9 ᠳ᠋ᠦ᠋ᠭᠡᠷ ᠰᠠᠷ᠎ᠠ ᠶᠢᠨ 1 ᠤ ᠡᠳᠦᠷ ᠬᠤᠷᠠᠯᠳᠤᠬᠰᠠᠨ ︽ᠬᠦᠬᠡᠬᠤᠳᠠ ᠪᠤᠭᠤᠮᠳᠠ ᠤᠯᠤᠰ ᠤᠨ ᠡᠬᠦᠳᠡᠨ ᠤ | ᠬᠤᠷᠴᠠ ᠰᠡᠯᠡᠮ᠎ᠡ ᠬᠠᠮᠳᠤᠷᠠᠬᠰᠠᠨ ᠲᠤᠰᠬᠠᠢ ᠠᠵᠢᠯᠯᠠᠭ᠎ᠠ ᠶᠢ ᠠᠬᠢᠭᠤᠯᠤᠨ᠂ ᠤᠮᠠᠷᠠᠳᠤ ᠬᠢᠵᠠᠭᠠᠷ ᠤᠨ ᠠᠮᠤᠷ | ᠲᠤᠬᠳᠠᠭᠤᠨ ᠢ ᠬᠠᠮᠠᠭᠠᠯᠠᠬᠤ︾ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ᠡᠨᠡ ᠵᠢᠯ ᠤᠨ | ᠲᠦᠷᠦᠬᠦᠦ 7 ᠰᠠᠷ᠎ᠠ ᠳᠤ ᠬᠦᠬᠡᠬᠤᠳᠠ ᠪᠤᠭᠤᠮᠳᠠ ᠶᠢᠨ ᠨᠢᠭᠤᠴᠠ ᠪᠠᠷ ᠠᠷᠠᠯᠵᠢᠶᠠᠯᠠᠬᠤ ᠶᠢ ᠪᠠᠷᠢᠪᠴᠢᠯᠠᠬᠤ ᠰᠠᠯᠠᠭ᠎ᠠ | ᠮᠦᠴᠢᠷ ᠨᠢᠬᠡᠨᠳᠡ ᠡᠯ᠎ᠡ ᠲᠦᠷᠦᠯ ᠤᠨ ᠨᠢᠭᠤᠴᠠ ᠪᠠᠷ ᠠᠷᠠᠯᠵᠢᠶᠠᠯᠠᠵᠤ ᠲᠤᠬᠳᠠᠭᠠᠯ ᠢ ᠵᠦᠷᠢᠴᠡᠭᠰᠡᠨ ᠬᠡᠷᠡᠭ ᠢ 238 | ᠲᠠᠩᠨᠠᠨ ᠰᠢᠢᠳᠪᠦᠷᠢᠯᠡᠵᠦ᠂ ᠬᠡᠷᠡᠭ ᠤᠨ ᠦᠷᠳᠡᠭ ᠨᠢ 1.14 ᠳ᠋ᠦᠩᠰᠢᠭᠤᠷ ᠲᠦᠬᠦᠷᠢᠭ ᠪᠠᠶᠢᠵᠤ᠂ ᠭᠠᠶᠢᠯᠢ ᠲᠠᠢ | ᠬᠤᠯᠪᠤᠬᠳᠠᠬᠰᠠᠨ ᠨᠢ 701 ᠲᠦᠮᠡᠨ ᠲᠦᠬᠦᠷᠢᠭ ᠪᠠᠶᠢᠵᠤ᠂ ᠡᠬᠦᠨ ᠤ ᠲᠤᠳᠤᠷ᠎ᠠ᠂ ᠡᠷᠡᠬᠦᠦ ᠶᠢᠨ ᠬᠡᠷᠡᠭ 23᠂ | ᠬᠡᠷᠡᠭ ᠤᠨ ᠦᠷᠳᠡᠭ ᠨᠢ 3898.67 ᠲᠦᠮᠡᠨ ᠲᠦᠬᠦᠷᠢᠭ᠂ ᠭᠠᠶᠢᠯᠢ ᠲᠠᠢ ᠬᠤᠯᠪᠤᠬᠳᠠᠬᠰᠠᠨ ᠨᠢ 596 ᠲᠦᠮᠡᠨ | ᠲᠦᠬᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠰᠪᠤᠷᠢ 1.09 ᠲᠠᠬᠢᠨ᠂ 4%᠂ 1.78 ᠲᠠᠬᠢᠨ | ᠨᠡᠮᠡᠭᠳᠡᠵᠡᠢ᠃ | ︽ᠤᠯᠤᠰ ᠤᠨ ᠡᠬᠦᠳᠡᠨ ᠤ ᠬᠤᠷᠴᠠ ᠰᠡᠯᠡᠮ᠎ᠡ 2017︾ ᠬᠠᠮᠳᠤᠷᠠᠬᠰᠠᠨ ᠲᠤᠰᠬᠠᠢ ᠠᠵᠢᠯᠯᠠᠭ᠎ᠠ ᠶᠢᠨ 5 | ᠭᠤᠤᠯᠳᠠᠯᠭ᠎ᠠ ᠲᠠᠢ ᠬᠦᠷᠢᠶᠡᠨ ᠳᠤ᠂ ᠬᠦᠬᠡᠬᠤᠳᠠ ᠪᠤᠭᠤᠮᠳᠠ ᠨᠢ ᠡᠷᠡᠬᠦᠦ ᠶᠢᠨ ᠬᠡᠷᠡᠭ ᠲᠡᠭᠡᠷ᠎ᠡ ᠴᠦᠮ ᠵᠤᠬᠢᠬᠤ | ᠰᠢᠪᠳᠤᠯᠤᠯᠳᠠ ᠲᠠᠢ ᠪᠤᠯᠵᠠᠢ᠃ ᠡᠬᠦᠨ ᠳᠤ᠂ ︽ᠤᠯᠤᠰ ᠤᠨ ᠡᠬᠦᠳᠡᠨ ᠤ ᠰᠦᠷ ᠬᠦᠴᠦᠨ︾ ᠪᠠ ︽ᠮᠦᠰᠦ | ᠬᠠᠶᠢᠯᠤᠭᠤᠯᠬᠤ︾ ᠬᠤᠤᠷ᠎ᠠ ᠫᠠᠨᠽᠠᠯᠠᠬᠴᠢ ᠶᠢ ᠪᠠᠷᠢᠪᠴᠢᠯᠠᠬᠤ ᠲᠤᠰᠬᠠᠢ ᠠᠵᠢᠯᠯᠠᠭ᠎ᠠ ᠳᠤ 5 ᠬᠤᠤᠷᠠᠳᠤ ᠡᠳ᠋ ᠢ | ᠨᠢᠭᠤᠴᠠ ᠪᠠᠷ ᠠᠷᠠᠯᠵᠢᠶᠠᠯᠠᠬᠰᠠᠨ ᠬᠡᠷᠡᠭ ᠢ ᠢᠯᠡᠷᠡᠬᠦᠯᠦᠨ᠂ ᠮᠦᠰᠦᠨ ᠬᠤᠤᠷ᠎ᠠ 228.5 ᠭᠷᠡᠮ᠂ ᠠᠨᠨᠠᠺᠠ 620.4 | ᠭᠷᠡᠮ ᠬᠤᠷᠢᠶᠠᠮᠵᠢᠯᠠᠵᠠᠢ︔ ︽ᠤᠯᠤᠰ ᠤᠨ ᠡᠬᠦᠳᠡᠨ ᠤ ᠪᠠᠭᠠᠳᠤᠷ︾ ᠫᠤᠤ ᠰᠤᠮᠤ ᠶᠢ ᠬᠤᠷᠢᠶᠠᠬᠤ ᠲᠤᠰᠬᠠᠢ | ᠠᠵᠢᠯᠯᠠᠭ᠎ᠠ ᠳᠤ 2 ᠵᠡᠪᠰᠡᠭ ᠰᠤᠮᠤ ᠲᠠᠷᠢ ᠶᠢ ᠨᠢᠭᠤᠴᠠ ᠪᠠᠷ ᠠᠷᠠᠯᠵᠢᠶᠠᠯᠠᠬᠰᠠᠨ ᠬᠡᠷᠡᠭ ᠢ ᠢᠯᠡᠷᠡᠬᠦᠯᠵᠦ᠂ ᠫᠤᠤ | ᠵᠡᠪᠰᠡᠭ 283᠂ ᠰᠤᠮᠤ 4220 ᠶᠢ ᠬᠤᠷᠢᠶᠠᠮᠵᠢᠯᠠᠵᠠᠢ︔ ᠡᠬᠦᠨ ᠠᠴᠠ ᠭᠠᠳᠠᠨ᠎ᠠ᠂ ᠲᠠᠷᠢᠶᠠᠯᠠᠩ ᠤᠨ | ᠪᠦᠳᠦᠭᠡᠭᠳᠡᠬᠦᠨ᠂ ᠬᠢᠵᠢᠭᠳᠦ ᠤᠷᠤᠨ ᠤ ᠡᠳ᠋ ᠪᠠᠷᠠᠭ᠎ᠠ᠂ ᠬᠤᠪᠤᠷ ᠴᠤᠬᠠᠬ ᠠᠮᠢᠳᠠᠨ ᠤᠷᠭᠤᠮᠠᠯ ᠤᠨ ᠪᠦᠳᠦᠭᠡᠭᠳᠡᠬᠦᠨ | ᠢ ᠨᠢᠭᠤᠴᠠ ᠪᠠᠷ ᠠᠷᠠᠯᠵᠢᠶᠠᠯᠠᠬᠰᠠᠨ 7 ᠬᠡᠷᠡᠭ᠂ ᠬᠠᠭᠤᠴᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠬᠦᠬᠡᠷᠦᠮᠵᠢ | ᠵᠡᠷᠬᠡ ᠬᠠᠶᠠᠬᠳᠠᠮᠠᠯ ᠪᠤᠳᠠᠰ ᠢ ᠨᠢᠭᠤᠴᠠ ᠪᠠᠷ ᠠᠷᠠᠯᠵᠢᠶᠠᠯᠠᠬᠰᠠᠨ 7 ᠬᠡᠷᠡᠭ᠂ ᠤᠯᠤᠰ ᠤᠨ ᠭᠠᠶᠢᠯᠢ ᠶᠢᠨ ᠵᠤᠭᠤᠰ | ᠮᠦᠩᠬᠦ ᠶᠢ ᠲᠠᠷᠤᠵᠤ ᠵᠠᠶᠢᠯᠠᠬᠤ ᠳᠤ ᠬᠤᠯᠪᠤᠬᠳᠠᠬᠰᠠᠨ ᠬᠡᠷᠡᠭ ᠢ 2 ᠬᠦᠢᠴᠡᠳᠭᠡᠭᠰᠡᠨ ᠪᠠᠶᠢᠨ᠎ᠠ᠃ |