ᠪᠦᠬᠦ ᠤᠯᠤᠰ ᠤᠨ ᠠᠩᠬᠠᠳᠠᠭᠴᠢ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠢᠯ ᠲᠦᠷᠦᠯ ᠤᠨ ᠠᠭᠤᠷ ᠤᠲᠤᠭᠠᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠦᠭᠡᠢ ᠪᠠᠶᠢᠯᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠨᠢ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2018/1/11
      ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠤ ᠠᠬᠤᠶᠢᠯᠠᠯ ᠤᠨ ᠣᠷᠴᠢᠨ ᠲᠣᠭᠤᠷᠢᠨ ᠳᠤ ᠦᠵᠡᠭᠦᠯᠬᠦ ᠨᠦᠯᠦᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠤ ᠠᠬᠤᠶᠢᠯᠠᠯ ᠤᠨ ᠠᠭᠤᠷ ᠤᠲᠤᠭᠠᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠦᠭᠡᠢ ᠪᠠᠶᠢᠯᠭᠠᠬᠤ ᠪᠡᠶᠡᠯᠡᠭᠦᠯᠬᠦ ᠶᠢᠨ ᠲᠤᠰᠠᠳᠠ᠂ ︽ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠᠷ ᠲᠤᠰᠬᠠᠭᠰᠠᠨ ᠰᠠᠨᠠᠯ ᠤᠨ ᠲᠤᠬᠠᠢ ᠲᠦᠩᠯᠢᠶᠣᠤ ᠬᠤᠲᠠ ᠶᠢᠨ ᠴᠡᠭᠴᠡᠯᠡᠨ ᠦᠭᠡᠷᠡᠴᠢᠯᠡᠬᠦ ᠲᠥᠰᠦᠯ ︾᠎ ᠤᠨ ᠱᠠᠭᠠᠷᠳᠠᠯᠭ᠎ᠠ ᠶᠣᠰᠣᠭᠠᠷ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ᠲᠦᠩᠯᠢᠶᠣᠤ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠨᠢ ᠴᠡᠭᠴᠡᠯᠡᠨ ᠥᠭᠡᠷᠡᠴᠢᠯᠡᠬᠦ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠣᠰᠣᠭᠠᠷ ᠡᠭᠦᠷᠭᠡ ᠪᠠᠨ ᠴᠢᠩᠭ᠎ᠠ ᠨᠠᠶᠢᠳᠠᠪᠤᠷᠢᠵᠢᠭᠤᠯᠬᠤ ᠪᠠᠷ ᠰᠢᠢᠳᠴᠡᠢ᠃      ᠲᠦᠩᠯᠢᠶᠣᠤ ᠬᠤᠲᠠ 2016 ᠣᠨ ᠳᠤ ᠬᠤᠩ ᠵᠢᠶᠦ᠋ᠨ ᠬᠦᠩᠭᠡᠨ ᠴᠠᠭᠠᠨ ᠴᠠᠬᠢᠯᠭᠠᠨ ᠤ ᠺᠣᠮᠫᠠᠨᠢ᠂ ᠶᠢᠨ ᠯᠢᠶᠠᠨ ᠬᠥᠩᠭᠡᠨ ᠴᠠᠭᠠᠨ ᠤ ᠮᠠᠲ᠋ᠧᠷᠢᠶᠠᠯ ᠤᠨ ᠺᠣᠮᠫᠠᠨᠢ ᠳᠤ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠤ ᠠᠬᠤᠶᠢᠯᠠᠯ ᠤᠨ ᠠᠭᠤᠷ ᠤᠲᠤᠭᠠᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠦᠭᠡᠢ ᠪᠠᠶᠢᠯᠭᠠᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠪᠡ᠃ 2017 ᠣᠨ ᠳᠤ᠂ ᠴᠤᠸᠠᠩ ᠶᠤᠸᠠᠨ ᠦᠩᠭᠡᠲᠦ ᠲᠡᠮᠦᠷᠯᠢᠭ ᠤᠨ ᠺᠣᠮᠫᠠᠨᠢ ᠳᠤ ᠵᠢᠱᠢᠶ᠎ᠡ ᠦᠵᠡᠭᠦᠯᠬᠦ ᠢᠨᠵᠧᠨᠧᠷᠢᠩ ᠬᠢᠭᠡᠳ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠠᠬᠢᠭᠤᠯᠪᠠ᠃ ᠣᠶᠢᠯᠠᠭᠠᠭᠰᠠᠨ ᠢᠶᠠᠷ᠂ ᠲᠤᠰ ᠵᠢᠱᠢᠶ᠎ᠡ ᠦᠵᠡᠭᠦᠯᠬᠦ ᠢᠨᠵᠧᠨᠧᠷᠢᠩ ᠨᠢ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠤᠨ ᠵᠢᠯᠣᠭᠤᠳᠤᠯᠭ᠎ᠠ ᠪᠠᠷ ᠳᠠᠮᠵᠢᠵᠤ᠂ ᠴᠠᠬᠢᠯᠭᠠᠨ ᠬᠦᠴᠦᠨ ᠤ ᠠᠵᠢᠯ ᠲᠦᠷᠥᠯ ᠤᠨ ᠴᠤᠬᠤᠢ ᠶᠢᠨ ᠴᠢᠯᠠᠭᠤ — ᠵᠤᠭᠠᠩ ᠠᠭᠤᠰᠤᠮᠠᠯ ᠢᠶᠠᠷ ᠴᠡᠪᠡᠷᠰᠢᠭᠦᠯᠬᠦ ᠮᠡᠷᠭᠡᠵᠢᠯ ᠢ ᠬᠡᠷᠡᠭᠯᠡᠵᠦ᠂ ᠭᠠᠳᠠᠭᠰᠢᠯᠠᠭᠤᠯᠤᠯᠲᠠ ᠶᠢᠨ ᠪᠠᠷᠢᠮᠵᠢᠶᠠᠨ ᠳᠤ ᠬᠦᠷᠦᠭᠦᠯᠦᠭᠰᠡᠨ ᠰᠠᠭᠤᠷᠢᠨ ᠳᠡᠭᠡᠷ᠎ᠡ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠤ ᠠᠬᠤᠶᠢᠯᠠᠯ ᠤᠨ ᠠᠭᠤᠷ ᠤᠲᠤᠭ᠎ᠠ ᠶᠢ ᠤᠯᠠᠮ ᠭᠦᠨᠵᠡᠭᠡᠶ ᠴᠡᠪᠡᠷᠰᠢᠭᠦᠯᠵᠦ᠂ ᠡᠭᠦᠨ ᠤ ᠤᠯᠠᠮ ᠢᠶᠠᠷ ᠭᠠᠳᠠᠭᠰᠢᠯᠠᠭᠤᠯᠤᠯᠲᠠ ᠦᠭᠡᠢ ᠪᠠᠶᠢᠯᠭᠠᠬᠤ ᠶᠢ ᠪᠡᠶᠡᠯᠡᠭᠦᠯᠦᠨ᠎ᠡ᠃ ᠪᠠᠷᠢᠯᠭ᠎ᠠ ᠶᠢ ᠪᠠᠷᠢᠵᠤ ᠳᠠᠭᠤᠰᠬᠠᠭᠰᠠᠨ ᠤ ᠳᠠᠷᠠᠭ᠎ᠠ᠂ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠤ ᠠᠬᠤᠶᠢᠯᠠᠯ ᠤᠨ ᠠᠭᠤᠷ ᠤᠳᠤᠭᠠᠨ ᠳᠣᠲᠣᠷᠠᠬᠢ ︽ᠹᠯᠣᠷᠲᠤ ᠨᠢᠭᠡᠳᠪᠦᠷᠢ︾᠎ ᠶᠢ ᠤᠳᠤ ᠶᠢᠨ ᠬᠡᠷᠡᠭᠵᠢᠭᠦᠯᠵᠦ ᠪᠠᠶᠢᠭ᠎ᠠ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠭᠰᠡᠨ ᠰᠠᠭᠤᠷᠢᠨ ᠳᠡᠭᠡᠷ᠎ᠡ ᠭᠠᠳᠠᠭᠰᠢᠯᠠᠭᠤᠯᠤᠯᠲᠠ ᠶᠢ ᠳᠠᠬᠢᠨ 90%᠎ ᠠᠴᠠ ᠳᠡᠭᠡᠭᠰᠢ ᠪᠠᠭᠠᠰᠬᠠᠬᠤ ᠪᠣᠯᠣᠨ᠎ᠠ ᠃      2017 ᠣᠨ ᠤ 10 ᠳ᠋ᠤᠭᠠᠷ ᠰᠠᠷ᠎ᠠ ᠶᠢᠨ 31᠎ ᠤ ᠡᠳᠦᠷ᠂ ᠪᠦᠬᠦ ᠤᠯᠤᠰ ᠤᠨ ᠠᠩᠬᠠᠳᠠᠭᠴᠢ ᠴᠠᠬᠢᠯᠭᠠᠨ ᠵᠠᠳᠠᠯᠤᠯᠲᠠ ᠶᠢᠨ ᠬᠥᠩᠭᠡᠨᠴᠠᠭᠠᠨ ᠤ ᠠᠵᠢᠯ ᠲᠦᠷᠦᠯ ᠤᠨ ᠠᠭᠤᠷ ᠤᠲᠤᠭᠠᠨ ᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠦᠭᠡᠢ ᠪᠠᠶᠢᠯᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠨᠢ ᠲᠦᠩᠯᠢᠶᠣᠤ ᠬᠤᠲᠠ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠲᠤᠰ ᠲᠦᠷᠦᠯ ᠵᠦᠢᠯ ᠤᠨ ᠠᠰᠢᠭᠯᠠᠯᠲᠠ ᠳᠤ ᠣᠷᠤᠭᠰᠠᠨ ᠨᠢ᠂ ᠲᠦᠩᠯᠢᠶᠣᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠲᠦᠩᠯᠢᠶᠣᠤ ᠬᠤᠳᠠ ᠶᠢᠨ ᠨᠡᠭᠦᠷᠡᠰᠦ ᠴᠠᠬᠢᠯᠭᠠᠨ ᠬᠥᠩᠭᠡᠨᠴᠠᠭᠠᠨ ᠤ ᠠᠵᠤ ᠦᠶᠯᠡᠰ ᠤᠨ ᠬᠥᠭᠵᠢᠯᠲᠡ ᠳᠤ ᠪᠣᠬᠢᠷᠲᠤᠯ ᠢ ᠬᠢᠵᠠᠭᠠᠷᠯᠠᠬᠤ ᠮᠡᠷᠭᠡᠵᠢᠯ ᠤᠨ ᠲᠦᠰᠢᠭ ᠲᠤᠯᠭᠠᠭᠤᠷᠢ ᠬᠠᠩᠭᠠᠵᠦ ᠥᠭᠭᠦᠭᠰᠡᠨ ᠪᠦᠭᠡᠳ ᠪᠦᠬᠦ ᠤᠯᠤᠰ ᠤᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ ᠤ ᠠᠵᠢᠯ ᠲᠦᠷᠦᠯ ᠤᠨ ᠬᠥᠭᠵᠢᠯᠲᠡ ᠳᠤ ᠴᠦ ᠳᠠᠭᠤᠷᠢᠶᠠᠵᠤ ᠪᠣᠯᠬᠤᠶᠢᠴᠠ ᠮᠡᠷᠭᠡᠵᠢᠯ ᠤᠨ ᠵᠢᠱᠢᠶ᠎ᠡ ᠦᠵᠡᠭᠦᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号