ᠥᠪᠥᠷ ᠮᠣᠩᠭᠤᠯ ︽ᠬᠤᠶᠠᠷ ᠡᠷᠬᠡ︾᠎ ᠶᠢᠨ ᠪᠠᠷᠢᠴᠠᠭᠠᠲᠤ ᠵᠢᠭᠡᠯᠡᠯᠭᠡ ᠶᠢᠨ ᠨᠥᠬᠦᠪᠥᠷᠢ ᠳᠤ 1400 ᠭᠠᠷᠤᠶ ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2017/9/5
     ᠥᠨᠥᠬᠡᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠭᠰᠠᠨ 2016 ᠣᠨ ᠤ ︽ᠬᠤᠶᠠᠷ ᠡᠷᠬᠡ︾᠎ ᠶᠢᠨ ᠡᠳ᠋ ᠤᠨ ᠵᠠᠰᠠᠭ ᠤᠨ ᠨᠥᠬᠦᠪᠥᠷᠢ ᠪᠠᠷᠤᠭ 1403 ᠲᠥᠮᠡᠨ ᠲᠥᠭᠦᠷᠢᠭ ᠪᠠᠶᠢᠨ᠎ᠠ᠂ ᠡᠭᠦᠨ ᠳᠤ ᠬᠢᠩᠭᠠᠨ ᠠᠶᠢᠮᠠᠭ ᠤᠨ 1165.66 ᠲᠥᠮᠡᠨ ᠲᠥᠭᠦᠷᠢᠭ᠂ ᠪᠤᠭᠤᠲᠤ ᠬᠤᠲᠠ ᠶᠢᠨ 200 ᠲᠦᠮᠡᠨ ᠲᠥᠭᠦᠷᠢᠭ᠂ ᠪᠠᠶᠠᠨᠨᠠᠭᠤᠷ ᠬᠤᠲᠠ ᠶᠢᠨ ᠪᠠᠷᠤᠭ 37.1 ᠲᠦᠮᠨ ᠭᠠᠷᠤᠢ ᠲᠥᠭᠦᠷᠢᠭ᠂ ᠰᠢᠯᠢ ᠶᠢᠨ ᠭᠤᠣᠯ ᠠᠶᠢᠮᠠᠭ ᠤᠨ 0.57 ᠲᠦᠮᠡᠨ ᠲᠥᠭᠦᠷᠢᠭ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠰ ᠱᠠᠲᠤᠨ ᠤ ᠨᠥᠬᠦᠪᠥᠷᠢ ᠶᠢᠨ ᠪᠡᠯᠡ ᠮᠥᠩᠭᠦ 801.66 ᠲᠦᠮᠡᠨ ᠲᠥᠭᠦᠷᠢᠭ ᠪᠠᠭᠤᠯᠭᠠᠵᠠᠢ᠂ ᠡᠭᠦᠨ ᠳᠤ ᠵᠢᠭᠡᠯᠡᠯᠭᠡ ᠶᠢᠨ ᠳᠠᠮ ᠬᠦᠦ ᠮᠥᠩᠭᠦ ᠶᠢᠨ ᠨᠥᠬᠦᠪᠥᠷᠢ 601.66 ᠲᠦᠮᠡᠨ ᠲᠥᠭᠦᠷᠢᠭ᠂ ᠲᠦᠭᠰᠢᠭᠦᠷᠢ ᠳᠤ ᠨᠥᠬᠦᠪᠥᠷᠢᠯᠡᠬᠦ ᠰᠠᠭᠤᠷᠢ ᠮᠥᠩᠭᠦ ᠶᠢᠨ ᠨᠥᠬᠦᠪᠥᠷᠢ 200 ᠲᠦᠮᠡᠨ ᠲᠥᠭᠦᠷᠢᠭ ᠪᠠᠶᠢᠨ᠎ᠠ ᠂ ᠪᠣᠰᠣᠳ ᠦᠯᠡᠳᠡᠭᠰᠡᠨ 601.67 ᠲᠦᠮᠡᠨ ᠲᠥᠭᠦᠷᠢᠭ ᠢ ᠬᠤᠯᠪᠣᠭᠳᠠᠯ ᠪᠦᠬᠦᠢ ᠠᠶᠢᠮᠠᠭ ᠬᠤᠳᠠ ᠢᠵᠢ ᠪᠦᠷᠢᠳᠦᠭᠦᠯᠦᠨ᠎ᠡ᠃      ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠶ ᠶᠢᠨ ᠡᠵᠡᠩᠨᠡᠬᠦ ᠡᠷᠬᠡ ᠶᠢᠨ ᠪᠠᠷᠢᠴᠠᠭᠠᠲᠤ ᠵᠢᠭᠡᠯᠡᠯᠭᠡ ᠠᠪᠬᠤ᠂ ᠲᠠᠷᠢᠶᠠᠴᠢᠦᠨ ᠣᠷᠣᠨ ᠰᠠᠭᠤᠴᠠ ᠶᠢᠨ ᠬᠥᠷᠥᠩᠭᠡ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ ᠶᠢ ᠲᠥᠯᠬᠢᠨ ᠠᠬᠢᠭᠤᠯᠬᠤ ᠶᠢᠨ ᠳᠤᠰᠠᠳᠠ᠂ 2016 ᠣᠨ ᠳᠤ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠡᠷᠬᠡ︾᠎ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ ᠶᠢᠨ ᠡᠳ᠋ ᠤᠨ ᠵᠠᠰᠠᠭ ᠤᠨ ᠨᠥᠬᠦᠪᠥᠷᠢ ᠥᠭᠬᠦ ᠶᠠᠪᠤᠳᠠᠯ ᠤᠨ ᠲᠤᠬᠠᠶ ᠮᠡᠳᠡᠭᠳᠡᠯ ᠳᠠᠷᠤᠮᠠᠯᠯᠠᠨ ᠲᠠᠷᠬᠠᠭᠠᠵᠤ᠂ ᠲᠤᠷᠰᠢᠯᠲᠠ ᠬᠢᠵᠦ ᠪᠠᠶᠢᠭ᠎ᠠ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠯᠪᠢᠭᠰᠠᠨ ᠲᠤᠰ ᠵᠢᠯ ᠤᠨ ︽ᠬᠤᠶᠠᠷ ᠡᠷᠬᠡ︾᠎ ᠪᠠᠷ ᠳᠠᠩ ᠭᠠᠭᠴᠠ ᠪᠠᠷᠢᠴᠠᠭᠠᠯᠠᠬᠤ ᠵᠢᠭᠡᠯᠡᠯᠭᠡ ᠶᠢᠨ ᠮᠥᠩᠭᠦ ᠳᠤ 1%᠎ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠬᠤ ᠪᠠᠷ ᠲᠣᠭᠲᠠᠵᠠᠢ︔ ︽ᠬᠤᠶᠠᠷ ᠡᠷᠬᠡ︾᠎ ᠶᠢᠨ ᠪᠠᠷᠢᠴᠠᠭᠠᠲᠤ ᠵᠢᠭᠡᠯᠡᠯᠭᠡ ᠶᠢᠨ ᠲᠦᠭᠰᠢᠭᠦᠷᠢ ᠶᠢᠨ ᠨᠥᠬᠦᠪᠦᠷᠢ ᠰᠠᠭᠤᠷᠢ ᠮᠥᠩᠭᠦ ᠪᠠᠶᠢᠭᠤᠯᠤᠭᠰᠠᠨ ᠲᠤᠷᠰᠢᠯᠲᠠ ᠶᠢᠨ ᠭᠠᠵᠠᠷ ᠣᠷᠣᠨ ᠳᠤ᠂ ᠡᠳ᠋ ᠤᠨ ᠵᠠᠰᠠᠭ ᠤᠨ ᠪᠡᠯᠡ ᠭᠠᠷᠭᠠᠭᠰᠠᠨ ᠲᠤᠭ᠎ᠠ ᠶᠣᠰᠣᠭᠠᠷ 50%᠎ ᠶᠢᠨ ᠨᠥᠬᠦᠪᠥᠷᠢ ᠣᠯᠭᠤᠵᠤ᠂ ᠭᠠᠵᠠᠷ ᠨᠢᠭᠡᠪᠦᠷᠢ ᠶᠢᠨ ᠬᠠᠮᠤᠭ ᠤᠨ ᠥᠨᠳᠥᠷ ᠨᠥᠬᠦᠪᠦᠷᠢ ᠮᠥᠩᠭᠦ ᠶᠢ 200 ᠲᠦᠮᠡᠨ ᠲᠥᠭᠦᠷᠢᠭ ᠠᠴᠠ ᠳᠠᠪᠠᠭᠤᠯᠵᠤ ᠪᠣᠯᠬᠤ ᠦᠭᠡᠢ ᠭᠡᠵᠦ ᠲᠤᠭᠲᠠᠭᠠᠵᠠᠢ᠃      2016 ᠣᠨ ᠳᠤ ︽ᠬᠤᠶᠠᠷ ᠡᠷᠬᠡ︾᠎ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠪᠡᠯᠡ ᠬᠦᠷᠦᠩᠭᠡ ᠪᠦᠲᠦᠮᠵᠢᠲᠡᠶ ᠠᠮᠢᠳᠤᠯᠢᠭᠵᠢᠪᠠ᠃ 2017 ᠣᠨ ᠤ 6 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ 10 ᠲᠤᠷᠰᠢᠯᠲᠠ ᠶᠢᠨ ᠭᠠᠵᠠᠷ ᠣᠷᠣᠨ ᠤ ︽ᠬᠤᠶᠠᠷ ᠡᠷᠬᠡ︾᠎ ᠶᠢᠨ ᠪᠠᠷᠢᠴᠠᠭᠠᠲᠤ ᠵᠢᠭᠡᠯᠡᠯᠭᠡ ᠠᠪᠤᠭᠰᠠᠨ ᠦᠯᠡᠳᠡᠪᠦᠷᠢ 23.05 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.23 ᠳ᠋ᠦᠩᠰᠢᠭᠤᠷ ᠲᠥᠭᠦᠷᠢᠭ ᠨᠡᠮᠡᠭᠳᠡᠪᠡ᠂ ᠡᠭᠦᠨ ᠳᠤ ᠳᠠᠭᠠᠭᠠᠴᠢᠯᠠᠭᠰᠠᠨ ᠭᠠᠵᠠᠷ ᠰᠢᠷᠣᠶ ︵ᠬᠠᠳᠤᠯᠠᠩ ᠪᠡᠯᠴᠢᠭᠡᠷ︶᠎ ᠶᠢᠨ ᠡᠵᠡᠩᠨᠡᠬᠦ ᠡᠷᠬᠡ ᠶᠢᠨ 8 ᠲᠤᠷᠰᠢᠯᠲᠠ ᠶᠢᠨ ᠭᠠᠵᠠᠷ ᠣᠷᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 22.62 ᠳ᠋ᠦᠩᠰᠢᠭᠤᠷ ᠲᠥᠭᠦᠷᠢᠭ ᠪᠠᠶᠢᠵᠤ᠂ ᠣᠷᠣᠨ ᠰᠠᠭᠤᠴᠠ ᠶᠢᠨ ᠡᠳ᠋ ᠭᠦᠷᠦᠩᠭᠡ ᠶᠢᠨ ᠡᠷᠬᠡ ᠶᠢᠨ 2 ᠲᠤᠷᠰᠢᠯᠲᠠ ᠎ ᠶᠢᠨ ᠭᠠᠵᠠᠷ ᠣᠷᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 0.43 ᠳ᠋ᠦᠩᠰᠢᠭᠤᠷ ᠲᠥᠭᠦᠷᠢᠭ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号