ᠥᠪᠥᠷ ᠮᠣᠩᠭᠤᠯ ᠤᠨ ᠭᠤᠣᠯ ᠮᠦᠷᠡᠨ ᠨᠠᠭᠤᠷ ᠪᠦᠷᠢᠳᠦ ᠶᠢ ᠬᠠᠮᠢᠶᠠᠷᠬᠤ ᠪᠠ ᠬᠠᠮᠠᠭᠠᠯᠠᠬᠤ ᠠᠵᠢᠯᠯᠠᠭ᠎ᠠ ᠶᠠᠭ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2018/1/11
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ᠂ ᠬᠤᠰᠢᠭᠤ ᠰᠢᠶᠠᠨ ᠲᠤᠰ ᠲᠤᠰ ᠭᠤᠣᠯ ᠤᠨ ᠳᠠᠷᠤᠭ᠎ᠠ ᠨᠠᠷ ᠤᠨ ᠬᠤᠷᠠᠯ ᠬᠢᠬᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠠᠵᠢᠯ ᠢ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠵᠤ ᠬᠠᠷᠢᠭᠤᠴᠠᠯᠭ᠎ᠠ ᠲᠤᠯᠭᠠᠬᠤ ᠪᠠ ᠤᠷᠠᠮᠰᠢᠭᠤᠯᠬᠤ᠂ ᠰᠢᠯᠭᠠᠨ ᠠᠪᠬᠤ ᠵᠡᠷᠭᠡ ᠵᠢᠷᠭᠤᠭᠠᠨ ᠵᠦᠢᠯ ᠤᠨ ᠪᠣᠳᠠᠲᠠᠶ ᠠᠵᠢᠯ ᠤᠨ ᠳᠦᠷᠢᠮ ᠢ ᠪᠠᠶᠢᠭᠤᠯᠵᠤ᠂ ᠭᠤᠣᠯ ᠤᠨ ᠳᠠᠷᠤᠭ᠎ᠠ ᠶᠢᠨ  ᠳᠦᠷᠢᠮᠲᠦ ᠬᠢᠨᠠᠨ ᠵᠢᠯᠤᠭᠤᠳᠴᠤ ᠪᠠᠶᠢᠴᠠᠭᠠᠬᠤ᠂ ᠦᠨᠳᠦᠰᠦᠨ ᠱᠠᠲᠤᠨ ᠤ ᠭᠤᠣᠯ ᠤᠨ ᠳᠠᠷᠤᠭ᠎ᠠ ᠲᠣᠭᠤᠷᠢᠨ ᠪᠠᠶᠢᠴᠠᠭᠠᠬᠤ᠂ ᠭᠤᠣᠯ ᠮᠥᠷᠡᠨ ᠨᠠᠭᠤᠷ ᠪᠦᠷᠢᠲᠦ ᠶᠢᠨ ᠨᠡᠷᠡᠰ ᠤᠨ ᠡᠭᠡ ᠲᠠᠩᠰᠠ ᠪᠠᠶᠢᠭᠤᠯᠬᠤ ᠵᠡᠷᠭᠡ ᠠᠵᠢᠯ ᠤᠨ ᠪᠠᠶᠢᠡᠭᠭᠤᠵᠢᠭᠰᠠᠨ ᠠᠷᠭ᠎ᠠ ᠬᠡᠮᠵᠢᠶ᠎ᠡ ᠶᠢ ᠲᠤᠭᠲᠠᠭᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠭᠤᠣᠯ ᠪᠣᠯᠬᠤ 5 ᠭᠤᠣᠯ ᠮᠥᠷᠡᠨ᠂ 3 ᠨᠠᠭᠤᠷ ᠴᠥᠭᠦᠷᠥᠮ ᠳᠤ ︽ᠨᠢᠭᠡ ᠭᠤᠣᠯ ᠳᠤ ᠨᠢᠭᠡ ᠠᠷᠭ᠎ᠠ ᠪᠣᠳᠣᠯᠭ᠎ᠠ ᠠᠪᠬᠤ︾ ᠬᠠᠮᠢᠶᠠᠷᠤᠯᠲᠠ ᠪᠤᠯᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠤᠰ ᠲᠤᠰ ᠲᠤᠨᠢ ᠬᠡᠷᠡᠭᠵᠢᠭᠦᠯᠬᠦ ᠲᠥᠰᠦᠯ ᠨᠠᠶᠢᠷᠠᠭᠤᠯᠤᠨ ᠵᠤᠬᠢᠶᠠᠭᠰᠠᠨ ᠪᠠᠶᠢᠨ᠎ᠠ᠃ ᠡᠯ᠎ᠡ ᠱᠠᠲᠤᠨ ᠤ ᠭᠤᠣᠯ ᠤᠨ ᠳᠠᠷᠤᠭ᠎ᠠ ᠶᠢᠨ ᠠᠯᠪᠠᠨ ᠭᠡᠷ ᠨᠢ ᠭᠤᠣᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠲᠤᠭᠤᠷᠢᠨ ᠳᠤ᠂ ᠰᠢᠮᠳᠠᠭᠤᠯᠤᠨ ᠪᠠᠶᠢᠴᠠᠭᠠᠬᠤ ᠰᠢᠯᠭᠠᠨ ᠠᠪᠬᠤ ᠠᠵᠢᠯ ᠢ ᠱᠠᠳᠤ ᠳᠠᠷᠠᠭᠠᠯᠠᠨ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠪᠠ᠃ ᠡᠯ᠎ᠡ ᠱᠠᠲᠤᠨ ᠤ ᠭᠤᠣᠯ ᠤᠨ ᠳᠠᠷᠤᠭ᠎ᠠ ᠨᠠᠷ ᠭᠤᠣᠯ ᠮᠦᠷᠡᠨ ᠢ ᠲᠠᠨᠢᠬᠤ᠂ ᠭᠤᠣᠯ ᠮᠦᠷᠡᠨ ᠢ ᠴᠠᠭᠳᠠᠬᠤ᠂ ᠭᠤᠣᠯ ᠮᠦᠷᠡᠨ ᠢ ᠬᠠᠮᠠᠭᠠᠯᠠᠬᠤ᠂ ᠭᠤᠣᠯ ᠮᠥᠷᠡᠨ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠶᠢᠨ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠪᠡ᠃ 2017 ᠣᠨ ᠠᠴᠠ ᠨᠠᠰᠢ᠂ ᠡᠯ᠎ᠡ ᠱᠠᠲᠤᠨ ᠤ ᠭᠤᠣᠯ ᠤᠨ ᠳᠠᠷᠤᠭ᠎ᠠ ᠨᠠᠷ ᠭᠤᠤᠯ ᠮᠦᠷᠡᠨ ᠢ ᠨᠡᠶᠢᠲᠡ 2036 ᠬᠦᠮᠦᠨ ᠤᠳᠠᠭ᠎ᠠ ᠴᠠᠭᠳᠠᠵᠤ᠂ ᠬᠠᠤᠯᠢ ᠶᠢ ᠵᠥᠷᠢᠴᠡᠭᠰᠡᠨ 130 ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠠᠢ᠃      ᠥᠪᠡᠷᠲᠡᠭᠡᠨ ᠵᠠᠰᠠᠬᠤ ᠣᠷᠣᠨ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ᠂ ᠤᠰᠤᠨ ᠤ  ᠴᠢᠳᠠᠮᠵᠢ ᠶᠢᠨ ᠣᠷᠣᠨ ᠤ ᠪᠤᠬᠢᠷᠳᠤᠯ ᠪᠣᠳᠠᠰ ᠢ ᠬᠢᠵᠠᠭᠠᠷᠯᠠᠬᠤ ︽ᠭᠤᠷᠪᠠᠨ ᠵᠤᠷᠪᠤᠰ ᠬᠤᠷᠢᠭ᠎ᠠ ᠱᠤᠭᠤᠮ︾᠎ ᠤᠨ ᠬᠢᠵᠠᠭᠠᠷᠯᠠᠬᠤ ᠬᠦᠢᠴᠡᠳᠭᠡᠯ ᠲᠤᠭ᠎ᠠ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠪᠦᠬᠦᠨ ᠢ ᠬᠠᠮᠤᠷᠤᠭᠰᠠᠨ ᠪᠠᠶᠢᠨ᠎ᠠ᠃ ᠤᠰᠤᠨ ᠤ ᠴᠢᠳᠠᠮᠵᠢ ᠶᠢᠨ ᠣᠷᠣᠨ ᠪᠤᠯᠤᠨ ᠭᠤᠣᠯ ᠮᠦᠷᠡᠨ ᠨᠠᠭᠤᠷ ᠪᠦᠷᠢᠳᠦ ᠳᠤ ᠪᠤᠬᠢᠷᠳᠤᠯ ᠪᠤᠳᠠᠰ ᠭᠠᠳᠠᠭᠰᠢᠯᠠᠭᠤᠯᠬᠤ ᠠᠮᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠥᠬᠦ ᠣᠷᠣᠨ ᠤ 579 ᠤᠰᠤᠨ ᠤ  ᠴᠢᠳᠠᠮᠵᠢ ᠶᠢᠨ ᠣᠷᠣᠨ ᠪᠤᠯᠤᠨ ᠭᠤᠤᠯ ᠮᠦᠷᠡᠨ ᠳᠤ ᠪᠤᠬᠢᠷᠳᠤᠯ ᠪᠤᠳᠠᠰ ᠭᠠᠳᠠᠭᠰᠢᠯᠠᠭᠤᠯᠬᠤ 278 ᠠᠮᠠ ᠳᠤ ᠬᠢᠨᠠᠨ ᠬᠡᠮᠵᠢᠯᠲᠡ ᠬᠢᠬᠦ ᠶᠢ ᠪᠦᠷᠢᠨ ᠪᠦᠷᠬᠦᠬᠦᠯᠪᠡ᠃ 2017 ᠣᠨ ᠳᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠭᠤᠣᠯ ᠮᠥᠷᠡᠨ ᠨᠠᠭᠤᠷ ᠪᠦᠷᠢᠳᠦ ᠶᠢᠨ ᠤᠰᠤᠨ ᠤ ᠴᠢᠳᠠᠮᠵᠢ ᠶᠢᠨ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ ᠵᠢᠱᠢᠯᠲᠡ ᠪᠠᠷ 66%᠎ ᠳᠤ ᠬᠦᠷᠴᠦ᠂ 2013 ᠣᠨ ᠤ ᠬᠢ ᠠᠴᠠ 34 ᠵᠠᠭᠤᠨ ᠤ ᠴᠡᠭ ᠳᠡᠭᠡᠭᠰᠢᠯᠡᠪᠡ᠃ ᠥᠪᠥᠷ ᠮᠣᠩᠭᠤᠯ ᠤᠨ ᠬᠠᠲᠤᠨ ᠭᠤᠣᠯ ᠤᠨ ᠭᠤᠣᠯ ᠤᠷᠤᠰᠬᠠᠯ ᠤᠨ ᠴᠢᠳᠠᠮᠵᠢ ᠶᠢᠨ ᠣᠷᠣᠨ ᠤ ᠤᠶᠢᠷ᠎ᠠ ᠶᠢᠨ ᠭᠤᠷᠪᠠᠨ ᠵᠢᠯ ᠳᠠᠬᠢ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ ᠵᠢᠯ ᠳᠠᠷᠠᠭᠠᠯᠠᠨ ᠳᠡᠭᠡᠭᠰᠢᠯᠡᠵᠤ᠂ ᠤᠰᠤᠨ ᠤ ᠴᠢᠨᠠᠷ ᠨᠢ ᠢᠯᠡᠳᠲᠡ ᠰᠠᠶᠢᠵᠢᠷᠠᠪᠠ᠃ ᠬᠥᠯᠥᠨ ᠨᠠᠭᠤᠷ ᠤᠨ ᠤᠰᠤᠨ ᠤ ᠲᠠᠯᠠᠪᠠᠶ ᠨᠢ ᠶᠡᠬᠡᠰᠴᠦ᠂ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ ᠨᠢ 1 ᠳᠠᠬᠢᠨ ᠢᠶᠠᠷ ᠨᠡᠮᠡᠭᠳᠡᠵᠦ᠂ ᠨᠤᠭᠤ ᠭᠠᠵᠠᠷ ᠤᠨ ᠲᠠᠯᠠᠪᠠᠢ ᠨᠢ 300 ᠲᠡᠭᠰᠢ ᠳᠥᠷᠪᠡᠯᠵᠢᠨ ᠺᠢᠯᠣᠮᠧᠲᠷ ᠤᠷᠴᠢᠮ ᠰᠡᠷᠭᠦᠪᠡ᠃ ᠤᠯᠠᠭᠠᠨ ᠰᠤᠬᠠᠶ ᠨᠢ ᠰᠦᠡᠭ ᠬᠤᠪᠢᠶᠠᠷᠢᠯᠠᠨ ᠤᠰᠤ ᠨᠥᠬᠦᠪᠥᠷᠢᠯᠡᠬᠦ ᠪᠠᠷ ᠳᠠᠮᠵᠢᠨ᠂ ᠨᠠᠭᠤᠷ ᠤᠨ ᠣᠷᠣᠨ ᠤ ᠪᠦᠬᠦᠯᠢ ᠴᠣᠭᠴᠠ ᠶᠢᠨ ᠤᠰᠤᠨ ᠤ ᠴᠢᠨᠠᠷ ᠨᠢ 2008 ᠣᠨ ᠳᠤ ᠶᠠᠰᠤ ᠴᠢᠨᠠᠷ ᠮᠠᠭᠤᠲᠠᠶ ᠲᠠᠪᠤᠳᠤᠭᠠᠷ ᠲᠥᠷᠥᠯ ᠪᠠᠶᠢᠭᠰᠠᠨ ᠠᠴᠠ ᠪᠠᠨ ᠰᠠᠶᠢᠵᠢᠷᠠᠭᠠᠳ ᠲᠠᠪᠤᠳᠤᠭᠠᠷ ᠲᠥᠷᠥᠯ ᠤᠨ ᠪᠠᠷᠢᠮᠵᠢᠶ᠎ᠠ ᠳᠤ ᠬᠦᠷᠴᠦ᠂ ᠬᠡᠰᠡᠭ ᠵᠠᠷᠢᠮ ᠨᠢ ᠳᠦᠷᠪᠡᠳᠦᠭᠡᠷ ᠲᠥᠷᠥᠯ ᠤᠨ ᠪᠠᠷᠢᠮᠵᠢᠶ᠎ᠠ ᠳᠤ ᠬᠦᠷᠪᠡ᠃      ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠨᠠᠭᠤᠷ ᠤᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠰᠠᠭᠤᠷᠢ ᠠᠵᠢᠯ ᠢ ᠪᠦᠬᠦ ᠲᠠᠯ᠎ᠠ ᠪᠠᠷ ᠢᠳᠡᠪᠬᠢᠲᠡᠶ ᠰᠠᠶᠢᠲᠤᠷ ᠬᠢᠵᠦ᠂ ᠭᠤᠣᠯ ᠮᠦᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠪᠤᠯᠤᠨ ᠬᠠᠮᠠᠭᠠᠯᠠᠯᠲᠠ ᠶᠢᠨ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠣᠯ ᠮᠦᠷᠡᠨ ᠨᠠᠭᠤᠷ ᠪᠦᠷᠢᠳᠦ ᠶᠢᠨ ᠳᠠᠷᠤᠭ᠎ᠠ ᠶᠢᠨ  ᠠᠵᠢᠯᠯᠠᠭ᠎ᠠ ᠶᠢ ᠠᠷᠠᠳ ᠲᠤ ᠦᠨᠡᠨ ᠬᠦ ᠬᠠᠷᠠᠭᠤᠯᠵᠤ  ᠂ ᠭᠤᠣᠯ ᠮᠥᠷᠡᠨ ᠨᠠᠭᠤᠷ ᠪᠦᠷᠢᠳᠦ ᠶᠢᠨ ᠣᠷᠴᠢᠨ ᠲᠣᠭᠤᠷᠢᠨ ᠤ ᠢᠳᠡᠪᠬᠢᠲᠡᠶ ᠬᠤᠪᠢᠷᠠᠯᠲᠠ ᠶᠢ ᠮᠡᠳᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号