9 ᠳ᠋ᠦ᠋ᠭᠡᠷ ᠰᠠᠷ᠎ᠠ ᠶᠢᠨ 6 ᠤ ᠡᠳᠦᠷ ᠪᠣᠯ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠠᠬᠢ ᠲᠠᠯ᠎ᠠ | ᠨᠤᠲᠤᠭ ᠤᠨ ᠰᠣᠶᠣᠯ ᠤᠨ ᠥᠪ ᠤᠨ ᠡᠳᠦᠷ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠤᠳᠠᠭ᠎ᠠ ᠶᠢᠨ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠢ ᠳᠤᠪᠤᠶᠢᠯᠭᠠᠨ ᠤᠬᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠰᠣᠶᠣᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠠᠴᠠ ᠭᠤᠣᠯᠯᠠᠨ | ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠰᠢᠯᠵᠢᠭᠦᠯᠵᠦ | ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ | ᠲᠤᠰ ᠡᠳᠦᠷ ᠥᠪᠥᠷ ᠮᠣᠩᠭᠤᠯ ᠤᠨ ᠮᠦᠽᠧᠶ ᠶᠢᠨ ᠲᠠᠯᠠᠪᠠᠶ ᠳᠤ ᠶᠠᠪᠤᠭᠳᠠᠪᠠ᠃ ᠲᠤᠰ ᠤᠳᠠᠭᠠᠨ ᠤ | ᠦᠵᠡᠰᠬᠦᠯᠡᠩ ᠤᠨ 47 ᠳᠡᠯᠭᠡᠨ ᠦᠵᠡᠭᠦᠯᠬᠦ ᠰᠠᠮᠪᠠᠷ᠎ᠠ ᠨᠢ ᠵᠢᠷᠤᠭ ᠵᠣᠬᠢᠶᠠᠯ ᠢ ᠬᠤᠤᠰᠯᠠᠭᠤᠯᠬᠤ ᠬᠡᠯᠪᠡᠷᠢ ᠪᠠᠷ | ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶᠢᠮᠠᠭ ᠬᠤᠳᠠ ᠶᠢᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ | ᠵᠦᠢᠯ ᠤᠨ ᠨᠡᠶᠢᠳᠡᠮ ᠪᠠᠶᠢᠴᠠᠭᠠᠯᠲᠠ ᠶᠢᠨ ᠡᠯᠪᠡᠭ ᠳᠡᠯᠪᠡᠭ ᠦᠷ᠎ᠡ ᠪᠦᠲᠦᠭᠡᠯ ᠪᠣᠯᠣᠨ ᠨᠡᠶᠢᠳᠡᠮ ᠪᠠᠶᠢᠴᠠᠭᠠᠯᠲᠠ | ᠬᠢᠭᠰᠡᠨ ᠠᠵᠢᠯᠲᠠᠳ ᠤᠨ ᠭᠤᠶᠠᠴᠢ ᠦᠭᠡᠶ ᠵᠣᠷᠢᠭ ᠰᠠᠨᠠᠭ᠎ᠠ ᠶᠢ ᠲᠥᠪᠯᠡᠷᠡᠭᠦᠯᠦᠨ ᠲᠤᠰᠬᠠᠵᠠᠢ᠃ | ᠣᠶᠢᠯᠠᠭᠠᠭᠰᠠᠨ ᠢᠶᠠᠷ᠂ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠪᠣᠯ ᠳᠤᠮᠳᠠᠳᠤ ᠶᠢᠨ | ᠦᠨᠳᠦᠰᠦᠲᠡᠨ ᠤ ᠰᠣᠶᠣᠯ ᠤᠨ ᠪᠣᠳᠠᠲᠤ ᠭᠡᠷᠡᠴᠢ ᠪᠣᠯᠣᠨ᠎ᠠ᠃ 2012 ᠣᠨ ᠤ 10 ᠳ᠋ᠤᠭᠠᠷ ᠰᠠᠷ᠎ᠠ ᠠᠴᠠ 2016 | ᠣᠨ ᠤ 12 ᠳ᠋ᠤᠭᠠᠷ ᠰᠠᠷ᠎ᠠ ᠪᠣᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠮᠠᠨ ᠤ ᠣᠷᠣᠨ ᠪᠦᠬᠦ ᠤᠯᠤᠰ ᠤᠨ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯ ᠤᠨ | ᠠᠩᠬᠠᠳᠠᠭᠴᠢ ᠨᠡᠶᠢᠳᠡᠮ ᠪᠠᠶᠢᠴᠠᠭᠠᠯᠲᠠ ᠶᠢ ᠥᠷᠨᠢᠭᠦᠯᠦᠭᠰᠡᠨ ᠪᠥᠭᠡᠳ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯ ᠤᠨ ᠲᠤᠪᠴᠢᠶ᠎ᠠ ᠶᠢᠨ ᠰᠢᠯᠭᠠᠨ ᠠᠪᠬᠤ ᠳᠤ ᠪᠠᠲᠤᠯᠠᠭᠳᠠᠪᠠ᠂ 4 ᠵᠢᠯ ᠭᠠᠷᠤᠶ ᠶᠢᠨ ᠨᠡᠶᠢᠳᠡᠮ | ᠪᠠᠶᠢᠴᠠᠭᠠᠯᠲᠠ ᠪᠠᠷ ᠳᠠᠮᠵᠢᠭᠠᠳ᠂ ᠪᠥᠬᠦ ᠣᠷᠣᠨ ᠡᠯ᠎ᠡ ᠲᠦᠷᠦᠯ ᠤᠨ ᠰᠢᠯᠵᠢᠭᠦᠯᠵᠦ ᠪᠣᠯᠬᠤ ᠲᠡᠦᠬᠡ ᠶᠢᠨ | ᠳᠤᠷᠠᠰᠬᠠᠯᠲᠤ ᠵᠦᠢᠯ ᠢ ᠨᠡᠶᠢᠲᠡ 112 ᠲᠦᠮᠡᠨ ᠵᠦᠢᠯ ︵ᠢᠵᠢ︶ ᠳᠠᠩᠰᠠᠯᠠᠵᠤ᠂ ᠲᠤᠭ᠎ᠠ ᠬᠡᠮᠵᠢᠶ᠎ᠡ ᠨᠢ ᠨᠡᠶᠢᠳᠡᠮ | ᠪᠠᠶᠢᠴᠠᠭᠠᠯᠲᠠ ᠠᠴᠠ ᠡᠮᠦᠨᠡᠬᠢ ᠲᠡᠦᠬᠡ ᠶᠢᠨ ᠳᠤᠷᠠᠰᠬᠠᠯᠲᠤ ᠵᠦᠢᠯ ᠤᠨ ᠪᠦᠭᠦ ᠬᠡᠮᠵᠢᠶ᠎ᠡ ᠠᠴᠠ ᠲᠠᠭᠢᠨ ᠢᠶᠠᠷ ᠨᠡᠮᠡᠭᠳᠡᠵᠡᠢ᠃ | |