ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠨᠠᠰᠤᠵᠢᠯ ᠤᠨ ᠠᠰᠠᠷᠠᠮᠵᠢ ᠶᠢᠨ ᠬᠤᠳᠠᠯᠳᠤᠭᠠᠨ ᠤ ᠳᠠᠭᠠᠳᠬᠠᠯ ᠤᠨ ᠬᠥᠭᠵᠢᠯᠲᠡ ᠶᠢ | ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠡᠶ᠃ ︽ᠬᠡᠷᠡᠭᠵᠢᠭᠦᠯᠬᠦ ᠰᠠᠨᠠᠯ︾ ᠳᠤ ᠲᠤᠭᠲᠠᠭᠠᠭᠰᠠᠨ | ᠨᠢ᠂ ᠵᠠᠰᠠᠭ ᠤᠨ ᠣᠷᠳᠣᠨ ᠳᠡᠮᠵᠢᠬᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠠᠭᠠᠳᠬᠠᠯ ᠤᠷᠤᠭᠤᠯᠬᠤ᠂ | ᠳᠠᠭᠠᠳᠬᠠᠯ ᠤᠨ ᠺᠣᠮᠫᠠᠨᠢ ᠡᠵᠡᠩᠨᠡᠬᠦ᠂ ᠨᠠᠰᠤᠲᠠᠶᠢᠴᠤᠳ ᠲᠤ ᠠᠰᠢᠭ ᠬᠦᠷᠲᠡᠭᠡᠬᠦ ᠪᠠᠷ ᠵᠠᠷᠴᠢᠮ ᠪᠤᠯᠭᠠᠨ᠂ ᠵᠠᠰᠠᠭ ᠤᠨ | ᠣᠷᠳᠣᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠣᠷᠣᠵᠤ ᠰᠠᠭᠤᠭᠰᠠᠨ | ᠦᠳᠡᠭᠦᠰ ᠤᠨ ᠪᠠᠲᠤᠯᠠᠭ᠎ᠠ ᠶᠢᠨ ᠵᠠᠷᠤᠳᠠᠯ ᠢ 5᠄ 3᠄ 2 ᠤᠨ ᠬᠠᠷᠢᠴᠠᠯ ᠢᠶᠠᠷ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠬᠠᠷᠢᠭᠤᠴᠠᠯᠭ᠎ᠠ ᠶᠢᠨ ᠳᠠᠭᠠᠳᠬᠠᠯ ᠲᠤ ᠤᠷᠤᠭᠤᠯᠵᠤ᠂ ᠵᠠᠰᠠᠭ ᠤᠨ ᠣᠷᠳᠣᠨ ᠠᠴᠠ ᠠᠯᠪᠠᠨ ᠠᠴᠠ | ᠡᠷᠬᠢᠯᠡᠭᠰᠡᠨ ᠪᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠳᠠᠭᠠᠳᠬᠠᠯ ᠳᠤ ᠤᠷᠤᠭᠤᠯᠬᠤ ᠵᠠᠷᠤᠳᠠᠯ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ | ︵ᠬᠤᠳᠠ᠂ ᠲᠣᠭᠤᠷᠢᠭ︶ ᠤ ᠡᠳ᠋ ᠤᠨ ᠵᠠᠰᠠᠭ 5᠄ 3᠄ 2 ᠤᠨ ᠬᠠᠷᠢᠴᠠᠯ ᠪᠠᠷ ᠨᠥᠬᠦᠪᠥᠷᠢ ᠤᠯᠭᠤᠬᠤ ᠪᠠᠷ | ᠪᠤᠯᠵᠠᠢ᠃ | ᠠᠵᠤ ᠠᠬᠤᠶᠢᠯᠠᠯ ᠤᠯᠤᠰ ᠤᠨ ᠲᠦᠷᠦ ᠶᠢᠨ ᠪᠣᠳᠣᠯᠭ᠎ᠠ ᠲᠣᠭᠲᠠᠭᠠᠯ ᠢ ᠦᠨᠳᠦᠰᠦᠯᠡᠨ᠂ ᠲᠤᠰ ᠨᠢᠭᠡᠴᠡ ᠳᠤ | ᠲᠤᠰᠢᠶᠠᠯ ᠬᠠᠷᠢᠭᠤᠴᠠᠵᠤ ᠪᠠᠶᠢᠭ᠎ᠠ ᠪᠤᠶᠤ ᠬᠥᠯᠥᠰᠥᠯᠡᠭᠳᠡᠭᠰᠡᠨ ᠪᠦᠭᠦ ᠠᠵᠢᠯᠳᠡᠨ ᠠᠵᠢᠯᠴᠢᠨ ᠳᠠᠭᠠᠨ ᠤᠯᠭᠤᠬᠤ | ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠳᠠᠭᠠᠳᠬᠠᠯ ᠢ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠶ | ᠲᠣᠭᠠᠨ ᠤ 5% ᠶᠢᠨ ᠪᠠᠷᠢᠮᠵᠢᠶ᠎ᠠ ᠠᠴᠠ ᠬᠡᠲᠦᠷᠡᠬᠦ ᠦᠭᠡᠢ ᠬᠡᠰᠡᠭ ᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠲᠤᠰᠢᠶᠠᠬᠤ ᠶᠤᠰᠤᠲᠠᠢ ᠭᠠᠶᠢᠯᠢ ᠶᠢ ᠪᠤᠳᠤᠬᠤ ᠦᠶᠡᠰ ᠬᠠᠰᠤᠬᠤ ᠶᠢ ᠨᠢ ᠵᠦᠪᠰᠢᠶᠡᠷᠡᠨ᠎ᠡ᠃ ᠬᠤᠳᠠᠯᠳᠤᠭᠠᠨ ᠤ | ᠳᠠᠭᠠᠳᠬᠠᠯ ᠤᠨ ᠺᠣᠮᠫᠠᠨᠢ ᠶᠢᠨ ᠡᠷᠬᠢᠯᠡᠭᠰᠡᠨ ᠨᠢᠭᠡ ᠵᠢᠯ ᠠᠴᠠ ᠳᠡᠭᠡᠭᠰᠢᠬᠢ ᠠᠮᠢ ᠨᠠᠰᠤᠨ ᠤ ᠳᠠᠭᠠᠳᠬᠠᠯ ᠤᠨ | ᠦᠢᠯᠡᠳᠬᠦᠨ ᠠᠴᠠ ᠣᠯᠤᠭᠰᠠᠨ ᠪᠠᠲᠤᠯᠠᠭ᠎ᠠ ᠶᠢᠨ ᠵᠠᠷᠤᠳᠠᠯ ᠤᠨ ᠤᠷᠤᠯᠭ᠎ᠠ ᠠᠴᠠ ᠦᠷᠳᠡᠭ ᠨᠡᠮᠡᠭᠳᠡᠯ ᠤᠨ ᠭᠠᠶᠢᠯᠢ | ᠲᠠᠲᠠᠪᠤᠷᠢᠯᠠᠬᠤ ᠦᠭᠡᠢ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠲᠡᠮᠵᠢᠵᠤ ᠪᠠᠶᠢᠭᠠᠳ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠪᠡᠯᠡ ᠤᠷᠤᠭᠤᠯᠤᠨ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠳᠤᠲᠤᠭᠠᠲᠤ ᠡᠮᠨᠡᠯᠭᠡ ᠶᠢᠨ ᠬᠤᠷᠢᠶ᠎ᠠ᠂ ᠡᠭᠦᠳᠡᠨ ᠡᠮᠨᠡᠯᠭᠡ᠂ ᠡᠷᠡᠭᠦᠯᠵᠢᠯ ᠤᠨ ᠲᠥᠪ ᠵᠡᠷᠭᠡ | ᠡᠮᠴᠢᠯᠡᠭᠡᠨ ᠤ ᠪᠠᠶᠢᠭᠤᠯᠤᠮᠵᠢ ᠶᠢᠨ ᠨᠥᠬᠦᠴᠡᠯ ᠳᠤ ᠨᠡᠶᠢᠴᠡᠬᠦ ᠶᠢ ᠨᠢ ᠲᠣᠭᠲᠠᠭᠠᠯ ᠶᠣᠰᠣᠭᠠᠷ ᠬᠤᠳᠠ ᠬᠥᠳᠡᠭᠡ ᠶᠢᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠭ᠋ ᠤᠨ ᠬᠦᠷᠢᠶ᠎ᠡ ᠬᠡᠪᠴᠢᠶᠡᠨ ᠳᠤ ᠤᠷᠤᠭᠤᠯᠵᠤ | ᠪᠤᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠲᠡᠮᠵᠢᠵᠤ ᠪᠠᠶᠢᠭᠠᠳ ᠣᠷᠣᠨ ᠰᠠᠭᠤᠴᠠ ᠪᠠᠨ | ᠭᠡᠳᠡᠷᠭᠦ ᠪᠠᠷᠢᠴᠠᠭᠠᠯᠠᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠦᠷᠨᠢᠬᠦᠯᠵᠤ᠂ | ᠪᠠᠶᠢᠰᠢᠩ ᠭᠠᠵᠠᠷ ᠬᠦᠷᠦᠩᠭᠡ ᠶᠢ ᠠᠷᠠᠯᠵᠢᠶᠠᠯᠠᠬᠤ᠂ ᠳᠠᠩᠰᠠᠯᠠᠬᠤ᠂ ᠠᠯᠪᠠᠨ ᠭᠡᠷᠡᠴᠢᠯᠡᠭᠡ ᠬᠢᠬᠦ ᠵᠡᠷᠭᠡ | ᠪᠠᠶᠢᠭᠤᠯᠤᠮᠵᠢ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠪᠠᠭᠤᠷᠠᠭᠤᠯᠵᠤ᠂ ᠠᠵᠢᠯ ᠤᠨ ᠶᠠᠪᠤᠴᠠ ᠶᠢ ᠳᠥᠭᠦᠮᠴᠢᠯᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠬᠦᠯᠵᠤ ᠪᠤᠯᠤᠨ᠎ᠠ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ | ᠬᠤᠳᠠᠯᠳᠤᠭᠠᠨ ᠤ ᠳᠠᠭᠠᠳᠬᠠᠯ ᠢ ᠬᠦᠭᠵᠢᠬᠦᠯᠬᠦ ᠶᠠᠪᠤᠳᠠᠯ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠬᠦᠯᠬᠦ ᠶᠡᠷᠦᠩᠬᠡᠶ ᠴᠤᠭᠴᠠ ᠶᠢᠨ ᠪᠠᠶᠢᠷᠢᠯᠠᠭᠤᠯᠤᠯᠲᠠ ᠳᠤ | ᠤᠷᠤᠭᠤᠯᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ | ᠬᠤᠳᠠᠯᠳᠤᠭᠠᠨ ᠤ ᠳᠠᠭᠠᠳᠬᠠᠯ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ | ᠲᠥᠯᠥᠪᠯᠡᠨ ᠰᠤᠳᠤᠯᠬᠤ ᠬᠡᠷᠡᠭᠲᠠᠢ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠨᠡᠪᠲᠡᠷᠡᠯᠴᠡᠭᠡ | ᠬᠠᠮᠵᠢᠯᠴᠠᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠢᠵᠢ ᠪᠦᠷᠢᠳᠦᠭᠦᠯᠬᠦ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠦᠷᠢᠨᠰᠢᠬᠦᠯᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ | ᠨᠠᠰᠤᠵᠢᠯ ᠤᠨ ᠠᠰᠠᠷᠠᠮᠵᠢ ᠶᠢᠨ ᠬᠤᠳᠠᠯᠳᠤᠭᠠᠨ ᠤ ᠳᠠᠭᠠᠳᠬᠠᠯ ᠤᠨ ᠠᠵᠢᠯ ᠢ ᠬᠠᠮᠲᠤᠪᠠᠷ ᠲᠦᠯᠬᠢᠨ ᠠᠬᠢᠭᠤᠯᠵᠤ᠂ | ᠪᠦᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠬᠤᠳᠠᠯᠳᠤᠭᠠᠨ ᠤ ᠳᠠᠭᠠᠳᠬᠠᠯ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠶ᠃ |