2017 ᠣᠨ ᠳᠤ ᠥᠪᠥᠷ ᠮᠣᠩᠭᠤᠯ ᠤᠨ PPP᠎ ᠶᠢᠨ ᠲᠥᠷᠥᠯ ᠵᠦᠶᠯ 112 ᠨᠠᠶᠢᠳᠠᠪᠤᠷᠢᠵᠢᠵᠤ ᠶᠡᠷᠦᠩᠬᠡᠶ ᠪᠡᠯᠡ ᠣᠷᠣᠭᠤᠯᠤᠯᠲᠠ ᠨᠢ 1400 ᠳ᠋ᠦᠩᠰᠢᠭᠤᠷ ᠢ ᠳᠠᠪᠠᠪᠠ
ᠨᠡᠶᠢᠲᠡᠯᠡᠭᠰᠡᠨ ᠴᠠᠭ᠄
2018/1/10
      2017 ᠣᠨ ᠳᠤ᠂ ᠮᠠᠨ ᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠯᠣᠭᠠᠶᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠬᠥᠲᠥᠯᠥᠨ ᠵᠢᠯᠣᠭᠤᠳᠬᠤ ᠦᠢᠯᠡᠳᠦᠯ ᠢᠶᠠᠷ ᠢᠯᠡᠳᠲᠡ᠂ ᠳᠡᠰ ᠳᠠᠷᠠᠭᠠᠯᠠᠯ ᠤᠨ ᠠᠵᠢᠯᠯᠠᠭᠠᠨ ᠨᠢ ᠵᠢᠷᠤᠮᠵᠢᠭᠰᠠᠨ PPP ︵ᠵᠠᠰᠠᠭ ᠤᠨ ᠣᠷᠳᠣᠨ ᠬᠢᠭᠡᠳ ᠬᠤᠪᠢ ᠬᠥᠮᠦᠨ ᠤ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠬᠠᠮᠲᠤᠷᠠᠯᠴᠠᠭ᠎ᠠ︶᠎ ᠶᠢᠨ ᠳᠦᠷᠦᠯ ᠵᠦᠢᠯ ᠢ ᠮᠠᠨ ᠤ ᠣᠷᠣᠨ ᠳᠤ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ PPP᠎ ᠶᠢᠨ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ 2017 ᠣᠨ ᠤ ᠵᠢᠯ ᠤᠨ ᠡᠴᠦᠰ ᠠᠴᠠ ᠪᠣᠯᠲᠠᠯ᠎ᠠ᠂ ᠪᠥᠬᠦ ᠣᠷᠣᠨ ᠤ PPP᠎ ᠶᠢᠨ ᠲᠥᠷᠥᠯ ᠵᠦᠢᠯ ᠨᠡᠶᠢᠲᠡ 1004 ᠪᠣᠯᠵᠤ᠂ ᠶᠡᠷᠦᠩᠬᠡᠶ ᠪᠡᠯᠡ ᠣᠷᠣᠭᠤᠯᠤᠯᠲᠠ ᠨᠢ 9033 ᠳ᠋ᠦᠩᠰᠢᠭᠤᠷ ᠲᠥᠭᠦᠷᠢᠭ ᠲᠤ ᠬᠦᠷᠴᠦ᠂ 19 ᠵᠦᠢᠯ ᠤᠨ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠬᠤᠯᠪᠣᠭᠳᠠᠵᠠᠢ᠃ ᠡᠭᠦᠨ ᠳᠤ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ 35 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 906 ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠢ︔ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠨᠢᠯᠴᠠᠭᠤᠯᠤᠭᠰᠠᠨ ᠲᠦᠷᠥᠯ ᠵᠦᠢᠯ ︵ᠡᠭᠦᠨ ᠳᠤ ᠤᠯᠤᠰ ᠤᠨ ᠵᠢᠱᠢᠶ᠎ᠡ ᠦᠵᠡᠭᠦᠯᠬᠦ ᠲᠥᠷᠥᠯ ᠵᠦᠶᠯ ᠪᠠᠭᠲᠠᠨ᠎ᠠ︶ 355 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 4100 ᠳ᠋ᠦᠩᠰᠢᠭᠤᠷ ᠲᠥᠭᠦᠷᠢᠭ ᠲᠤ ᠬᠦᠷᠴᠡᠢ︔ ᠠᠶᠢᠮᠠᠭ ᠬᠤᠳᠠ ᠶᠢᠨ ᠬᠡᠷᠡᠭᠵᠢᠭᠦᠯᠦᠭᠰᠡᠨ ᠲᠦᠷᠦᠯ ᠵᠦᠢᠯ 649 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 4933 ᠳ᠋ᠦᠩᠰᠢᠭᠤᠷ ᠲᠥᠭᠦᠷᠢᠭ ᠲᠤ ᠬᠦᠷᠴᠡᠢ᠃ 2017 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ ᠳᠤ ᠨᠡᠶᠢᠲᠡ 112 ᠳᠦᠷᠦᠯ ᠵᠦᠢᠯ ᠢ ᠨᠠᠶᠢᠳᠠᠪᠤᠷᠢᠵᠢᠭᠤᠯᠵᠤ᠂ ᠬᠤᠳᠠ ᠶᠢᠨ ᠶᠠᠪᠤᠳᠠᠯ ᠤᠨ ᠢᠨᠵᠧᠨᠧᠷᠢᠩ᠂ ᠵᠡᠮ ᠲᠡᠭᠡᠭᠡᠪᠦᠷᠢ᠂ ᠠᠮᠢ ᠠᠬᠤᠶ ᠶᠢᠨ ᠪᠦᠲᠦᠭᠡᠨ ᠪᠠᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 17 ᠤᠯᠠᠨ ᠨᠡᠶᠢᠲᠡ ᠶᠢᠨ ᠦᠢᠯᠡᠴᠢᠯᠡᠭᠡᠨ ᠤ ᠬᠥᠷᠢᠶ᠎ᠡ ᠶᠢ ᠬᠠᠮᠤᠷᠴᠤ᠂ ᠶᠡᠷᠦᠩᠬᠡᠶ ᠪᠡᠯᠡ ᠣᠷᠣᠭᠤᠯᠤᠯᠲᠠ ᠨᠢ 1423 ᠳ᠋ᠥᠩᠰᠢᠭᠤᠷ ᠲᠥᠭᠦᠷᠢᠭ ᠲᠤ ᠬᠦᠷᠴᠡᠶ᠃      ᠲᠠᠨᠢᠯᠴᠠᠭᠤᠯᠤᠭᠰᠠᠨ ᠢᠶᠠᠷ᠂ ᠭᠡᠷ᠎ᠡ ᠲᠣᠭᠲᠠᠵᠤ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠨᠢ ᠭᠤᠣᠯᠳᠠᠭᠤ ᠬᠤᠳᠠ ᠶᠢᠨ ᠶᠠᠪᠤᠳᠠᠯ ᠤᠨ ᠢᠨᠵᠧᠨᠧᠷᠢᠩ᠂ ᠵᠡᠮ ᠲᠡᠭᠡᠭᠡᠪᠦᠷᠢ᠂ ᠠᠮᠢ ᠠᠬᠤᠶ ᠶᠢᠨ ᠪᠦᠲᠦᠭᠡᠨ ᠪᠠᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠲᠥᠪᠯᠡᠷᠡᠵᠦ᠂ ᠡᠭᠦᠨ ᠳᠤ ᠵᠠᠰᠠᠭ ᠤᠨ ᠣᠷᠳᠣᠨ 213 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠯᠡᠵᠦ᠂ ᠨᠡᠶᠢᠭᠡᠮ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢ 1210 ᠳ᠋ᠦᠩᠰᠢᠭᠤᠷ ᠲᠥᠭᠦᠷᠢᠭ ᠳᠠᠶᠢᠴᠢᠯᠠᠨ᠂ ᠲᠥᠷᠥᠯ ᠵᠦᠢᠯ ᠪᠦᠷᠢ ᠶᠢᠨ ᠨᠠᠶᠢᠳᠠᠪᠤᠷᠢᠵᠢᠯ ᠤᠨ ᠳᠤᠮᠳᠠᠴᠢ ᠦᠶᠡᠯᠡᠯ ᠨᠢ 11 ᠰᠠᠷ᠎ᠠ ᠪᠠᠶᠢᠵᠤ᠂ ᠨᠡᠶᠢᠲᠡ 135 ᠨᠡᠶᠢᠭᠡᠮ ᠤᠨ ᠬᠦᠷᠦᠩᠭᠡ ᠲᠠᠢ ᠭᠡᠷ᠎ᠡ ᠲᠣᠭᠲᠠᠪᠠ᠃ ᠳᠦᠷᠦᠯ ᠵᠦᠢᠯ ᠤᠨ ᠨᠠᠶᠢᠳᠠᠪᠤᠷᠢᠵᠢᠭᠰᠠᠨ ᠭᠠᠵᠠᠷ ᠣᠷᠣᠨ ᠤ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠤᠯᠠᠭᠠᠨᠬᠠᠳᠠ᠂ ᠦᠬᠠᠶ᠂ ᠬᠢᠩᠭᠠᠨ ᠠᠶᠢᠮᠠᠭ᠂ ᠠᠯᠠᠱᠠ ᠠᠶᠢᠮᠠᠭ᠂ ᠲᠦᠩᠯᠢᠶᠣᠤ᠂ ᠬᠥᠬᠡᠬᠤᠲᠠ᠂ ᠪᠤᠭᠤᠲᠤ ᠬᠤᠲᠠ᠂ ᠮᠠᠨᠵᠤᠤᠷ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠳᠠ ᠶᠢᠨ ᠭᠡᠷ᠎ᠡ ᠲᠣᠭᠲᠠᠵᠤ ᠨᠠᠶᠢᠳᠠᠪᠤᠷᠢᠵᠢᠭᠤᠯᠤᠭᠰᠠᠨ ᠲᠥᠷᠥᠯ ᠵᠦᠶᠯ ᠤᠨ ᠲᠤᠭ᠎ᠠ ᠬᠡᠮᠵᠢᠶ᠎ᠡ ᠨᠢ ᠨᠡᠯᠢᠶᠡᠳ ᠣᠯᠠᠨ ᠪᠠᠶᠢᠵᠤ᠂ ᠡᠭᠦᠨ ᠳᠤ᠂ ᠤᠯᠠᠭᠠᠨᠬᠠᠳᠠ ᠬᠤᠲᠠ ᠶᠢᠨ ᠭᠡᠷ᠎ᠡ ᠲᠣᠭᠲᠠᠵᠤ ᠰᠠᠭᠤᠷᠢᠰᠢᠭᠤᠯᠤᠭᠰᠠᠨ ᠲᠥᠷᠥᠯ ᠵᠦᠶᠯ ᠨᠢ ᠬᠠᠮᠤᠭ ᠤᠨ ᠤᠯᠠᠨ ᠪᠠᠶᠢᠵᠤ 41 ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号