︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠨᠡᠭᠦᠷᠡᠰᠦᠨ ᠤ | ᠭᠠᠷᠤᠯᠲᠠ ᠶᠢ 11.5 ᠳ᠋ᠦᠩᠰᠢᠭᠤᠷ ᠲᠣᠨ ᠣᠷᠴᠢᠮ ᠳᠤ ᠬᠢᠵᠠᠭᠠᠷᠯᠠᠵᠤ᠂ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ | ᠵᠢᠩ ᠢ 79% ᠤᠷᠴᠢᠮ ᠬᠦᠷᠲᠡᠯ᠎ᠡ ᠪᠠᠭᠤᠷᠠᠭᠤᠯᠬᠤ ᠪᠠᠷ ᠪᠠᠶᠢᠨ᠎ᠠ᠃ | ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠨᠧᠷᠭᠢ ᠶᠢᠨ | ᠬᠦᠭᠵᠢᠬᠦᠯᠦᠯᠲᠡ ᠶᠢᠨ ᠭᠤᠣᠯ ᠬᠠᠷᠠᠯᠲᠠ ᠪᠣᠯ᠂ ᠡᠨᠧᠷᠬᠢ ᠶᠢᠨ ᠦᠢᠯᠡᠳᠪᠦᠷᠢᠯᠡᠯ ᠬᠠᠩᠭᠠᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠵᠤ᠂ ᠪᠦᠬᠦ ᠣᠷᠣᠨ ᠤ ᠠᠩᠬᠠᠳᠠᠭᠴᠢ ᠡᠨᠧᠷᠭᠢ ᠶᠢᠨ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠶᠢ 7 | ᠳ᠋ᠦᠩᠰᠢᠭᠤᠷ ᠲᠣᠨ ᠤᠷᠴᠢᠮ ᠪᠠᠷᠢᠮᠵᠢᠶᠠᠲᠤ ᠨᠡᠭᠦᠷᠡᠰᠦᠨ ᠳᠤ ᠬᠦᠷᠦᠭᠦᠯᠦᠨ᠎ᠡ᠃ ᠡᠭᠦᠨ ᠤ ᠬᠠᠮᠲᠤ᠂ ᠥᠪᠡᠷᠲᠡᠭᠡᠨ | ᠵᠠᠰᠠᠬᠤ ᠣᠷᠣᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠵᠤ᠂ ᠪᠦᠬᠦ | ᠣᠷᠣᠨ ᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ 2.25 ᠳ᠋ᠦᠡᠭᠰᠢᠭᠤᠷ ᠲᠣᠨ ᠤᠷᠴᠢᠮ ᠪᠠᠷᠢᠮᠵᠢᠶᠠᠲᠤ | ᠨᠡᠭᠦᠷᠡᠰᠦ ᠪᠠᠷ ᠬᠢᠵᠠᠭᠠᠷᠯᠠᠨ᠎ᠠ᠃ ᠴᠢᠯᠠᠭᠤᠵᠢᠮᠠᠯ ᠤᠨ ᠪᠤᠰᠤ ᠡᠨᠧᠷᠭᠢ ᠶᠢᠨ ᠮᠠᠰᠢᠨ ᠴᠣᠭᠴᠠᠯᠠᠪᠤᠷᠢ ᠪᠣᠯᠤᠨ | ᠬᠡᠷᠡᠭᠯᠡᠭᠡᠨ ᠤ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠯᠠᠭᠤᠵᠢᠮᠠᠯ ᠤᠨ ᠪᠤᠰᠤ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 38% ᠣᠷᠴᠢᠮ ᠳᠤ ᠬᠦᠷᠦᠬᠦᠯᠵᠤ᠂ | ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 79% ᠣᠷᠴᠢᠮ ᠬᠦᠷᠲᠡᠯ᠎ᠡ ᠪᠠᠭᠤᠷᠠᠭᠤᠯᠤᠨ᠎ᠠ᠃ ᠨᠡᠭᠦᠷᠡᠰᠦᠨ ᠤ | ᠡᠴᠦᠰ ᠤᠨ ᠬᠡᠷᠡᠭᠯᠡᠭᠡᠨ ᠤ ᠬᠤᠪᠢ ᠶᠢᠨ ᠵᠢᠩ ᠢ 16% ᠤᠷᠴᠢᠮ ᠬᠦᠷᠲᠡᠯ᠎ᠡ ᠪᠠᠭᠤᠷᠠᠭᠤᠯᠵᠤ᠂ ᠴᠠᠬᠢᠯᠭᠠᠨ | ᠬᠦᠴᠦᠨ ᠳᠤ ᠬᠡᠷᠡᠭᠯᠡᠬᠦ ᠨᠡᠭᠦᠷᠡᠰᠦᠨ ᠤ ᠬᠡᠷᠡᠭᠯᠡᠭᠡ ᠶᠢᠨ ᠬᠤᠪᠢ ᠶᠢᠨ ᠵᠢᠩ ᠢ 55% ᠣᠷᠴᠢᠮ ᠳᠤ ᠬᠦᠷᠲᠡᠯ᠎ᠡ | ᠨᠡᠮᠡᠭᠳᠡᠭᠦᠯᠦᠨ᠎ᠡ᠃ | ᠤᠶᠢᠯᠠᠭᠠᠭᠰᠠᠨ ᠢᠶᠠᠷ᠂ ᠳᠠᠷᠠᠭᠠᠴᠢ ᠶᠢᠨ ᠱᠠᠲᠤᠨ ᠳᠤ ᠥᠪᠥᠷ ᠮᠣᠩᠭᠤᠯ ᠬᠠᠳᠠᠭᠠᠯᠠᠯᠲᠠ ᠶᠢᠨ ᠬᠡᠮᠵᠢᠶ᠎ᠡ ᠶᠢ | ᠲᠣᠬᠢᠷᠠᠭᠤᠯᠬᠤ ᠪᠠ ᠨᠡᠮᠡᠭᠳᠡᠯ ᠬᠡᠮᠵᠢᠶ᠎ᠡ ᠶᠢ ᠰᠢᠯᠢᠳᠡᠭᠵᠢᠬᠦᠯᠬᠦ ᠶᠢ ᠵᠡᠷᠭᠡᠪᠡᠷ ᠴᠢᠬᠤᠯᠠᠴᠢᠯᠠᠵᠤ᠂ ᠨᠡᠭᠦᠷᠡᠰᠦ ᠴᠠᠬᠢᠯᠭᠠᠨ᠂ | ᠨᠡᠭᠦᠷᠡᠰᠦ ᠴᠠᠬᠢᠯᠭᠠᠨ ᠤ ᠬᠦᠩᠭᠡᠨ ᠴᠠᠭᠠᠨ᠂ ᠨᠡᠭᠦᠷᠡᠰᠦ ᠶᠢᠨ ᠬᠢᠮᠢ ᠶᠢᠨ ᠠᠵᠤ ᠦᠢᠯᠡᠳᠪᠦᠷᠢ ᠶᠢ ᠨᠢᠭᠡ | ᠴᠤᠭᠴᠠᠵᠢᠭᠤᠯᠤᠨ ᠬᠦᠭᠵᠢᠬᠦᠯᠬᠦ ᠶᠢ ᠵᠤᠷᠢᠭᠵᠢᠭᠤᠯᠵᠤ᠂ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠨᠢ | ᠡᠵᠡᠩᠨᠡᠯᠲᠡ ᠪᠠᠨ ᠬᠤᠪᠢᠷᠠᠭᠤᠯᠬᠤ ᠠᠵᠤ ᠠᠬᠤᠶᠢᠯᠠᠯ ᠯᠤᠭ᠎ᠠ ᠬᠤᠯᠪᠤᠭᠠᠯᠠᠨ ᠲᠠᠬᠢᠨ ᠵᠣᠬᠢᠶᠠᠨ ᠪᠠᠶᠢᠭᠤᠯᠬᠤ ᠶᠢ | ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠴᠤ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠣᠯᠤᠨ | ᠶᠡᠷᠦᠩᠬᠡᠶ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠪᠠᠶᠢᠨ᠎ᠠ᠃ ᠡᠭᠦᠨ ᠤ ᠬᠠᠮᠲᠤ ᠡᠨᠧᠷᠭᠢ ᠶᠢᠨ | ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠳᠠᠬᠢᠨ ᠡᠭᠦᠰᠬᠦ ᠡᠨᠧᠷᠭᠢ ᠶᠢ ᠶᠡᠬᠡᠪᠡᠷ ᠬᠥᠭᠵᠢᠭᠦᠯᠵᠦ᠂ | ᠡᠨᠧᠷᠭᠢ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ | ᠤᠯᠠᠮᠵᠢᠯᠠᠯᠲᠤ ᠡᠨᠧᠷᠭᠢ ᠬᠢᠭᠡᠳ ᠳᠠᠬᠢᠠ ᠡᠭᠦᠰᠬᠦ ᠡᠨᠧᠷᠭᠢ ᠶᠢ ᠬᠠᠷᠢᠯᠴᠠᠨ ᠨᠦᠬᠦᠪᠦᠷᠢᠯᠡᠵᠤ ᠲᠦᠪᠯᠡᠷᠡᠭᠦᠯᠦᠨ | ᠰᠢᠯᠢᠳᠡᠭᠵᠢᠬᠦᠯᠬᠦ ᠶᠢ ᠠᠬᠢᠭᠤᠯᠵᠤ᠂ ᠴᠢᠯᠠᠭᠤᠵᠢᠮᠠᠯ ᠤᠨ ᠪᠤᠰᠤ ᠡᠨᠧᠷᠬᠢ ᠬᠢᠭᠡᠳ ᠴᠢᠯᠠᠭᠤᠵᠢᠮᠠᠯ ᠤᠨ ᠡᠨᠧᠷᠬᠢ ᠶᠢ | ᠥᠨᠳᠥᠷ ᠪᠦᠲᠦᠮᠵᠢᠲᠡᠶ ᠮᠦᠷᠲᠡᠭᠡᠨ ᠴᠡᠪᠡᠷ ᠠᠰᠢᠭᠯᠠᠬᠤ ᠶᠢ ᠵᠡᠷᠭᠡ ᠳᠤᠨᠢ ᠠᠳᠬᠤᠨ᠂ ᠤᠯᠠᠨ ᠴᠢᠳᠠᠮᠵᠢᠲᠤ | ᠬᠠᠮᠲᠤᠷᠠᠨ ᠬᠠᠩᠭᠠᠬᠤ ᠬᠥᠭᠵᠢᠯᠲᠡ ᠶᠢᠨ ᠵᠠᠭᠪᠤᠷᠰᠢᠯ ᠢ ᠪᠤᠢ ᠪᠤᠯᠭᠠᠬᠤ ᠪᠠᠷ ᠪᠠᠶᠢᠨ᠎ᠠ᠃ | ᠥᠪᠥᠷ ᠮᠣᠩᠭᠤᠯ ᠪᠣᠯ ᠮᠠᠨ ᠤ ᠤᠯᠤᠰ ᠤᠨ ᠡᠨᠧᠷᠭᠢ ᠶᠢᠨ ᠭᠠᠷᠤᠯᠲᠠ ᠶᠢᠨ ᠴᠢᠬᠤᠯᠠ ᠰᠠᠭᠤᠷᠢᠨ ᠭᠠᠵᠠᠷ | ᠮᠦᠨ᠂ ︽12·5︾ ᠶᠢᠨ ᠬᠤᠭᠤᠴᠠᠭᠠᠨ ᠳᠤ᠂ ᠪᠦᠬᠦ ᠣᠷᠣᠨ ᠨᠡᠶᠢᠲᠡ 49.2 ᠳ᠋ᠦᠡᠭᠰᠢᠭᠤᠷ ᠲᠣᠨ ᠨᠡᠭᠦᠷᠡᠰᠦ | ᠦᠢᠯᠡᠳᠪᠦᠷᠢᠯᠡᠵᠦ᠂ ᠪᠥᠬᠦ ᠤᠯᠤᠰ ᠲᠤ ᠤᠷᠤᠶᠢᠯᠠᠵᠠᠢ᠃ |