9 ᠳ᠋ᠦ᠋ᠭᠡᠷ ᠰᠠᠷ᠎ᠡ ᠶᠢᠨ 27 ᠤ ᠦᠳᠡ ᠶᠢᠨ ᠬᠤᠶᠢᠨ᠎ᠡ᠂ ᠮᠤᠩᠭᠤᠯ ᠤᠯᠤᠰ ᠤᠨ ᠶᠡᠭᠡ ᠬᠤᠷᠠᠯ ᠤᠨ ᠲᠡᠳ᠋ | ᠲᠡᠷᠢᠭᠦᠯᠡᠭᠴᠢ ᠰᠠᠩᠵᠡᠶᠢᠮᠢᠳᠡᠪ ᠬᠤᠶᠡᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ | ᠴᠤᠬᠯᠠᠭᠠᠨ ᠤ ᠦᠶ᠎ᠡ ᠪᠠᠷ ᠬᠦᠬᠡᠬᠤᠳᠡ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠦᠪ ᠢᠶᠠᠷ | ᠲᠤᠭᠤᠷᠢᠨ ᠪᠠᠶᠢᠴᠠᠭᠠᠬᠤ ᠦᠶ᠎ᠡ ᠳᠡᠭᠡᠨ ᠦᠪᠦᠷ ᠮᠤᠩᠭᠤᠯ ᠤᠨ ᠡᠳᠤᠷ ᠤᠨ ᠰᠤᠨᠢᠨ᠂ ᠲᠤᠮᠳᠠᠳᠤ ᠤᠯᠤᠰ ᠤᠨ | ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ ᠶᠢᠨ ᠰᠤᠷᠪᠤᠯᠵᠢᠯᠠᠬᠴᠢ ᠶᠢᠨ ᠲᠤᠰᠬᠠᠢ ᠰᠤᠷᠪᠤᠯᠵᠢᠯᠠᠭ᠎ᠠ ᠶᠢ | ᠬᠦᠯᠢᠶᠡᠯ᠎ᠡ᠃ | ᠰᠤᠷᠪᠤᠯᠵᠢᠯᠠᠬᠴᠢ᠄ ᠰᠤᠷᠪᠤᠯᠵᠢᠯᠠᠭ᠎ᠠ ᠬᠦᠯᠢᠶᠡᠭᠰᠡᠨ ᠲᠠᠨ ᠳᠤ ᠶᠡᠭᠡ ᠪᠡᠶᠡᠷᠯᠠᠯᠡ᠃ 2015 ᠣᠨ ᠳᠤ | ᠲᠤᠮᠳᠠᠳᠦ ᠮᠤᠩᠭᠤᠯ ᠤᠨ ᠦᠵᠡᠰᠬᠦᠯᠡᠩ ᠤᠨ ᠴᠤᠬᠯᠠᠭᠠᠨ ᠢ ᠠᠩᠬ᠎ᠠ ᠵᠤᠬᠢᠶᠠᠨ ᠪᠠᠶᠢᠭᠤᠯᠵᠤ ᠪᠠᠶᠢᠬᠰᠠᠨ ᠪᠤᠯ ᠤᠳᠤ | ᠪᠤᠯᠬᠤ ᠳᠤ ᠬᠤᠶᠠᠳᠤᠭᠠᠷ ᠬᠤᠭᠤᠴᠠᠭ᠎ᠠ ᠪᠠᠨ ᠤᠬᠳᠤᠨ ᠠᠪᠴᠤ ᠪᠠᠶᠢᠭ᠎ᠠ ᠨᠢ ᠲᠡᠬᠦᠨ ᠤ ᠠᠮᠵᠢᠯᠳᠡ ᠳᠤ | ᠬᠦᠷᠦᠭᠰᠡᠨ ᠤ ᠬᠢᠨᠢ ᠬᠡᠷᠡᠴᠢ ᠪᠠᠶᠢᠬᠤ᠃ ᠬᠤᠶᠠᠳᠤᠭᠠᠷ ᠬᠤᠭᠤᠴᠠᠭ᠎ᠠ ᠪᠠᠨ ᠪᠤᠯᠵᠤ ᠪᠠᠶᠢᠭ᠎ᠠ ᠦᠵᠡᠰᠬᠦᠯᠡᠩ ᠤᠨ | ᠴᠤᠬᠯᠠᠭᠠᠨ ᠤ ᠤᠨᠴᠠᠯᠢᠬᠳᠠᠬᠤ ᠵᠦᠢᠯ ᠶᠠᠭᠤ ᠪᠠᠶᠢᠨ᠎ᠡ︖ ᠮᠤᠩᠭᠤᠯ ᠤᠯᠤᠰ ᠤᠨ ᠲᠠᠯ᠎ᠡ ᠶᠢᠨ ᠬᠢᠨ ᠤ ᠪᠡᠯᠡᠳᠬᠡᠯ | ᠬᠢᠷᠢ ᠵᠡᠷᠭᠡ ᠪᠠᠶᠢᠨ᠎ᠡ︖ | ᠰᠠᠩᠵᠡᠶᠢᠮᠢᠳᠡᠪ᠄ ᠤᠩᠰᠢᠬᠴᠢᠳ ᠲᠦᠮᠡᠨ ᠳᠡᠭᠡᠨ ᠡᠳᠤᠷ ᠤᠨ ᠮᠡᠨᠳᠤ ᠬᠦᠷᠬᠡᠶ᠎ᠡ᠃ ᠶᠡᠷᠤᠨᠢ ᠬᠤᠶᠠᠳᠡᠬᠢ | ᠡᠬᠡᠯᠵᠢ ᠪᠠᠷ ᠮᠠᠨ ᠤ ᠬᠢᠨ 300 ᠭᠠᠷᠤᠢ ᠠᠵᠤ ᠠᠬᠤᠶᠢᠯᠠᠯ ᠨᠢᠬᠡᠴᠡ ᠶᠢᠨ 700 ᠭᠠᠷᠤᠢ ᠬᠦᠮᠦᠨ ᠲᠡᠯᠬᠡᠨ | ᠦᠵᠡᠬᠦᠯᠦᠯᠬᠡ ᠳᠤ ᠤᠷᠤᠯᠴᠠᠬᠰᠠᠨ ᠶᠤᠮ᠃ ᠲᠦᠷᠦ ᠶᠢᠨ ᠪᠠᠶᠢᠭᠤᠯᠭ᠎ᠠ ᠶᠢᠨ ᠲᠠᠷᠤᠭ᠎ᠠ ᠤᠳᠤᠷᠢᠳᠤᠯᠭ᠎ᠠ᠂ ᠬᠡᠷ᠎ᠡ | ᠬᠡᠯᠡᠯᠴᠡᠬᠡᠷ ᠲᠤᠬᠳᠠᠬᠤ ᠠᠵᠤ ᠠᠬᠤᠶᠢᠯᠠᠯᠳᠠᠨ᠂ ᠰᠤᠶᠤᠯ ᠤᠷᠠᠯᠢᠭ ᠤᠨ ᠠᠵᠢᠯᠳᠠᠨ᠂ ᠲᠡᠯᠬᠡᠨ ᠦᠵᠡᠬᠦᠯᠦᠯᠬᠡ ᠳᠤ | ᠤᠷᠤᠯᠴᠠᠬᠤ ᠬᠤᠳᠠᠯᠳᠤᠭ᠎ᠠ ᠡᠷᠬᠢᠯᠡᠭᠴᠢ ᠬᠡᠳ ᠨᠡᠶᠢᠳᠡ 1400 ᠰᠢᠬᠠᠮ ᠬᠦᠮᠦᠨ ᠢᠷᠡᠭᠰᠡᠨ ᠪᠠᠶᠢᠭ᠎ᠠ ᠶᠤᠮ᠂ | ᠠᠩᠬᠠᠨ ᠤ ᠤᠳᠠᠭ᠎ᠠ ᠪᠠᠷ ᠨᠡᠶᠢᠳᠡ 900 ᠭᠠᠷᠤᠢ ᠬᠦᠮᠦᠨ ᠤᠷᠤᠯᠴᠠᠵᠤ ᠪᠠᠶᠢᠬᠰᠠᠨ᠃ ᠢᠩᠬᠢᠵᠤ ᠬᠡᠯᠡᠬᠦ ᠳᠤ ᠴᠤ | ᠬᠡᠰᠡᠨ ᠬᠦᠮᠦᠨ ᠤ ᠲᠤᠭ᠎ᠠ ᠨᠡᠮᠡᠭᠳᠡᠵᠤ᠂ ᠪᠦᠬᠦ ᠬᠦᠷᠢᠶ᠎ᠡ ᠴᠠᠷᠠᠭ᠎ᠠ ᠳᠤ ᠲᠡᠯᠡᠵᠤ ᠪᠠᠶᠢᠨ᠎ᠡ ᠬᠡᠰᠡᠨ ᠦᠬᠡ᠃ ᠡᠨᠡ | ᠦᠵᠡᠰᠬᠦᠯᠡᠩ ᠤᠨ ᠴᠤᠬᠯᠠᠭᠠᠨ ᠳᠤ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠠᠴᠠ ᠶᠡᠬᠡᠩᠬᠢ ᠲᠡᠮᠵᠢᠯᠬᠡ | ᠦᠵᠡᠬᠦᠯᠵᠤ᠂ ᠬᠦᠷᠰᠢ ᠵᠡᠷᠬᠡᠯᠡᠳᠡᠭᠡ ᠤᠯᠤᠰ ᠤᠷᠤᠨ ᠤ ᠬᠤᠭᠤᠷᠤᠨᠳᠤᠬᠢ ᠰᠤᠯᠢᠯᠴᠠᠭ᠎ᠠ ᠬᠠᠮᠳᠤᠷᠠᠯᠴᠠᠭ᠎ᠠ ᠶᠢ | ᠠᠬᠢᠭᠤᠯᠬᠤ ᠠᠷᠭ᠎ᠠ ᠭᠡᠮᠵᠢᠶ᠎ᠠ ᠶᠢᠨ ᠨᠢᠬᠡ ᠪᠤᠯᠤᠬᠰᠠᠨ ᠶᠤᠮ᠃ ᠲᠤᠰ ᠦᠵᠡᠰᠭᠦᠯᠡᠩ ᠤᠨ ᠴᠤᠬᠯᠠᠭᠠᠨ ᠨᠢ ᠵᠤᠬᠢᠶᠠᠨ | ᠪᠠᠶᠢᠭᠤᠯᠤᠬᠰᠡᠨ ᠬᠦᠷᠢᠶ᠎ᠡ ᠴᠠᠷᠠᠭ᠎ᠠ᠂ ᠠᠭᠤᠯᠭ᠎ᠠ ᠶᠢᠨ ᠬᠤᠪᠢ ᠳᠤ ᠡᠮᠤᠨᠡᠬᠢ ᠠᠴᠠ ᠪᠠᠨ 2 — 3 ᠲᠠᠬᠢᠨ | ᠨᠡᠮᠡᠭᠳᠡᠭᠰᠡᠨ ᠪᠠᠶᠢᠨ᠎ᠠ᠃ ᠪᠡᠯᠡ ᠤᠷᠤᠭᠤᠯᠤᠯᠳᠡ ᠠᠴᠠ ᠡᠬᠢᠯᠡᠬᠡᠳ ᠮᠠᠰᠢ ᠦᠨᠳᠦᠷ ᠲᠦᠪᠰᠢᠨ ᠤ ᠦᠵᠡᠰᠬᠦᠯᠡᠩ | ᠪᠤᠯᠤᠬᠰᠠᠨ᠂ ᠬᠤᠳᠠᠯᠳᠤᠨ ᠠᠪᠤᠬᠴᠢ᠂ ᠵᠤᠬᠢᠶᠠᠨ ᠪᠠᠶᠢᠭᠤᠯᠤᠬᠴᠢ᠂ ᠲᠡᠯᠬᠡᠨ ᠦᠵᠡᠬᠦᠯᠦᠯᠬᠡ ᠳᠤ ᠤᠷᠤᠯᠴᠠᠬᠰᠠᠨ | ᠠᠵᠤ ᠠᠬᠤᠶᠢᠯᠠᠯ ᠤᠯᠠᠮ ᠤᠯᠠᠰᠢᠷᠠᠬᠰᠠᠨ᠂ ᠵᠦᠪᠬᠡᠨ ᠪᠠᠷᠠᠭ᠎ᠠ ᠲᠠᠸᠠᠷ ᠬᠤᠳᠠᠯᠳᠤᠨ ᠠᠪᠬᠤ ᠠᠴᠠ ᠢᠯᠡᠬᠦᠦ | ᠬᠤᠶᠢᠰᠢᠳᠡ ᠶᠢᠨ ᠬᠠᠮᠳᠤᠷᠠᠨ ᠠᠵᠢᠯᠯᠠᠬᠤ ᠬᠡᠷ᠎ᠡ ᠬᠡᠯᠡᠯᠴᠡᠬᠡᠷ ᠲᠠᠯᠪᠢᠬᠳᠠᠵᠤ ᠪᠠᠶᠢᠨ᠎ᠡ᠂ ᠬᠤᠶᠡᠷ ᠲᠠᠯ᠎ᠡ ᠶᠢᠨ | ᠬᠠᠮᠳᠤᠷᠠᠨ ᠠᠵᠢᠯᠯᠠᠬᠤ ᠦᠷᠬᠡᠨ ᠪᠤᠯᠤᠮᠵᠢ ᠮᠠᠰᠢ ᠰᠠᠶᠢᠨ ᠨᠡᠬᠡᠬᠡᠭᠳᠡᠵᠤ ᠪᠠᠶᠢᠨ᠎ᠡ᠃ ᠭᠤᠷᠪᠠᠳᠤᠭᠠᠷ ᠬᠤᠭᠤᠴᠠᠭ᠎ᠠ ᠪᠠᠨ | ᠪᠢᠳᠡ ᠤᠯᠠᠭᠠᠨᠪᠠᠭᠠᠳᠤᠷ ᠬᠤᠳᠡ ᠳᠤ ᠮᠠᠰᠢ ᠰᠠᠶᠢᠨ ᠬᠢᠬᠦ ᠢᠳᠡᠬᠡᠯ ᠪᠠᠶᠢᠨ᠎ᠡ ᠬᠡᠳᠡᠭ ᠢᠶᠠᠨ ᠪᠠᠰᠠ ᠠᠳᠡ ᠬᠡᠯᠡᠮᠡᠷ | ᠪᠠᠶᠢᠨ᠎ᠡ᠃ | ᠰᠤᠷᠪᠤᠯᠵᠢᠯᠠᠬᠴᠢ᠄ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠢ ᠪᠦᠳᠦᠭᠡᠨ | ᠪᠠᠶᠢᠭᠤᠯᠬᠤ ᠲᠦᠯᠦᠪᠵᠢᠭᠦᠯᠭᠡ ᠶᠢ ᠬᠡᠷᠬᠢᠨ ᠥᠷᠨᠢᠭᠦᠯᠵᠦ ᠪᠠᠶᠢᠨ᠎ᠠ︖ | ᠰᠠᠩᠵᠡᠶᠢᠮᠢᠳᠡᠪ᠄ ᠲᠤᠮᠲᠠᠲᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠬᠢᠯ ᠢ ᠪᠦᠳᠦᠭᠡᠨ ᠪᠠᠶᠢᠭᠤᠯᠬᠤ | ᠪᠤᠯ ᠭᠤᠷᠪᠠᠨ ᠤᠯᠤᠰ ᠤᠨ ᠲᠦᠷᠤᠬᠦᠴᠤᠳ ᠤᠨ ᠬᠠᠮᠲᠤ ᠶᠢᠨ ᠲᠠᠨᠢᠯᠲᠠ ᠪᠤᠯᠤᠨ᠎ᠡ᠂ ᠮᠦᠨ ᠭᠤᠷᠪᠠᠨ ᠤᠯᠤᠰ ᠤᠨ | ᠠᠷᠠᠳ ᠲᠦᠮᠠᠨ᠂ ᠲᠠᠷᠠᠴᠢᠯᠠᠨ ︽ᠨᠢᠬᠡ ᠪᠦᠰᠠ ᠨᠢᠬᠡ ᠵᠠᠮ︾ ᠲᠠᠭᠠᠤ ᠤᠯᠤᠰ ᠤᠷᠤᠨ ᠤ ᠬᠠᠮᠲᠤ ᠶᠢᠨ ᠬᠦᠰᠠᠯ | ᠱᠠᠭᠠᠷᠲᠠᠯᠭ᠎ᠠ ᠪᠤᠯᠤᠨ᠎ᠠ᠃ 