ᠮᠠᠨ ᠤ ᠣᠷᠣᠨ ᠡᠪᠡᠳᠴᠢᠨ ᠤ ᠲᠦᠷᠦᠯ ᠢᠶᠠᠷ ᠵᠠᠷᠤᠳᠠᠯ ᠬᠤᠷᠢᠶᠠᠬᠤ ᠬᠤᠶᠠᠳᠤᠭᠠᠷ ᠪᠦᠯᠦᠭ ᠡᠪᠡᠳᠴᠢᠨ ᠤ ᠲᠦᠷᠦᠯ ᠤᠨ ᠭᠠᠷᠴᠠᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2018/1/10
     ᠮᠠᠨ ᠤ ᠣᠷᠣᠨ ᠤ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠳᠥᠯᠥᠬᠦ ᠬᠡᠯᠪᠡᠷᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠳᠦᠯᠬᠢᠨ ᠠᠬᠢᠭᠤᠯᠵᠤ ᠂ ᠡᠮᠴᠢᠯᠡᠭᠡᠨ ᠤ ᠵᠠᠷᠤᠳᠠᠯ ᠤᠨ ᠵᠣᠬᠢᠰ ᠥᠬᠡᠶ ᠨᠡᠮᠡᠭᠳᠡᠯ ᠢ ᠬᠢᠵᠠᠭᠠᠷᠯᠠᠬᠤ ᠶᠢᠨ ᠳᠤᠰᠠᠳᠠ᠂ 2017 ᠣᠨ ᠤ 12 ᠳ᠋ᠤᠭᠠᠷ ᠰᠠᠷ᠎ᠠ ᠶᠢᠨ ᠡᠴᠦᠰ ᠲᠤ ᠮᠠᠨ ᠤ ᠣᠷᠣᠨ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠬᠤᠶᠠᠳᠤᠭᠠᠷ ᠪᠦᠯᠦᠭ ᠤᠨ 32 ᠡᠪᠡᠳᠴᠢᠨ ᠤ ᠲᠦᠷᠦᠯ ᠵᠢᠴᠢ ᠪᠠᠷᠢᠮᠵᠢᠶ᠎ᠠ ᠶᠢ ᠲᠣᠭᠲᠠᠭᠠᠨ ᠨᠡᠶᠢᠲᠡᠯᠡᠵᠦ᠂ ᠪᠦᠬᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠬᠡᠷᠡᠭᠵᠢᠭᠦᠯᠬᠦ ᠪᠠᠷ ᠪᠣᠯᠵᠠᠢ᠃ ᠡᠪᠡᠳᠴᠢᠨ ᠡᠮᠭᠡᠭ ᠢ ᠣᠨᠣᠰᠢᠯᠠᠬᠤ ᠨᠡᠷᠡᠶᠢᠳᠦᠯ ᠵᠢᠴᠢ ᠭᠤᠣᠯ ᠮᠡᠰᠡ ᠵᠠᠰᠠᠯ ᠨᠢ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠳᠤ ᠨᠡᠶᠢᠴᠡᠬᠦ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠵᠢᠴᠢ ᠬᠤᠪᠢ ᠪᠠᠷ ᠢᠶᠠᠨ ᠵᠠᠷᠤᠳᠠᠯ ᠭᠠᠷᠭᠠᠬᠤ ᠡᠪᠡᠳᠴᠢᠲᠡᠨ ᠢ ᠴᠥᠮ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠬᠡᠪᠴᠢᠶ᠎ᠡ ᠳᠤ ᠣᠷᠣᠭᠤᠯᠵᠠᠢ᠃      ᠨᠢᠭᠡ ᠳᠤ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠳᠤ ᠡᠪᠡᠳᠴᠢᠲᠡᠨ ᠤ ᠡᠮᠨᠡᠯᠭᠡ ᠶᠢᠨ ᠬᠤᠷᠢᠶᠠᠨ ᠳᠤ ᠰᠠᠭᠤᠵᠤ ᠪᠠᠶᠢᠭᠰᠠᠨ ᠬᠤᠭᠤᠴᠠᠭᠠᠨ ᠳᠠᠬᠢ ᠣᠨᠣᠰᠢᠯᠠᠬᠤ᠂ ᠡᠮᠴᠢᠯᠡᠬᠦ᠂ ᠮᠡᠰᠡ ᠵᠠᠰᠠᠯ ᠬᠢᠬᠦ᠂ ᠮᠢᠨᠴᠦᠭᠦᠷᠡᠭᠦᠯᠬᠦ᠂  ᠪᠡᠶ᠎ᠡ ᠪᠠᠶᠢᠴᠠᠭᠠᠬᠤ ᠰᠢᠯᠭᠠᠨ ᠪᠠᠶᠢᠴᠠᠭᠠᠬᠤ᠂ ᠠᠰᠠᠷᠠᠨ ᠰᠤᠪᠢᠯᠠᠬᠤ ᠵᠢᠴᠢ ᠡᠪᠡᠳᠴᠢᠲᠡᠨ ᠤ ᠣᠷᠣ᠂ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠮᠠᠲ᠋ᠧᠷᠢᠶᠠᠯ ᠵᠡᠷᠭᠡ ᠪᠦᠬᠦ ᠵᠠᠷᠤᠳᠠᠯ ︵ᠪᠦᠷᠢᠨ ᠴᠢᠰᠤ ᠪᠠ ᠪᠦᠷᠢᠯᠳᠦᠬᠦᠨ ᠤ ᠴᠢᠰᠤ ᠶᠢᠨ ᠵᠠᠷᠤᠳᠠᠯ  ᠪᠠᠭᠲᠠᠬᠤ ᠦᠭᠡᠢ  ︶ ᠪᠠᠭᠲᠠᠨ᠎ᠠ᠃ ᠡᠪᠡᠳᠴᠢᠨ ᠤ ᠲᠥᠷᠥᠯ ᠢᠶᠠᠷ ᠲᠣᠭᠲᠠᠭᠰᠠᠨ ᠵᠠᠷᠤᠳᠠᠯ ᠠᠴᠠ ᠭᠠᠳᠠᠨ᠎ᠠ ᠠᠰᠲᠠᠭᠠᠨ ᠵᠠᠷᠤᠳᠠᠯ ᠬᠤᠷᠢᠶᠠᠵᠤ ᠪᠣᠯᠬᠤ ᠦᠭᠡᠢ᠂ ᠡᠮᠨᠡᠯᠭᠡ ᠳᠤ ᠤᠷᠤᠭᠰᠠᠨ ᠎ ᠤ ᠳᠠᠷᠠᠭᠠᠬᠢ ᠪᠡᠶ᠎ᠡ ᠪᠠᠶᠢᠴᠠᠭᠠᠯᠲᠠ ᠰᠢᠯᠭᠠᠨ ᠪᠠᠶᠢᠴᠠᠭᠠᠯᠲᠠ ᠬᠢᠬᠦ ᠵᠡᠷᠭᠡ ᠵᠠᠷᠤᠳᠠᠯ ᠢ ᠡᠭᠦᠳᠡᠨ ᠡᠮᠨᠡᠯᠭᠡ ᠶᠢᠨ ᠵᠠᠷᠤᠳᠠᠯ ᠪᠣᠯᠭᠠᠨ ᠬᠤᠪᠢᠷᠠᠭᠤᠯᠵᠤ ᠪᠣᠯᠬᠤ ᠦᠭᠡᠢ᠃      ᠬᠤᠶᠠᠷ ᠲᠤ ᠳᠠᠪᠬᠤᠴᠠᠮᠠᠯ ᠡᠪᠡᠳᠴᠢᠨ᠂ ᠳᠠᠪᠬᠤᠷᠯᠠᠭᠰᠠᠨ ᠭᠡᠮ ᠪᠤᠶᠤ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠨᠡᠯᠢᠶᠡᠳ ᠬᠦᠨᠳᠦ᠂ ᠪᠡᠶ᠎ᠡ ᠮᠠᠬᠠᠪᠣᠳ ᠨᠢ ᠣᠨᠴᠠᠭᠠᠶ ᠵᠡᠷᠭᠡ ᠰᠢᠯᠲᠠᠭᠠᠨ ᠠᠴᠠ ᠪᠣᠯᠵᠤ᠂ ᠪᠣᠳᠠᠲᠠᠶ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠨᠢ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠠᠴᠠ ᠢᠯᠡᠷᠬᠡᠶ ᠵᠥᠷᠢᠭᠰᠡᠨ ᠡᠪᠡᠳᠴᠢᠨ ᠤ ᠵᠢᠱᠢᠶ᠎ᠡ ᠳᠤ ᠡᠮᠨᠡᠯᠭᠡ ᠶᠢᠨ ᠬᠤᠷᠢᠶ᠎ᠠ ᠲᠣᠭᠲᠠᠭᠰᠠᠨ ᠳᠡᠰ ᠳᠠᠷᠠᠭᠠᠯᠠᠯ ᠢᠶᠠᠷ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠠᠴᠠ ᠤᠬᠤᠷᠢᠨ ᠭᠠᠷᠴᠤ ᠪᠣᠯᠣᠨ᠎ᠠ᠂ ᠭᠡᠬᠦ ᠳᠡᠭᠡᠨ ᠤᠬᠤᠷᠢᠨ ᠭᠠᠷᠬᠤ ᠨᠤᠷᠮ᠎ᠠ ᠶᠢ 15%᠎ ᠶᠢᠨ ᠳᠣᠲᠣᠷ᠎ᠠ ᠴᠢᠩᠭ᠎ᠠ ᠬᠢᠵᠠᠭᠠᠷᠯᠠᠬᠤ ᠬᠡᠷᠡᠭᠲᠡᠢ᠃      ᠭᠤᠷᠪᠠ ᠳᠤ ᠡᠯ᠎ᠡ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠭᠠᠵᠠᠷ ᠣᠷᠣᠨ ᠤ ᠪᠠᠨ ᠪᠤᠳᠠᠲᠠᠢ ᠤᠶᠠᠯᠳᠤᠭᠤᠯᠤᠨ᠂ ᠬᠠᠮᠢᠶ᠎ᠠ ᠪᠦᠬᠦᠢ ᠡᠪᠡᠳᠴᠢᠨ ᠤ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠡᠭᠦᠷᠭᠡᠯᠡᠬᠦ ᠬᠠᠷᠢᠴᠠᠯ ᠢ ᠵᠦᠢ ᠵᠣᠬᠢᠰᠲᠠᠶ ᠲᠣᠭᠲᠠᠭᠠᠵᠤ᠂  ᠵᠠᠷᠤᠳᠠᠯ ᠬᠤᠷᠢᠶᠠᠬᠤ ᠲᠥᠯᠥᠬᠦ ᠲᠦᠷᠦ ᠶᠢᠨ ᠪᠤᠳᠤᠯᠭ᠎ᠠ ᠶᠢ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠳᠤ ᠲᠤᠰᠠᠭᠠᠷ ᠳ᠋ᠦᠩᠨᠡᠨ ᠪᠣᠳᠣᠬᠤ ᠰᠢᠰᠲ᠋ᠧᠮ ᠢ ᠬᠡᠷᠡᠭᠵᠢᠭᠦᠯᠵᠦ᠂ ᠰᠢᠨ᠎ᠡ ᠬᠡᠪᠯᠡᠯ ᠤᠨ ᠡᠪᠡᠳᠴᠢᠨ ᠵᠢᠴᠢ ᠮᠡᠰᠡ ᠵᠠᠰᠠᠯ ᠤᠨ ᠠᠩᠭᠢᠯᠡᠯ ᠤᠨ ᠺᠣᠲ ︵ᠡᠪᠡᠳᠴᠢᠨ ᠤ ᠠᠩᠭᠢᠯᠡᠯ ᠬᠢᠭᠡᠳ ᠲᠥᠯᠥᠭᠡᠨ ᠤ ᠺᠣᠲ ᠤᠨ ᠤᠯᠤᠰ ᠤᠨ ᠪᠠᠷᠢᠮᠵᠢᠶ᠎ᠠ 2016 ᠣᠨ ᠤ ᠬᠡᠪᠯᠡᠯ᠂ ᠮᠡᠰᠡ ᠵᠠᠰᠠᠯ ᠤᠨ ᠠᠩᠭᠢᠯᠡᠯ ᠤᠨ ᠺᠣᠲ 2017 ᠣᠨ ᠤ ᠬᠡᠪᠯᠡᠯ︶᠎ ᠢ ᠬᠡᠷᠡᠭᠯᠡᠨ᠎ᠡ︔ ᠡᠮᠨᠡᠯᠭᠡ ᠳᠤ ᠰᠠᠭᠤᠬᠤ ᠬᠥᠮᠦᠨ ᠤᠳᠠᠭ᠎ᠠ ᠪᠠ ᠵᠠᠷᠤᠳᠠᠯ ᠢ ᠲᠤᠰᠠᠭᠠᠷ ᠪᠦᠷᠢᠳᠬᠡᠬᠦ ᠪᠠ ᠲᠣᠭᠠᠴᠠᠭ᠎ᠠ ᠬᠢᠨ᠎ᠡ᠂ ᠴᠢᠭ᠋ ᠢᠶᠠᠷ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠨᠢᠭᠡᠴᠢ ᠲᠣᠭᠲᠠᠭᠰᠠᠨ ᠨᠤᠷᠮ᠎ᠠ᠂ ᠬᠥᠮᠦᠨ ᠤᠳᠠᠭ᠎ᠠ ᠶᠢᠨ ᠬᠠᠷᠢᠴᠠᠯ ᠤᠨ ᠭᠦᠢᠴᠡᠳᠬᠡᠬᠦ ᠲᠤᠭ᠎ᠠ ᠶᠢ ᠳ᠋ᠦᠩᠨᠡᠨ ᠪᠤᠳᠤᠬᠤ ᠰᠢᠰᠲ᠋ᠧᠮᠵᠢ ᠳᠤ ᠣᠷᠣᠭᠤᠯᠬᠤ ᠥᠬᠡᠶ᠃      ᠳᠥᠷᠪᠡ ᠳᠤ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠵᠠᠷᠤᠳᠠᠯ ᠢ ᠬᠢᠵᠠᠭᠠᠷᠯᠠᠬᠤ ᠶᠢ ᠴᠢᠩᠭᠠᠳᠬᠠᠵᠦ᠂ ᠪᠣᠳᠠᠲᠠᠶ ᠵᠠᠷᠤᠳᠠᠯ ᠤᠨ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠨᠢ ᠡᠮᠨᠡᠯᠭᠡ ᠶᠢᠨ ᠬᠤᠷᠢᠶ᠎ᠠ ᠥᠪᠡᠷ ᠢᠶᠠᠨ ᠡᠭᠦᠷᠭᠡᠯᠡᠨ᠎ᠠ︔ ᠪᠣᠳᠠᠲᠠᠶ ᠵᠠᠷᠤᠳᠠᠯ ᠤᠨ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠠ ᠠᠴᠠ ᠦᠯᠡᠳᠡᠭᠰᠡᠨ ᠬᠡᠰᠡᠭ ᠢ ᠨᠢ ᠡᠮᠨᠡᠯᠭᠡ ᠶᠢᠨ ᠬᠤᠷᠢᠶ᠎ᠠ ᠶᠢᠨ ᠵᠦᠢ ᠵᠣᠬᠢᠰᠲᠠᠶ ᠣᠷᠣᠯᠭ᠎ᠠ ᠪᠣᠯᠭᠠᠨ᠎ᠠ᠃ ᠡᠯ᠎ᠡ ᠭᠠᠵᠠᠷ ᠤᠨ ᠦᠨ᠎ᠡ ᠬᠠᠩᠰᠢ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠪᠠ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠲᠥᠯᠥᠬᠦ ᠲᠦᠷᠤ ᠶᠢᠨ ᠪᠤᠳᠤᠯᠭ᠎ᠠ ᠶᠢ ᠵᠣᠯᠭᠠᠯᠳᠤᠭᠤᠯᠬᠤ᠂ ᠤᠬᠠᠭᠤᠯᠬᠤ ᠪᠠ ᠮᠡᠳᠡᠭᠡ ᠵᠠᠩᠭᠢ ᠶᠢ ᠪᠦᠷᠢᠳᠬᠡᠬᠦ ᠶᠢ ᠰᠠᠶᠢᠲᠤᠷ ᠬᠢᠵᠦ᠂ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠬᠤ ᠲᠥᠯᠥᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号