ᠪᠦᠬᠦ ᠤᠷᠤᠨ ᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠤᠭᠰᠠᠨ ᠪᠠᠶᠢᠳᠠᠯ ᠤᠨ ᠳᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/1/12
     1 ᠳ᠋ᠤᠭᠡᠷ ᠰᠠᠷ᠎ᠠ ᠶᠢᠨ 11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠤᠭᠰᠠᠨ ᠪᠠᠶᠢᠳᠠᠯ ᠤᠨ ᠳᠤᠬᠠᠢ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠤ᠂ 2014 ᠤᠨ ᠠᠴᠠ ᠨᠠᠰᠢᠬᠢ ᠮᠠᠨ ᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢᠨ ᠠᠮᠵᠢᠯᠳᠠ ᠪᠦᠳᠦᠮᠵᠢ ᠶᠢ ᠳᠠᠨᠢᠯᠴᠠᠭᠤᠯᠬᠤ ᠶᠢᠨ ᠬᠠᠮᠳᠤ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠵᠡᠢ᠃ ᠤᠶᠢᠯᠠᠭᠠᠭᠰᠠᠨ ᠢᠶᠠᠷ᠂ ᠮᠠᠨ ᠤ ᠤᠷᠤᠨ 2017 ᠤᠨ ᠤ 9 ᠳ᠋ᠤᠭᠡᠷ ᠰᠠᠷ᠎ᠠ ᠶᠢᠨ 30᠎ ᠤ ᠡᠳᠦᠷ ︽ᠤᠯᠠᠨ ᠦᠨᠡᠮᠯᠡᠯ ᠢ ᠨᠡᠶᠢᠳᠭᠡᠵᠤ᠂ ᠨᠢᠭᠡ ᠦᠨᠡᠮᠯᠡᠯ ᠨᠢᠭᠡ ᠺᠤᠳ᠋︾ ᠎ ᠤᠨ ᠳᠠᠩᠰᠠᠯᠠᠭᠤᠯᠬᠤ ᠲᠦᠷᠢᠮ ᠤᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂ ᠤᠳᠤᠬᠠᠨ ᠪᠤᠯᠳᠠᠯ᠎ᠠ 10.29 ᠲᠦᠮᠡᠨ ᠠᠵᠤ ᠠᠬᠤᠶᠢᠯᠠᠯ ︽ᠤᠯᠠᠨ ᠦᠨᠡᠮᠯᠡᠯ ᠢ ᠨᠡᠶᠢᠳᠭᠡᠭᠰᠡᠨ︾ ᠡᠵᠡᠩᠨᠡᠯᠳᠡ ᠶᠢᠨ ᠦᠨᠡᠮᠯᠡᠯ ᠲᠠᠢ ᠪᠤᠯᠵᠠᠢ᠃      ᠤᠶᠢᠷ᠎ᠠ ᠶᠢᠨ ᠬᠡᠳᠦᠨ ᠵᠢᠯ ᠳᠤ᠂ ᠮᠠᠨ ᠤ ᠤᠷᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠰᠠᠶᠢᠲᠤᠷ ᠠᠬᠢᠭᠤᠯᠵᠤ᠂ ᠵᠠᠬ᠎ᠠ ᠳᠡᠯᠡᠭᠡᠭᠦᠷ ᠲᠤ ᠤᠷᠤᠬᠤ ᠵᠦᠪᠰᠢᠶᠡᠷᠡᠯ ᠢ ᠠᠭᠤᠵᠢᠭᠤ ᠳᠠᠯᠪᠢᠭᠰᠠᠨ ᠳᠠᠯ᠎ᠠ ᠪᠠᠷ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠳᠠᠩᠰᠠᠯᠠᠬᠤ ᠶᠠᠪᠤᠴᠠ ᠶᠢ ᠳᠦᠬᠦᠮ ᠪᠤᠯᠭᠠᠵᠤ᠂ ᠤᠷᠢᠳᠠᠪᠡᠷ ᠡᠵᠡᠩᠨᠡᠯᠳᠡ ᠶᠢᠨ ᠬᠡᠷᠡᠴᠢ ᠠᠪᠴᠦ ᠳᠠᠷᠠᠭ᠎ᠠ ᠪᠠᠷ ᠨᠢ ᠬᠠᠮᠢᠶ᠎ᠠ ᠪᠦᠬᠦᠢ ᠵᠦᠪᠰᠢᠶᠡᠷᠡᠯ ᠤᠨ ᠭᠠᠷ ᠬᠦᠢᠴᠡᠳᠭᠡᠯ ᠬᠢᠭᠦ ᠦᠭᠡᠷᠡᠴᠢᠯᠡᠯᠳᠡ ᠶᠢ ᠠᠬᠢᠭᠤᠯᠤᠨ᠂ ᠦᠨᠡᠮᠯᠡᠯ ᠬᠡᠷᠡᠴᠢ ᠶᠢ ᠨᠡᠶᠢᠳᠭᠡᠬᠦ ᠦᠭᠡᠷᠡᠴᠢᠯᠡᠯᠳᠡ ᠶᠢ ᠬᠡᠷᠡᠭᠵᠢᠭᠦᠯᠵᠤ᠂ ᠠᠵᠤ ᠠᠬᠤᠶᠢᠢᠯᠠᠯ ᠤᠨ ᠬᠢᠨ ᠤ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠳᠤᠭᠳᠠᠴᠠ ᠶᠢ ᠳᠡᠭᠦᠯᠳᠡᠷᠵᠢᠭᠦᠯᠪᠡ︔ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠬᠢᠨᠠᠨ ᠬᠠᠮᠢᠶᠠᠷᠤᠯᠳᠠ ᠶᠢ ᠴᠢᠩᠭᠠᠳᠬᠠᠬᠤ ᠳᠠᠯ᠎ᠠ ᠪᠠᠷ᠂ ᠡᠵᠡᠩᠨᠡᠯᠳᠡ ᠨᠢ ᠬᠡᠪ ᠤᠨ ᠪᠤᠰᠤ ᠨᠡᠷᠡᠰ ᠤᠨ ᠵᠢᠭᠰᠠᠭᠠᠯ ᠤᠨ ᠲᠦᠷᠢᠮ ᠪᠤᠯᠤᠨ ᠬᠦᠨᠳᠤ ᠨᠤᠴᠢᠳᠠᠢ ᠬᠠᠤᠯᠢ ᠠᠴᠠ ᠵᠦᠷᠢᠴᠡᠭᠰᠡᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯ ᠤᠨ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠮᠡᠳᠡᠭᠡ ᠵᠠᠩᠬᠢ ᠶᠢ ᠢᠯᠡ ᠨᠡᠶᠢᠲᠡᠯᠡᠬᠦ ᠲᠦᠷᠢᠮ ᠬᠢᠨᠠᠨ ᠬᠠᠮᠢᠶᠠᠷᠤᠯᠳᠠ ᠶᠢᠨ ᠲᠦᠷᠢᠮ᠂ ᠬᠠᠮᠵᠢᠯᠴᠠᠨ ᠬᠢᠨᠠᠨ ᠬᠠᠮᠢᠶᠠᠷᠤᠯᠳᠠ ᠬᠢᠭᠦ ᠪᠠ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠪᠠ︔ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠳᠠᠯ᠎ᠠ ᠪᠠᠷ᠂ ᠳᠠᠸᠠᠷ ᠤᠨ ᠳᠡᠮᠳᠡᠭ ᠲᠦᠷᠦᠯ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠶᠡᠭᠡᠪᠡᠷ ᠬᠡᠷᠡᠭᠵᠢᠭᠦᠯᠵᠤ᠂ ᠪᠦᠬᠦ ᠤᠷᠤᠨ ᠤ ᠪᠢᠴᠢᠯ ᠵᠢᠵᠢᠭ ᠠᠵᠤ ᠠᠬᠤᠶᠢᠯᠠᠯ ᠤᠨ ᠨᠡᠷᠡᠰ ᠤᠨ ᠰᠢᠰᠲ᠋ᠧᠮ ᠢ ᠪᠠᠶᠢᠭᠤᠯᠤᠨ᠂ ᠦᠯᠦ ᠬᠦᠳᠡᠯᠭᠦ ᠬᠦᠷᠦᠩᠭᠡ ᠠᠴᠠ ᠪᠤᠰᠤᠤᠨ ᠡᠳ᠋ ᠭᠦᠷᠦᠩᠭᠡ ᠪᠠᠨ ᠪᠠᠷᠢᠴᠠᠭᠠᠯᠠᠬᠤ ᠪᠠ ᠰᠲ᠋ᠤᠺ ᠤᠨ ᠡᠷᠭᠡ ᠪᠠᠨ ᠪᠠᠷᠢᠴᠠᠭᠠᠯᠠᠨ ᠳᠠᠨᠵᠢᠯᠠᠬᠤ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠠᠷᠤᠭᠠᠰᠤ ᠶᠢ ᠬᠦᠩᠭᠡᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号