ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠠᠪᠤᠳᠤᠭᠠᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠪᠠ
ᠨᠡᠶᠢᠲᠡᠯᠡᠭᠰᠡᠨ ᠴᠠᠭ᠄
2017/9/29
     9 ᠳ᠋ᠦ᠋ᠭᠡᠷ ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠲᠠᠪᠤᠳᠤᠭᠠᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠮᠤᠩᠭᠤᠯ ᠡᠮ ᠡᠮᠨᠡᠯᠭᠡ ᠶᠢᠨ ᠬᠦᠭᠵᠢᠯᠳᠠ ᠶᠢᠨ ᠪᠠᠶᠢᠳᠠᠯ ᠢ ᠲᠤᠰᠬᠠᠢ ᠰᠡᠳᠦᠪ ᠢᠶᠠᠷ ᠠᠰᠠᠭᠤᠨ ᠯᠠᠪᠯᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠬᠤᠷᠴᠡ᠂ ᠲᠡᠳ᠋ ᠡᠷᠬᠢᠯᠡᠭᠴᠢ ᠳ᠋ᠦ᠋ ᠽᠢ᠂ ᠸᠠᠩ ᠢᠤᠢ ᠮᠢᠩ᠂ ᠬᠠᠨᠭ᠌ ᠭᠦᠢ ᠯᠢᠨ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠬᠤᠷᠠᠯ ᠳᠤ ᠤᠷᠤᠯᠴᠠᠵᠣ᠂ ᠲᠡᠳ᠋ ᠡᠷᠬᠢᠯᠡᠭᠴᠢ ᠡᠤ ᠲᠤᠸᠠᠨ ᠶᠢᠩ ᠬᠤᠷᠠᠯ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢᠤ ᠰᠢᠨ ᠯᠧ ᠤᠪᠤᠷ ᠢᠶᠠᠨ ᠢᠯᠡᠳᠭᠡᠭᠦ ᠦᠭᠡ ᠬᠡᠯᠡᠵᠡᠢ᠃      ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ ᠯᠢᠤ ᠵᠧᠨ ᠬᠤᠨᠭ᠌᠂ ᠯᠢᠶᠠᠩ ᠸᠧᠨ ᠴᠢᠩ᠂ ᠶᠠᠩ ᠹᠸᠢ ᠶᠦᠨ᠂ ᠪᠤᠶᠠᠨ᠂ ᠰᠢᠤᠢ ᠰᠢᠶᠠᠩ᠂ ᠪᠢᠶᠠᠨ ᠵᠠᠨ ᠰᠢ᠂ ᠰᠠᠷᠠᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠲᠦᠯᠦᠭᠡᠯᠡᠭᠴᠢ ᠰᠢᠤᠸᠠᠢ ᠬᠤᠸᠠ ᠨᠠᠷ ᠳᠣᠰ ᠳᠣᠰ ᠮᠤᠩᠭᠤᠯ ᠡᠮ ᠡᠮᠨᠡᠯᠭᠡ ᠳᠠᠬᠢ ᠪᠡᠯᠡ ᠤᠷᠤᠭᠤᠯᠤᠯᠳᠠ᠂ ᠠᠵᠦ ᠦᠢᠯᠡᠰᠵᠢᠭᠰᠡᠨ ᠬᠦᠭᠵᠢᠯᠳᠠ᠂ ᠮᠡᠳᠡᠭᠡ ᠵᠠᠩᠭᠢᠵᠢᠬᠰᠡᠨ ᠦᠢᠯᠡᠴᠢᠯᠡᠭᠡ ᠵᠡᠷᠭᠡ ᠠᠳᠠᠯᠢ ᠪᠤᠰᠤ ᠬᠠᠷᠠᠭᠠᠰᠣ ᠠᠴᠠ ᠠᠰᠠᠭᠤᠨ ᠯᠠᠪᠯᠠᠵᠦ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠤᠷᠠᠳᠤᠬᠰᠠᠨ ᠠᠰᠠᠭᠤᠳᠠᠯ ᠤᠳ ᠢ ᠬᠢᠨᠠᠮᠠᠭᠠᠢ ᠬᠠᠷᠢᠭᠤᠯᠪᠠ᠃      ᠯᠢᠤ ᠰᠢᠨ ᠯᠧ᠂ ᠮᠤᠩᠭᠤᠯ ᠡᠮ ᠡᠮᠨᠡᠯᠭᠡ ᠶᠢ ᠬᠦᠭᠵᠢᠭᠦᠯᠬᠦ ᠶᠢᠨ ᠴᠢᠬᠤᠯᠠ ᠴᠢᠨᠠᠷ ᠤᠨ ᠳᠣᠬᠠᠢ ᠲᠠᠨᠢᠯᠳᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠠᠵᠢᠯ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠭᠦ ᠦᠭᠡᠢ ᠲᠠᠯ᠎ᠠ ᠪᠠᠨ ᠬᠢᠨᠠᠮᠠᠭᠠᠢ ᠡᠷᠢᠵᠦ᠂ ᠠᠵᠢᠯ ᠤᠨ ᠰᠡᠳᠭᠢᠴᠡ ᠪᠠᠨ ᠲᠠᠰᠤᠷᠠᠯᠳᠠ ᠦᠭᠡᠢ ᠰᠢᠨᠡᠴᠢᠯᠡᠵᠦ᠂ ᠤᠯᠠᠮᠵᠢᠯᠠᠨ ᠬᠠᠮᠠᠭᠠᠯᠠᠬᠤ ᠶᠢ ᠬᠦᠨᠳᠦᠳᠭᠡᠵᠦ᠂ ᠡᠯ᠎ᠠ ᠳᠠᠯ᠎ᠠ ᠶᠢᠨ ᠡᠭᠢ ᠪᠠᠶᠠᠯᠢᠭ ᠢ ᠰᠠᠶᠢᠳᠤᠷ ᠨᠢᠭᠡᠳᠦᠯᠳᠡᠢ ᠲᠦᠯᠦᠪᠵᠢᠭᠦᠯᠵᠦ᠂ ᠤᠯᠤᠰ ᠤᠨ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠ ᠪᠡᠯᠡ ᠤᠷᠤᠭᠤᠯᠤᠯᠳᠠ ᠶᠢ ᠢᠳᠡᠪᠭᠢᠳᠠᠢ ᠴᠢᠷᠮᠠᠶᠢᠨ ᠤᠯᠵᠦ᠂ ᠮᠤᠩᠭᠤᠯ ᠡᠮ ᠡᠮᠨᠡᠯᠭᠡ ᠶᠢᠨ ᠦᠢᠯᠡᠴᠢᠯᠡᠭᠡ ᠶᠢ ᠨᠠᠷᠢᠯᠢᠭ ᠬᠢᠵᠦ᠂ ᠮᠤᠩᠭᠤᠯ ᠡᠮ ᠡᠮᠨᠡᠯᠭᠡ ᠶᠢᠨ ᠠᠵᠦ ᠦᠢᠯᠡᠰ ᠢ ᠪᠣᠵᠠᠭᠠᠢᠢᠷᠠᠭᠤᠯᠵᠣ᠂ ᠮᠤᠩᠭᠤᠯ ᠡᠮ ᠡᠮᠨᠡᠯᠭᠡ ᠶᠢᠨ ᠲᠦᠷᠦᠯ ᠲᠡᠮᠳᠡᠭ ᠢ ᠬᠦᠴᠦᠷᠭᠡᠭᠵᠢᠭᠦᠯᠵᠦ᠂ ᠡᠷᠡᠭᠦᠯ ᠴᠢᠬᠢᠷᠠᠭ ᠦᠪᠤᠷ ᠮᠤᠩᠭᠤᠯ ᠤᠨ ᠪᠦᠲᠦᠭᠡᠨ ᠪᠠᠶᠢᠭᠤᠯᠣᠯᠳᠠ ᠳᠤ ᠰᠢᠨ᠎ᠠ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠭᠡᠶᠢᠯᠡᠪᠡ᠃      ᠬᠤᠷᠠᠯ ᠠᠴᠠ᠂ ᠡᠯ᠎ᠠ ᠱᠠᠳᠤᠨ ᠤ ᠵᠠᠰᠠᠬ ᠤᠨ ᠤᠷᠳᠤᠨ ᠪᠠ ᠬᠠᠮᠢᠶ᠎ᠠ ᠪᠦᠭᠦᠢ ᠰᠠᠯᠠᠭ᠎ᠠ ᠮᠦᠴᠢᠷ ᠪᠦᠷᠢᠯᠳᠦᠭᠦᠨ ᠨᠠᠷ ᠤᠨ ᠲᠤᠰᠬᠠᠢ ᠰᠡᠳᠦᠪ ᠢᠶᠠᠷ ᠠᠰᠠᠭᠤᠨ ᠯᠠᠪᠯᠠᠬᠤ ᠦᠶ᠎ᠡ ᠳᠤ ᠲᠤᠷᠠᠳᠤᠬᠰᠠᠨ ᠬᠢᠨᠠᠨ ᠵᠦᠪᠯᠡᠭᠦ ᠰᠠᠨᠠᠯ ᠢ ᠬᠢᠨᠠᠮᠠᠭᠠᠢ ᠨᠠᠶᠢᠳᠠᠪᠣᠷᠢᠵᠢᠭᠤᠯᠵᠣ᠂ ᠮᠠᠨ ᠤ ᠤᠷᠤᠨ ᠤ ᠮᠤᠩᠭᠤᠯ ᠡᠮ ᠡᠮᠨᠡᠯᠭᠡ ᠶᠢᠨ ᠦᠢᠯᠡᠰ ᠲᠤ ᠲᠤᠯᠭᠠᠷᠠᠵᠣ ᠪᠠᠶᠢᠭ᠎ᠠ ᠰᠢᠨ᠎ᠠ ᠬᠦᠭᠵᠢᠯᠳᠠ ᠶᠢᠨ ᠠᠵᠠ ᠲᠤᠬᠢᠶᠠᠯ ᠢ ᠭᠦᠢᠴᠡᠳ ᠲᠠᠨᠢᠵᠦ᠂ ᠮᠤᠩᠭᠤᠯ ᠡᠮ ᠡᠮᠨᠡᠯᠭᠡ ᠶᠢᠨ ᠬᠦᠭᠵᠢᠯᠳᠠ ᠳᠤ ᠲᠤᠯᠭᠠᠷᠠᠵᠦ ᠪᠠᠶᠢᠭ᠎ᠠ ᠰᠢᠨ᠎ᠠ ᠠᠰᠠᠭᠤᠳᠠᠯ ᠪᠠ ᠰᠢᠨ᠎ᠠ ᠬᠦᠴᠢᠷᠳᠠᠯ ᠢ ᠴᠠᠬ ᠲᠤᠬᠠᠢ ᠳᠤᠨᠢ ᠰᠤᠳᠤᠯᠤᠨ ᠰᠢᠢᠳᠪᠤᠷᠢᠯᠡᠵᠦ᠂ ᠮᠤᠩᠭᠤᠯ ᠡᠮ ᠡᠮᠨᠡᠯᠭᠡ ᠶᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠶᠡᠭᠡᠪᠡᠷ ᠠᠬᠢᠭᠤᠯᠵᠦ᠂ ᠮᠤᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠲᠡᠭᠡᠭᠰᠢᠯᠡᠭᠦᠯᠵᠦ᠂ ᠮᠤᠩᠭᠤᠯ ᠡᠮ ᠡᠮᠨᠡᠯᠭᠡ ᠶᠢᠨ ᠪᠤᠳᠠᠰ ᠤᠨ ᠪᠤᠰᠤ ᠰᠤᠶᠤᠯ ᠤᠨ ᠦᠪ ᠢ ᠪᠠᠳᠠᠷᠠᠭᠤᠯᠤᠨ ᠬᠠᠮᠠᠭᠠᠯᠠᠵᠦ᠂ ᠪᠦᠭᠦ ᠤᠷᠤᠨ ᠤ ᠮᠤᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠦᠷᠭᠦᠯᠵᠢᠯᠠᠨ ᠬᠦᠭᠵᠢᠭᠦ ᠶᠢ ᠲᠦᠷᠭᠡᠳᠭᠡᠨ ᠠᠬᠢᠭᠤᠯᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号