ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠥᠳᠥᠭᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2018/1/10
     ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︽2017 ᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠦᠨᠡᠮᠰᠢᠨ ᠲᠤᠭᠲᠠᠭᠠᠬᠤ ᠲᠤᠬᠠᠶ ᠴᠣᠬᠤᠯᠠᠪᠤᠷᠢ︾᠎ ᠶᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ ᠭᠠᠵᠠᠷ 2᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 73᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 7 ᠪᠣᠯᠤᠨ ᠪᠤᠶᠢᠵᠢᠭᠤᠯᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 13᠎ ᠶᠢ ᠵᠥᠪᠰᠢᠶᠡᠷᠡᠨ ᠦᠨᠡᠮᠰᠢᠪᠡ᠃ ᠡᠭᠦᠨ ᠳᠤ᠂ ︽ᠬᠥᠬᠡᠬᠤᠲᠠ ᠶᠢᠨ ᠬᠤᠷᠢᠨᠭᠡᠷ ᠰᠢᠶᠠᠨ ᠤ ᠠᠮᠢ ᠠᠬᠤᠶ ᠶᠢᠨ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ︾ ᠵᠡᠷᠭᠡ 2 ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠵᠢᠭᠦᠯᠬᠦ ᠰᠠᠭᠤᠷᠢᠨ ᠭᠠᠵᠠᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ ᠭᠠᠵᠠᠷ ᠪᠤᠯᠭᠠᠪᠠ︔ ︽᠎ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠵᠦᠢᠯ ᠰᠤᠳᠤᠯᠤᠨ ᠨᠡᠭᠡᠭᠡᠬᠦ ᠲᠥᠪ︾ ᠵᠡᠷᠭᠡ 73 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠵᠤ ᠨᠡᠭᠡᠭᠡᠨ ᠠᠰᠢᠭᠯᠠᠬᠤ ᠲᠦᠪ ᠢᠶᠠᠷ ᠦᠨᠡᠮᠰᠢᠪᠡ︔ ︽᠎ ᠶᠢᠨ ᠴᠢᠶᠣᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ︾ ᠵᠡᠷᠭᠡ 7 ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠬᠦᠯᠤᠬᠦᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠢᠶᠠᠷ ᠦᠨᠡᠮᠰᠢᠪᠡ᠃ ᠡᠭᠦᠨ ᠤ ᠵᠡᠷᠭᠡᠴᠡᠭᠡᠪᠡᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠥᠭᠵᠢᠯᠲᠡ ᠶᠢ ᠵᠤᠷᠢᠭᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠢ ᠳ᠋ᠦ᠋ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ︾ ᠵᠡᠷᠭᠡ 13ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠢ ᠪᠤᠶᠢᠵᠢᠭᠤᠯᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠢᠶᠠᠷ ᠲᠤᠭᠲᠠᠭᠠᠵᠠᠢ᠃      2017 ᠣᠨ ᠤ ᠵᠢᠯ ᠤᠨ ᠡᠴᠦᠰ ᠪᠤᠯᠲᠠᠯ᠎ᠠ᠂ ᠮᠠᠨ ᠤ ᠣᠷᠣᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ 3᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ 9︔ ᠤᠯᠤᠰ ᠤᠨ ᠳᠡᠰ ᠤᠨ ᠡᠯ᠎ᠡ ᠲᠥᠷᠥᠯ ᠤᠨ ᠳᠡᠭᠡᠳᠦ ᠰᠢᠨ᠎ᠡ ᠮᠡᠷᠭᠡᠵᠢᠯ ᠤᠨ ᠰᠠᠭᠤᠷᠢᠨ ᠭᠠᠵᠠᠷ 10᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ ᠭᠠᠵᠠᠷ 39︔ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 11᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 35︔ ᠥᠪᠡᠷᠲᠡᠭᠡᠨ ᠵᠠᠰᠠᠭ ᠣᠷᠣᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 340᠎ ᠲᠠᠢ ᠪᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号