2016 ᠣᠨ ᠳᠤ ᠬᠡᠰᠢᠭᠲᠡᠨ ᠬᠤᠰᠢᠭᠤ ᠪᠣᠯᠤᠨ ᠬᠥᠪᠡᠭᠡᠲᠦ ᠰᠢᠷ᠎ᠠ ᠬᠤᠰᠢᠭᠤ ᠨᠢ ᠪᠦᠬᠦ ᠤᠯᠤᠰ ᠲᠤ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠨ ᠪᠠᠷᠢᠴᠠᠭᠠᠯᠠᠨ ᠵᠢᠭᠡᠯᠡᠯᠭᠡ ᠠᠪᠬᠤ ᠬᠤᠶᠠᠷᠬᠠᠨ ᠪᠠᠶᠢᠬᠤ | ᠲᠤᠷᠰᠢᠯᠲᠠ ᠶᠢᠨ ᠭᠠᠵᠠᠷ ᠣᠷᠣᠨ ᠢᠶᠠᠷ ᠲᠣᠭᠳᠠᠭᠠᠭᠳᠠᠪᠠ᠃ ᠲᠤᠷᠰᠢᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠰᠢ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠢᠳᠡᠪᠬᠢᠲᠡᠶ ᠲᠥᠯᠬᠢᠨ ᠠᠬᠢᠭᠤᠯᠵᠦ᠂ ᠲᠤᠷᠰᠢᠯᠲᠠ | ᠬᠢᠬᠦ ᠭᠠᠵᠠᠷ ᠣᠷᠣᠨ ᠤ ᠵᠠᠰᠠᠭ ᠤᠨ ᠣᠷᠳᠣᠨ ᠪᠣᠳᠠᠲᠠᠶ ᠵᠣᠬᠢᠶᠠᠨ ᠪᠠᠶᠢᠭᠤᠯᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠢᠳᠡᠪᠬᠢᠲᠡᠶ ᠣᠷᠣᠯᠴᠠᠭᠰᠠᠨ ᠠᠴᠠ᠂ ᠪᠦᠷᠢᠨ ᠲᠦᠬᠦᠷ ᠲᠦᠷᠢᠮ ᠪᠣᠯᠤᠨ ᠠᠵᠢᠯᠯᠠᠬᠤ ᠰᠢᠰᠲ᠋ᠧᠮᠵᠢ | ᠪᠦᠷᠢᠯᠳᠦᠵᠦ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠨ ᠪᠠᠷᠢᠴᠠᠭᠠᠯᠠᠨ ᠵᠢᠭᠡᠯᠡᠯᠭᠡ ᠠᠪᠬᠤ | ᠠᠬᠢᠴᠠ ᠤᠷᠤᠭᠰᠢᠲᠠᠶ ᠶᠠᠪᠤᠭᠳᠠᠵᠤ᠂ ᠮᠠᠯᠵᠢᠬᠤ ᠣᠷᠣᠨ ᠤ ᠪᠡᠯᠡ ᠲᠣᠬᠢᠷᠠᠭᠤᠯᠬᠤ ᠬᠡᠮᠵᠢᠶ᠎ᠡ ᠶᠢ ᠨᠡᠮᠡᠭᠳᠡᠭᠦᠯᠦᠨ᠂ | ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ | ᠪᠦᠭᠡᠳ ᠴᠥᠭᠡᠨ ᠲᠣᠭᠠᠲᠤ ᠦᠨᠳᠦᠰᠦᠲᠡᠨ ᠤ ᠮᠠᠯᠵᠢᠬᠤ ᠣᠷᠣᠨ ᠳᠤ ᠪᠡᠯᠡ ᠲᠣᠬᠢᠷᠠᠭᠤᠯᠭ᠎ᠠ ᠪᠠ ᠬᠥᠭᠵᠢᠯᠲᠡ ᠶᠢᠨ | ᠠᠰᠠᠭᠤᠳᠠᠯ ᠶᠢ ᠰᠢᠢᠳᠪᠦᠷᠢᠯᠡᠬᠦ ᠳᠤᠨᠢ ᠲᠤᠷᠰᠢᠯᠭ᠎ᠠ ᠬᠤᠷᠠᠮᠳᠤᠭᠤᠯᠵᠤ ᠥᠭᠴᠡᠢ᠃ 2017 ᠣᠨ ᠤ 11 ᠳ᠋ᠦ᠋ᠭᠡᠷ | ᠰᠠᠷ᠎ᠠ ᠶᠢᠨ ᠡᠴᠦᠰ ᠪᠣᠯᠲᠠᠯ᠎ᠠ᠂ ᠬᠡᠰᠢᠭᠲᠡᠨ ᠬᠤᠰᠢᠭᠤ ᠨᠤᠲᠤᠭ ᠪᠡᠯᠴᠢᠭᠡᠷ ᠤᠨ ᠪᠠᠷᠢᠴᠠᠭᠠᠲᠦ ᠵᠢᠭᠡᠯᠡᠯᠭᠡ ᠶᠢ ᠨᠡᠶᠢᠲᠡ | 7445 ᠲᠦᠮᠡᠨ ᠲᠥᠭᠦᠷᠢᠭ ᠲᠠᠯᠪᠢᠵᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 8135 ᠲᠦᠮᠡᠨ ᠲᠥᠭᠦᠷᠢᠭ | ᠪᠣᠯᠵᠤ᠂ ᠨᠡᠶᠢᠲᠡ 923 ᠬᠤᠪᠢ ᠵᠢᠭᠡᠯᠡᠯᠭᠡ ᠲᠠᠯᠪᠢᠵᠤ᠂ ᠨᠡᠶᠢᠲᠡ ᠮᠠᠯᠵᠢᠬᠤ ᠲᠠᠷᠢᠶᠠᠯᠠᠬᠤ 911 ᠡᠷᠦᠬᠡ ᠪᠣᠯᠤᠨ | ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ 12 ᠪᠡᠶᠡᠴᠢ ᠴᠣᠭᠴᠠ ᠶᠢ ᠳᠡᠮᠵᠢᠵᠡᠢ︔ | ᠬᠥᠪᠡᠭᠡᠲᠦ ᠰᠢᠷ᠎ᠠ ᠬᠤᠰᠢᠭᠤ ᠨᠤᠲᠤᠭ ᠪᠡᠯᠴᠢᠭᠡᠷ ᠤᠨ ᠪᠠᠷᠢᠴᠠᠭᠠᠲᠦ ᠵᠢᠭᠡᠯᠡᠯᠭᠡ ᠶᠢ ᠨᠡᠶᠢᠲᠡ 8605 ᠲᠦᠮᠡᠨ | ᠲᠥᠭᠦᠷᠢᠭ ᠲᠠᠯᠪᠢᠵᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 8255 ᠲᠦᠮᠡᠨ ᠲᠥᠭᠦᠷᠢᠭ ᠪᠣᠯᠵᠤ᠂ ᠨᠡᠶᠢᠲᠡ | 1604 ᠬᠤᠪᠢ ᠵᠢᠭᠡᠯᠡᠯᠭᠡ ᠲᠠᠯᠪᠢᠵᠤ᠂ ᠨᠡᠶᠢᠲᠡ ᠮᠠᠯᠵᠢᠬᠤ ᠲᠠᠷᠢᠶᠠᠯᠠᠬᠤ 1590 ᠡᠷᠦᠬᠡ ᠪᠣᠯᠤᠨ ᠬᠡᠷ ᠪᠦᠯᠢ ᠶᠢᠨ | ᠲᠠᠷᠢᠶᠠᠯᠠᠩ ᠤᠨ 4 ᠲᠠᠯᠠᠪᠠᠢ ᠶᠢ ᠳᠡᠮᠵᠢᠵᠡᠢ᠃ |