2014 ᠣᠨ ᠳᠤ ᠲᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ | ᠮᠤᠩᠭᠤᠯ ᠤᠯᠤᠰ ᠲᠤ ᠠᠯᠪᠠᠨ ᠶᠤᠰᠤᠨ ᠤ ᠠᠶᠢᠯᠴᠢᠯᠠᠯᠳᠡ ᠬᠢᠵᠤ᠂ ᠬᠤᠶᠡᠷ ᠤᠯᠤᠰ ᠤᠨ ᠪᠦᠬᠦ ᠲᠠᠯ᠎ᠡ ᠶᠢᠨ | ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠴᠠᠭ᠎ᠠ ᠶᠢ ᠪᠠᠶᠢᠭᠤᠯᠤᠬᠰᠠᠨ ᠶᠤᠮ᠃ ᠠᠷᠤ ᠠᠷᠤ ᠠᠴᠠ ᠪᠠᠨ | ᠬᠡᠷᠡᠭᠵᠢᠬᠦᠯᠦᠭᠳᠡᠭᠰᠡᠨ ᠬᠤᠶᠡᠷ ᠤᠯᠤᠰ ᠤᠨ ᠲᠦᠷᠦ ᠶᠢᠨ ᠪᠤᠳᠤᠯᠭ᠎ᠠ᠂ ᠬᠠᠮᠳᠤ ᠶᠢᠨ ᠠᠵᠢᠯᠯᠠᠭᠠᠨ ᠤ ᠠᠷᠭ᠎ᠠ ᠪᠠᠷᠢᠯ | ᠤᠳ ᠨᠢ ᠬᠤᠶᠡᠷ ᠤᠯᠤᠰ ᠤᠨ ᠬᠠᠮᠳᠤᠷᠠᠯᠴᠠᠭ᠎ᠠ ᠰᠤᠯᠢᠯᠴᠠᠭ᠎ᠠ ᠳᠤ ᠨᠦᠬᠦᠴᠡᠯ ᠬᠠᠩᠭᠠᠬᠰᠠᠭᠠᠷ ᠢᠷᠡᠪᠡ᠃ ᠮᠦᠨ | ᠲᠡᠷᠢᠭᠦᠯᠡᠭᠴᠢ ᠰᠢ ᠶᠢᠨ ᠫᠢᠩ ᠤᠨ ᠰᠠᠨᠠᠭᠠᠴᠢᠯᠠᠭ᠎ᠠ ᠪᠠᠷ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ | ᠬᠤᠩᠬᠢᠯ ᠤᠨ ᠪᠦᠳᠦᠬᠡᠨ ᠪᠠᠶᠢᠭᠤᠯᠤᠯᠳᠠ ᠪᠤᠯᠤᠨ ︽ᠨᠢᠬᠡ ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ | ᠡᠷᠴᠢᠮᠳᠠᠢ ᠶᠠᠪᠤᠬᠳᠠᠵᠤ ᠪᠠᠶᠢᠨ᠎ᠠ᠂ ᠡᠭᠦᠨ ᠳᠤ᠂ ᠦᠵᠡᠰᠬᠦᠯᠡᠩ ᠤᠨ ᠴᠤᠬᠯᠠᠭᠠᠨ ᠪᠤᠯ ᠨᠢᠬᠡᠨ ᠪᠠᠳᠤᠳᠠᠢ ᠵᠢᠱᠢᠶ᠎ᠡ᠂ | ᠮᠦᠨ ᠡᠨᠡᠬᠦ ᠦᠵᠡᠰᠬᠦᠯᠡᠩ ᠤᠨ ᠴᠤᠬᠯᠠᠭᠠᠨ ᠢ ᠵᠤᠬᠢᠶᠠᠨ ᠪᠠᠶᠢᠭᠤᠯᠤᠬᠰᠠᠨ ᠨᠢ ᠭᠤᠷᠪᠠᠨ ᠤᠯᠤᠰ ᠤᠨ ᠬᠤᠶᠢᠰᠢᠳᠡ | ᠶᠢᠨ ᠪᠡᠯᠡ ᠤᠷᠤᠭᠤᠯᠤᠯᠳᠡ ᠪᠤᠯᠤᠨ ᠠᠵᠤ ᠠᠬᠤᠢ ᠶᠢᠨ ᠬᠠᠮᠳᠤᠷᠠᠯᠴᠠᠭᠠᠨ ᠤ ᠠᠵᠢᠯᠯᠠᠭ᠎ᠠ ᠪᠠᠨ ᠦᠷᠬᠡᠵᠢᠬᠦᠯᠬᠦ ᠳᠤ | ᠠᠬᠢᠴᠡ ᠲᠠᠢ ᠪᠤᠯᠤᠬᠰᠠᠨ ᠠᠷᠭ᠎ᠠ ᠬᠡᠮᠵᠢᠶ᠎ᠡ ᠪᠤᠯᠤᠨ᠎ᠡ ᠬᠡᠵᠤ ᠪᠤᠳᠤᠵᠤ ᠪᠠᠶᠢᠨ᠎ᠡ᠃ | ᠰᠤᠷᠪᠤᠯᠵᠢᠯᠠᠬᠴᠢ᠄ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠢ ᠪᠦᠳᠦᠭᠡᠨ | ᠪᠠᠶᠢᠭᠤᠯᠬᠤ ᠳᠤ ᠮᠣᠩᠭᠤᠯ ᠤᠯᠤᠰ ᠶᠠᠮᠠᠷ ᠰᠠᠶᠢᠨ ᠰᠠᠶᠢᠬᠠᠨ ᠢᠷᠡᠭᠡᠳᠦᠢ ᠶᠢ ᠣᠯᠵᠣ ᠬᠠᠷᠠᠵᠤ ᠪᠠᠶᠢᠭ᠎ᠠ ᠪᠤᠢ︖ | ᠰᠠᠩᠵᠡᠶᠢᠮᠢᠳᠡᠪ᠄ ᠲᠤᠮᠲᠠᠲᠤ ᠤᠯᠤᠰ ᠨᠢ ᠮᠤᠩᠭᠤᠯ ᠤᠯᠤᠰ ᠤᠨ ᠬᠠᠮᠤᠭ ᠲᠤᠮᠤ ᠠᠷᠠᠯᠵᠢᠶᠠᠨ ᠤ ᠬᠠᠨᠢᠲᠠᠨ | ᠪᠠ ᠪᠠᠯᠠ ᠤᠷᠤᠭᠤᠯᠤᠯᠲᠠ ᠶᠢᠨ ᠤᠯᠤᠰ ᠪᠤᠯᠤᠬᠰᠠᠭᠠᠷ ᠢᠷᠡᠭᠰᠡᠨ᠃ ᠮᠤᠩᠭᠤᠯ ᠤᠯᠤᠰ ᠬᠤᠶᠢᠰᠢᠳᠡ ᠡᠮᠤᠨᠡᠳᠤ | ᠬᠦᠷᠰᠢ ᠲᠠᠢ ᠪᠠᠨ ᠬᠠᠮᠳᠤ ᠶᠢᠨ ᠠᠵᠢᠯᠯᠠᠭ᠎ᠠ ᠪᠠᠨ ᠤᠯᠠᠮ ᠡᠷᠴᠢᠮᠵᠢᠬᠦᠯᠬᠦ ᠴᠢᠭᠯᠡᠯ ᠢᠶᠠᠷ ᠠᠵᠢᠯᠯᠠᠬᠤ ᠪᠤᠯᠤᠨ᠎ᠡ᠃ | ᠮᠠᠨ ᠤ ᠮᠤᠩᠭᠤᠯ ᠤᠯᠤᠰ ᠲᠤᠮᠳᠠᠳᠤ ᠤᠷᠤᠰ ᠬᠡᠬᠦ ᠬᠤᠶᠡᠷ ᠲᠤᠮᠤ ᠤᠯᠤᠰ ᠲᠠᠢ ᠬᠦᠷᠰᠢᠯᠡᠵᠤ᠂ ᠲᠤᠮᠳᠠᠳᠤ ᠤᠷᠤᠰ | ᠬᠤᠶᠡᠷ ᠤᠯᠤᠰ ᠨᠢ ᠮᠤᠩᠭᠤᠯ ᠤᠯᠤᠰ ᠲᠤ ᠠᠵᠤ ᠠᠬᠤᠢ ᠪᠠᠨ ᠰᠠᠶᠢᠵᠢᠷᠠᠭᠤᠯᠬᠤ᠂ ᠠᠷᠠᠳ ᠢᠷᠬᠡᠳ ᠤᠨ ᠢᠶᠠᠨ | ᠠᠵᠤ ᠠᠮᠢᠳᠤᠷᠠᠯ ᠢ ᠲᠡᠬᠡᠭᠰᠢᠯᠡᠬᠦᠯᠬᠦ᠂ ᠰᠤᠶᠤᠯ ᠢᠶᠠᠨ ᠰᠤᠷᠳᠠᠯᠴᠢᠯᠠᠬᠤ ᠲᠤᠮᠤ ᠪᠤᠯᠤᠮᠵᠢ ᠶᠢ ᠤᠯᠭᠤᠵᠤ ᠪᠠᠶᠢᠳᠠᠭ᠃ | ᠲᠡᠶᠢᠮᠤ ᠠᠴᠠ ᠠᠵᠤ ᠠᠬᠤᠢ ᠪᠠᠨ ᠬᠦᠭᠵᠢᠭᠦᠯᠬᠦ᠂ ᠪᠡᠯᠡ ᠤᠷᠤᠭᠤᠯᠤᠯᠳᠡ ᠪᠠᠨ ᠨᠡᠮᠡᠭᠳᠡᠬᠦᠯᠬᠦ ᠴᠢᠭᠯᠡᠯ ᠢᠶᠠᠷ | ᠬᠠᠮᠳᠤᠷᠠᠯᠴᠠᠭᠠᠨ ᠤ ᠠᠵᠢᠯᠯᠠᠭ᠎ᠠ ᠪᠠᠨ ᠨᠡᠩ ᠦᠷᠬᠡᠵᠢᠬᠦᠯᠵᠤ ᠪᠤᠯᠤᠨ᠎ᠡ᠃ ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ 11 ᠪᠤᠭᠤᠮᠳᠡ ᠪᠠᠷ ᠮᠠᠨ ᠤ ᠤᠯᠤᠰ ᠲᠠᠢ ᠬᠢᠯᠢᠯᠡᠳᠡᠭ᠂ ᠦᠪᠦᠷ ᠮᠤᠩᠭᠤᠯ ᠤᠨ ᠪᠤᠭᠤᠮᠳᠡ ᠪᠠᠷ | ᠮᠠᠨ ᠤ ᠪᠦᠳᠦᠬᠡᠭᠳᠡᠬᠦᠨ ᠭᠠᠳᠠᠬᠰᠢ ᠭᠠᠷᠴᠤ ᠪᠠᠶᠢᠨ᠎ᠠ᠃ ᠮᠠᠨ ᠤ ᠠᠷᠠᠳ ᠢᠷᠬᠡᠳ ᠢ ᠬᠠᠯᠠᠭᠤᠨ ᠲᠤᠳᠤᠨᠤ ᠪᠠᠷ | ᠬᠦᠯᠢᠶᠡᠨ ᠠᠪᠴᠤ ᠲᠡᠮᠵᠢᠵᠤ ᠶᠠᠪᠤᠳᠠᠭ ᠲᠠ ᠪᠦᠬᠦᠨ ᠳᠤ ᠪᠠᠶᠠᠷᠯᠠᠵᠤ ᠪᠠᠶᠢᠭ᠎ᠠ ᠪᠠᠨ ᠡᠨᠡ ᠨᠤᠳᠤᠭ ᠲᠡᠬᠡᠷ᠎ᠡ ᠠᠴᠠ ᠨᠢ | ᠢᠯᠡᠷᠬᠡᠶᠢᠯᠡᠵᠤ ᠪᠠᠶᠢᠨ᠎ᠡ᠃ |