠨ ᠪᠦᠰᠡ︾᠎ ᠶᠢᠨ ᠪᠠᠶᠢᠯᠳᠤᠬᠤ ᠪᠤᠳᠤᠯᠭ᠎ᠠ ᠶᠢ ᠤᠷᠭᠠᠨᠢᠭ ᠢᠶᠠᠷ ᠤᠶᠠᠯᠳᠤᠭᠤᠯᠵᠤ᠂ ᠵᠤᠬᠢᠴᠠᠩᠭᠤᠢ ᠪᠠᠷ ᠠᠬᠢᠭᠤᠯᠵᠤ ᠪᠤᠢ᠃ ᠦᠪᠦᠷ ᠮᠤᠩᠭᠤᠯ ᠡᠨᠡᠬᠦ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠠᠳᠬᠤᠵᠤ᠂ ᠬᠤᠶᠠᠷ ᠲᠠᠯ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠷᠢᠶ᠎ᠠ ᠴᠠᠷᠠᠭ᠎ᠠ ᠳᠠᠬᠢ ᠰᠤᠯᠢᠯᠴᠠᠭ᠎ᠠ ᠬᠢᠭᠡᠳ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠠᠬᠢᠭᠤᠯᠵᠤ᠂ ᠤᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠳᠤᠷᠠᠯᠴᠠᠵᠤ ᠬᠠᠷᠢᠯᠴᠠᠨ ᠠᠰᠢᠭ ᠬᠦᠷᠳᠡᠬᠦ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃ ᠬᠤᠶᠠᠷ ᠲᠠᠯ᠎ᠠ ᠶᠢᠨ ᠠᠵᠤ ᠠᠬᠤᠶᠢᠯᠠᠯᠳᠠᠳ ᠡᠨᠡᠬᠦ ᠵᠦᠪᠯᠡᠯᠴᠡᠭᠡᠷ ᠤᠨ ᠲᠠᠪᠴᠠᠩ ᠢ ᠠᠰᠢᠠᠠᠯᠠᠵᠤ᠂ ᠬᠠᠮᠳᠤᠷᠠᠨ ᠠᠵᠢᠯᠯᠠᠬᠤ ᠠᠭᠤᠯᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠬᠠᠮᠳᠤᠷᠠᠨ ᠠᠵᠢᠯᠯᠠᠬᠤ ᠠᠷᠭ᠎ᠠ ᠵᠠᠮ ᠢᠶᠠᠨ ᠦᠷᠭᠡᠳᠭᠡᠵᠦ ᠂ ᠠᠷᠠᠯᠵᠢᠶᠠᠨ ᠤ ᠠᠵᠠ ᠲᠤᠬᠢᠶᠠᠯ ᠢ ᠠᠳᠬᠤᠵᠤ᠂ ᠭᠠᠷ ᠬᠤᠯᠪᠤᠨ ᠬᠠᠮᠳᠤᠪᠡᠷ ᠤᠷᠤᠭᠰᠢᠯᠠᠵᠤ᠂ ᠬᠤᠶᠠᠷ ᠲᠠᠯ᠎ᠠ ᠶᠢᠨ ᠬᠦᠳᠡᠭᠡ ᠠᠵᠤ ᠠᠬᠤᠢ ᠶᠢᠨ ᠬᠠᠮᠳᠤᠷᠠᠯᠴᠠᠭ᠎ᠠ ᠶᠢ ᠰᠢᠨ᠎ᠠ ᠱᠠᠳᠤᠨ ᠳᠤ ᠬᠦᠷᠭᠡᠬᠦ ᠶᠢ ᠠᠬᠢᠭᠤᠯᠵᠤ᠂ ᠲᠤᠮᠳᠠᠳᠤ ᠮᠤᠩᠭᠤᠯ ᠬᠤᠶᠠᠷ ᠲᠠᠯ᠎ᠠ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠰᠢᠨ᠎ᠠ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号