ᠲᠦᠷᠦᠭᠦᠦ 7 ᠰᠠᠷ᠎ᠠ ᠳᠤ ᠥᠪᠥᠷ ᠮᠣᠩᠭᠤᠯ ᠤᠨ ︽ᠠᠯᠲᠠᠨ ᠲᠤᠭᠤᠰᠬ᠎ᠠ︾ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ 150 ᠳ᠋ᠦᠩᠰᠢᠭᠤᠷ ᠲᠦᠬᠦᠷᠢᠭ ᠢ ᠳᠠᠪᠠᠪᠠ
ᠨᠡᠶᠢᠲᠡᠯᠡᠭᠰᠡᠨ ᠴᠠᠭ᠄
2017/9/6
     ᠬᠥᠬᠡᠬᠤᠲᠠ ᠶᠢᠨ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ 2017 ᠣᠨ ᠤ ᠲᠦᠷᠦᠭᠦᠦ 7 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠯᠲᠠᠨ ᠲᠤᠭᠤᠰᠬ᠎ᠠ︾ ᠤᠯᠤᠰ ︵ᠤᠷᠤᠰ᠂ ᠡᠨᠡᠳᠬᠡᠭ᠂ ᠪᠷᠠᠽᠢᠯ᠂ ᠡᠮᠦᠨᠡᠲᠦ ᠠᠹᠷᠢᠺᠠ︶᠎ ᠯᠤᠭ᠎ᠠ ᠶᠢᠨ ᠠᠷᠠᠯᠵᠢᠶᠠᠨ ᠤ ᠥᠷᠳᠡᠭ ᠨᠢ 150.4 ᠳ᠋ᠦᠩᠰᠢᠭᠤᠷ ᠲᠥᠭᠦᠷᠢᠭ ︵ᠠᠷᠠᠳ ᠤᠨ ᠵᠣᠭᠤᠰ᠂ ᠳᠣᠷᠣᠭᠰᠢ ᠠᠳᠠᠯᠢ︶᠎ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 28.3%᠎ ᠪᠠᠷ ᠨᠡᠮᠡᠭᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠤ ᠭᠠᠳᠠᠭᠠᠳᠤ ᠠᠷᠠᠯᠵᠢᠶᠠᠨ ᠤ ᠶᠡᠷᠦᠩᠬᠡᠶ ᠦᠷᠳᠡᠭ ᠤᠨ 26.3%᠎ ᠶᠢ ᠡᠵᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠯᠲᠠᠨ ᠲᠤᠭᠤᠰᠬ᠎ᠠ︾ ᠤᠯᠤᠰ ᠯᠤᠭ᠎ᠠ ᠶᠢᠨ ᠭᠠᠳᠠᠭᠠᠳᠤ ᠠᠷᠠᠯᠵᠢᠶᠠᠨ ᠳᠤᠮᠳᠠ ᠣᠷᠣᠰ ᠭᠤᠣᠯᠯᠠᠬᠤ ᠪᠠᠶᠢᠷᠢ ᠶᠢ ᠡᠵᠡᠯᠡᠵᠦ᠂ ᠲᠦᠷᠦᠭᠦᠦ 7 ᠰᠠᠷ᠎ᠠ ᠳᠤ ᠠᠷᠠᠯᠵᠢᠶᠠᠨ ᠤ ᠥᠷᠳᠡᠭ ᠨᠢ 130.3 ᠳ᠋ᠦᠩᠰᠢᠭᠤᠷ ᠲᠥᠭᠦᠷᠢᠭ ᠲᠤ ᠬᠦᠷᠴᠦ᠂ 23.6%᠎ ᠪᠠᠷ ᠨᠡᠮᠡᠭᠳᠡᠪᠡ᠃ ᠤᠷᠤᠰ ᠢ ᠭᠠᠷᠭᠠᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠯᠲᠠᠨ ᠲᠤᠭᠤᠰᠬ᠎ᠠ︾ ᠤᠯᠤᠰ ᠤᠳ ᠤᠨ ᠡ᠊ᠨᠡᠳᠭᠡᠭ ᠯᠤᠭ᠎ᠠ ᠶᠢᠨ ᠲᠦᠷᠦᠭᠦᠦ 7 ᠰᠠᠷ᠎ᠠ ᠶᠢᠨ ᠠᠷᠠᠯᠵᠢᠶᠠᠨ ᠤ ᠥᠷᠳᠡᠭ ᠨᠢ 10.5 ᠳ᠋ᠦᠩᠰᠢᠭᠤᠷ ᠲᠥᠭᠦᠷᠢᠭ ᠲᠤ ᠬᠦᠷᠴᠦ᠂ 52.2% ᠨᠡᠮᠡᠭᠳᠡᠪᠡ︔ ᠪᠷᠠᠽᠢᠯ ᠯᠤᠭ᠎ᠠ ᠶᠢᠨ ᠲᠦᠷᠦᠭᠦᠦ 7 ᠰᠠᠷ᠎ᠠ ᠶᠢᠨ ᠠᠷᠠᠯᠵᠢᠶᠠᠨ ᠤ ᠥᠷᠳᠡᠭ ᠨᠢ 8.1 ᠳ᠋ᠦᠩᠰᠢᠭᠤᠷ ᠲᠥᠭᠦᠷᠢᠭ ᠲᠤ ᠬᠦᠷᠴᠦ᠂ 1.2 ᠳᠠᠬᠢᠨ ᠨᠡᠮᠡᠭᠳᠡᠪᠡ︔ ᠡᠮᠦᠨᠡᠲᠦ ᠠᠹᠷᠢᠺᠠ ᠯᠤᠭ᠎ᠠ ᠶᠢᠨ ᠲᠦᠷᠦᠭᠦᠦ 7 ᠰᠠᠷ᠎ᠠ ᠶᠢᠨ ᠠᠷᠠᠯᠵᠢᠶᠠᠨ ᠤ ᠥᠷᠳᠡᠭ ᠨᠢ 1.5 ᠳ᠋ᠦᠩᠰᠢᠭᠤᠷ ᠲᠥᠭᠦᠷᠢᠭ ᠲᠤ ᠬᠦᠷᠴᠦ᠂ 15.4 ᠨᠡᠮᠡᠭᠳᠡᠪᠡ᠃      ᠥᠪᠥᠷ ᠮᠣᠩᠭᠤᠯ ᠤᠨ ᠲᠦᠷᠦᠭᠦᠦ 7 ᠰᠠᠷ᠎ᠠ ᠳᠤ ︽ᠠᠯᠲᠠᠨ ᠲᠤᠭᠤᠰᠬ᠎ᠠ︾ ᠤᠯᠤᠰ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠲᠠᠸᠠᠷ ᠤᠨ ᠳᠣᠲᠣᠷ᠎ᠠ ᠭᠠᠳᠠᠭᠠᠳᠤ ᠭᠠᠷᠭᠠᠯᠲᠠ ᠨᠢ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠮᠧᠬᠠᠨᠢᠭ ᠡᠯᠧᠺᠲᠷᠣᠨ ᠤ ᠦᠢᠯᠡᠳᠬᠦᠨ ᠢᠶᠠᠷ ᠭᠤᠤᠯᠯᠠᠵᠤ᠂ ᠭᠠᠳᠠᠭᠠᠳᠤ ᠠᠴᠠ ᠤᠷᠤᠭᠤᠯᠤᠭᠰᠠᠨ ᠨᠢ ᠡᠨᠧᠷᠭᠢ ᠶᠢᠨ ᠡᠬᠢ ᠪᠠᠶᠠᠯᠢᠭ ᠤᠨ ᠴᠢᠨᠠᠷᠲᠠᠶ ᠦᠢᠯᠡᠳᠬᠦᠨ ᠢᠶᠠᠷ ᠭᠤᠤᠯᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号