PPP ︵ᠵᠠᠰᠠᠭ ᠤᠨ ᠣᠷᠳᠣᠨ ᠪᠠ ᠨᠡᠶᠢᠭᠡᠮ ᠤᠨ ᠭᠦᠷᠦᠩᠭᠡ ᠶᠢᠨ ᠬᠠᠮᠲᠤᠷᠠᠯᠴᠠᠭ᠎ᠠ ︶ ᠲᠥᠷᠥᠯ ᠵᠦᠢᠯ | ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠬᠤ ᠶᠢᠨ ᠲᠤᠰᠠᠳᠠ᠂ ᠲᠥᠪ ᠤᠨ ᠡᠳ᠋ ᠤᠨ ᠵᠠᠰᠠᠭ ᠠᠴᠠ PPP ᠲᠥᠷᠥᠯ ᠵᠦᠢᠯ ᠳᠤ ᠱᠠᠩᠨᠠᠯ | ᠨᠥᠬᠦᠪᠥᠷᠢ ᠶᠢᠨ ᠪᠡᠯᠡ ᠮᠥᠩᠭᠦ ᠶᠢ 6600 ᠲᠦᠮᠡᠨ ᠲᠥᠭᠦᠷᠢᠭ ᠲᠣᠬᠢᠷᠠᠭᠤᠯᠵᠤ᠂ ᠲᠥᠪ ᠤᠨ ᠲᠥᠰᠦᠪ ᠤᠨ | ᠳᠤᠲᠤᠷ᠎ᠠ PPP ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ ᠳᠤ 5157 ᠲᠦᠮᠡᠨ ᠲᠥᠭᠦᠷᠢᠭ | ᠤᠨ ᠪᠡᠯᠡ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠤᠰ ᠱᠠᠲᠤᠨ ᠤ ᠡᠳ᠋ ᠤᠨ | ᠵᠠᠰᠠᠭ ᠤᠨ ᠴᠢᠨᠠᠷᠲᠠᠶ ᠱᠠᠩᠨᠠᠯ ᠤᠨ ᠪᠡᠯᠡ ᠮᠥᠩᠭᠦ ᠶᠢ 2000 ᠲᠦᠮᠡᠨ ᠲᠥᠭᠦᠷᠢᠭ ᠲᠣᠬᠢᠷᠠᠭᠤᠯᠵᠤ᠂ ᠮᠠᠨ ᠤ | ᠣᠷᠣᠨ ᠤ 84 PPP ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠳᠡᠮᠵᠢᠵᠦ᠂ ᠵᠢᠱᠢᠯᠲᠡ ᠪᠠᠷ ᠡᠳᠡᠭᠡᠷ | ᠲᠥᠷᠥᠯ ᠵᠦᠢᠯ ᠳᠤ 1042 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠶᠢ ᠪᠡᠶᠡᠯᠡᠭᠦᠯᠬᠦ | ᠪᠣᠯᠤᠨ᠎ᠠ᠃ ᠡᠭᠦᠨ ᠳᠤ᠄ ᠤᠯᠠᠭᠠᠨᠬᠠᠳᠠ ᠬᠤᠲᠠ ᠪᠣᠯᠤᠨ ᠦᠬᠠᠶ ᠬᠤᠳᠠ ᠶᠢᠨ ᠬᠠᠶᠢᠷᠦᠪ ᠤᠨ ᠲᠤᠬᠤᠢ | ᠲᠣᠭᠤᠷᠢᠭ ᠨᠢ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠤᠰ | ᠲᠤᠰ 5742 ᠲᠦᠮᠡᠨ ᠲᠥᠭᠦᠷᠢᠭ ᠪᠠ 760 ᠲᠦᠮᠡᠨ ᠲᠥᠭᠦᠷᠢᠭ ᠬᠦᠷᠲᠡᠵᠦ᠂ ᠲᠤᠭ᠎ᠠ ᠬᠡᠮᠵᠢᠶ᠎ᠡ ᠪᠠᠷ ᠪᠦᠬᠦ | ᠣᠷᠣᠨ ᠳᠤ ᠣᠷᠣᠶᠢᠯᠠᠵᠤ᠂ ᠬᠤᠶᠠᠷ ᠭᠠᠵᠠᠷ ᠤᠨ PPP ᠲᠥᠷᠥᠯ ᠵᠦᠢᠯ ᠤᠨ ᠠᠵᠢᠯ ᠢ ᠵᠢᠷᠤᠮᠵᠢᠭᠤᠯᠤᠨ ᠲᠦᠯᠬᠢᠨ | ᠠᠬᠢᠭᠤᠯᠬᠤ ᠳᠤᠨᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦᠨ ᠤ ᠬᠦᠴᠦᠲᠡᠶ ᠳᠡᠮᠵᠢᠯᠭᠡ ᠣᠯᠭᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠡᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠠᠰᠠᠭ ᠤᠨ | ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠲᠥᠷᠥᠯ ᠵᠦᠢᠯ ᠤᠨ ᠬᠠᠮᠲᠤᠷᠠᠯᠴᠠᠭ᠎ᠠ ᠶᠢᠨ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠴᠢᠳᠠᠪᠤᠷᠢ ᠶᠢᠨ ᠪᠠᠶᠢᠭᠤᠯᠤᠯᠲᠠ ᠵᠡᠷᠭᠡ | ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠡᠳ᠋ ᠤᠨ ᠵᠠᠰᠠᠭ ᠤᠨ | ᠳᠡᠮᠵᠢᠯᠭᠡ ᠶᠢ ᠤᠯᠠᠮ ᠢᠯᠡᠭᠦᠦ ᠤᠯᠵᠤ᠂ ᠮᠠᠨ ᠤ ᠣᠷᠣᠨ ᠤ ᠨᠡᠩ ᠤᠯᠠᠨ PPP ᠲᠦᠷᠦᠯ ᠵᠦᠢᠯ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠪᠠᠷ ᠪᠠᠶᠢᠨ᠎ᠠ᠃ |