ᠮᠠᠨ ᠤ ᠣᠷᠣᠨ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠪᠠ
ᠨᠡᠶᠢᠲᠡᠯᠡᠭᠰᠡᠨ ᠴᠠᠭ᠄
2018/1/10
      ᠮᠠᠨ ᠤ ᠣᠷᠣᠨ ᠤ ᠡᠮ ᠡᠮᠨᠡᠯᠭᠡ ᠶᠢᠨ ᠦᠶᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠣᠶᠢᠷ᠎ᠠ ᠳᠤ ᠮᠠᠨ ᠤ ᠣᠷᠣᠨ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠥᠭᠡᠷᠡᠴᠢᠯᠡᠪᠡ᠄      ᠨᠢᠭᠡ ᠳᠤ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶᠎ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠠᠶᠢᠮᠠᠭ ᠤᠨ ᠵᠠᠬᠢᠷᠭ᠎ᠠ ᠪᠣᠯᠣᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠣᠯᠭᠤᠵᠣ᠂ ᠠᠶᠢᠮᠠᠭ ᠬᠤᠲᠠ ᠶᠢᠨ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠠᠮᠲᠤ ᠪᠠᠷ ᠬᠠᠮᠢᠶᠠᠷᠬᠤ ᠪᠣᠯᠭᠠᠪᠠ᠃      ᠬᠤᠶᠠᠷ ᠲᠤ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠡᠮ ᠡᠮᠨᠡᠯᠭᠡ ᠶᠢᠨ ᠦᠶᠯᠡᠴᠢᠯᠡᠭᠡᠨ ᠤ ᠲᠥᠷᠥᠯ ᠵᠦᠶᠯ ᠤᠨ ᠵᠢᠷᠤᠮᠵᠢᠯ ᠢ ᠬᠡᠷᠡᠭᠵᠢᠭᠦᠯᠦᠨ᠎ᠡ᠃ ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠮᠥᠨᠬᠦ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾᠎ ᠳᠠᠬᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠮᠲᠤ ᠪᠠᠷ ᠬᠠᠮᠢᠶᠠᠷᠤᠨ᠎ᠠ᠃ ᠡᠯ᠎ᠡ ᠠᠶᠢᠮᠠᠭ ᠬᠤᠳᠠ ᠨᠤᠭᠤᠳ ᠲᠤᠰ ᠭᠠᠵᠠᠷ ᠣᠷᠣᠨ ᠤ ᠪᠠᠨ ᠦᠨ᠎ᠡ ᠶᠢ ᠲᠣᠭᠲᠠᠭᠠᠬᠤ ᠪᠤᠶᠤ ᠲᠣᠬᠢᠷᠠᠭᠤᠯᠬᠤ ᠦᠶ᠎ᠡ ᠳᠤ᠂ ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠪᠠᠷ ᠯᠠᠪᠯᠠᠯᠲᠠ ᠪᠣᠯᠭᠠᠵᠤ ᠪᠣᠯᠣᠨ᠎ᠠ᠃      ᠭᠤᠷᠪᠠ ᠳᠤ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠭᠰᠠᠨ ᠤ ᠳᠠᠷᠠᠭ᠎ᠠ᠂ ᠡᠯ᠎ᠡ ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠡᠪᠡᠳᠴᠢᠨ ᠤ ᠵᠦᠢᠯ ᠢᠶᠠᠷ ᠰᠦᠢᠳᠬᠡᠯ ᠬᠤᠷᠢᠶᠠᠬᠤ ᠥᠭᠡᠷᠡᠴᠢᠯᠡᠯᠲᠡ ᠶᠢᠨ ᠨᠢᠭᠡᠳᠦᠯᠲᠡᠶ ᠪᠠᠶᠢᠷᠢᠯᠠᠭᠤᠯᠤᠯᠲᠠ ᠪᠣᠯᠣᠨ ᠱᠠᠭᠠᠷᠳᠠᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠣᠭᠲᠠᠭᠠᠨ ᠨᠡᠶᠢᠲᠡᠯᠡᠭᠰᠡᠨ ᠡᠪᠡᠳᠴᠢᠨ ᠤ ᠵᠦᠢᠯ ᠢᠶᠠᠷ ᠰᠦᠢᠳᠬᠡᠯ ᠬᠤᠷᠢᠶᠠᠬᠤ ᠪᠠᠷᠢᠮᠵᠢᠶ᠎ᠠ ᠶᠢ ᠡᠯ᠎ᠡ ᠠᠶᠢᠮᠠᠭ ᠬᠤᠳᠠ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠵᠣᠬᠢᠰᠲᠠᠶ ᠲᠣᠬᠢᠷᠠᠭᠤᠯᠵᠦ ᠪᠣᠯᠣᠨ᠎ᠠ᠃      ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠭᠰᠠᠨ ᠶᠠᠪᠤᠳᠠᠯ ᠨᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠤᠳᠠ ᠪᠣᠯᠣᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠢᠴᠠ ᠶᠢ ᠠᠬᠢᠭᠤᠯᠵᠤ᠂ ᠠᠶᠢᠮᠠᠭ ᠬᠤᠲᠠ ᠳᠤ ᠪᠡᠶ᠎ᠡ ᠪᠠᠨ ᠳᠠᠭᠠᠭᠠᠵᠤ ᠲᠣᠭᠲᠠᠭᠠᠬᠤ ᠪᠠ ᠲᠣᠬᠢᠷᠠᠭᠤᠯᠬᠤ ᠡᠷᠬᠡ ᠮᠡᠳᠡᠯ ᠣᠯᠭᠤᠭᠰᠠᠨ ᠢᠶᠠᠷ ᠳᠠᠮᠵᠢᠭᠤᠯᠤᠨ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠵᠦᠢ ᠵᠣᠬᠢᠰᠲᠠᠶ ᠪᠣᠯᠭᠠᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号