ᠦᠪᠡᠷᠳᠡᠭᠡᠨ ᠵᠠᠰᠠᠬᠤ ᠤᠷᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠤᠬᠠᠢ ᠶᠢᠨ ᠲᠠᠯᠠᠪᠡᠢ ᠳᠤ ᠬᠢᠨᠠᠨ ᠰᠢᠯᠭᠠᠬᠤ ᠭᠤᠷᠪᠠᠳᠤᠭᠠᠷ ᠬᠢᠨᠠᠨ ᠰᠢᠯᠭᠠᠬᠤ ᠳᠤᠭᠤᠶᠢᠯᠠᠩ ᠳᠤ ᠠᠵᠢᠯ ᠤᠨ ᠬᠠᠷᠢᠭᠤ ᠮᠡᠳᠡᠬᠦᠯᠤᠯᠳᠠ ᠬᠢᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/1/12
      1 ᠳ᠋ᠤᠭᠡᠷ ᠰᠠᠷ᠎ᠠ ᠶᠢᠨ 10᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠤᠬᠠᠢ ᠶᠢᠨ ᠳᠠᠯᠠᠪᠡᠢ ᠳᠤ ᠬᠢᠨᠠᠨ ᠰᠢᠯᠭᠠᠬᠤ ᠭᠤᠷᠪᠠᠳᠤᠭᠠᠷ ᠬᠢᠨᠠᠨ ᠰᠢᠯᠭᠠᠬᠤ ᠳᠤᠭᠤᠶᠢᠯᠠᠩ ᠳᠤ ᠠᠵᠢᠯ ᠤᠨ ᠬᠠᠷᠢᠭᠤ ᠮᠡᠳᠡᠬᠦᠯᠤᠯᠳᠠ ᠬᠢᠬᠦ ᠬᠤᠷᠠᠯ ᠬᠤᠷᠠᠯᠳᠤᠪᠠ᠃ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠶᠠᠮᠤᠨ ᠤ ᠶᠡᠷᠦᠩᠬᠡᠢ ᠲᠦᠯᠦᠪᠵᠢᠬᠦᠯᠦᠭᠴᠢ ᠯᠢ ᠶᠦᠡᠭ ᠵᠢᠶᠧ ᠬᠤᠷᠠᠯ ᠳᠤ ᠤᠷᠤᠯᠴᠠᠡ ᠶᠠᠷᠢᠶ᠎ᠠ ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠢ ᠡᠷᠬᠢᠯᠡᠪᠡ᠃      ᠯᠢ ᠶᠦᠡᠭ ᠵᠢᠶᠧ᠂ ᠶᠡᠷᠦᠩᠬᠡᠢ ᠱᠦᠵᠢ ᠰᠢ ᠶᠢᠨ ᠫᠢᠡᠭ᠂ ᠶᠡᠷᠦᠩᠬᠡᠢ ᠰᠠᠶᠢᠳ ᠯᠢ ᠺᠧ ᠴᠢᠶᠠᠩ ᠤᠨ ᠠᠶᠤᠯ ᠦᠭᠡᠢ ᠦᠢᠯᠡᠳᠪᠦᠷᠢᠯᠡᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠳᠠᠨᠢᠯᠳᠠ ᠪᠠᠨ ᠳᠡᠭᠡᠭᠰᠢᠯᠡᠬᠦᠯᠤᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠬᠤ ᠲᠡᠭᠡᠷ᠎ᠠ ᠨᠢᠭᠡᠳᠬᠡᠵᠤ᠂ ᠳᠡᠭᠡᠳᠤ ᠬᠡᠮᠵᠢᠶᠡᠨ ᠤ ᠤᠯᠤᠰ ᠲᠦᠷᠦ ᠶᠢᠨ ᠡᠬᠦᠷᠭᠡ ᠬᠠᠷᠢᠭᠤᠴᠠᠯᠭᠠᠳᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠦᠯᠬᠢᠨ ᠠᠬᠢᠭᠤᠯᠬᠤ ᠬᠡᠷᠡᠭᠳᠠᠢ᠃ ᠳᠤᠰ ᠤᠳᠠᠭ᠎ᠠ ᠶᠢᠨ ᠬᠢᠨᠠᠨ ᠰᠢᠯᠭᠠᠯᠳᠠ ᠶᠢᠨ ᠪᠠᠷᠢᠮᠵᠢᠶ᠎ᠠ ᠶᠢ ᠤᠨᠤᠪᠴᠢᠳᠠᠢ ᠡᠵᠡᠮᠰᠢᠵᠤ᠂ ᠬᠢᠨᠠᠨ ᠰᠢᠯᠭᠠᠬᠤ ᠶᠠᠪᠤᠴᠠ ᠪᠠ ᠪᠠᠷᠢᠮᠵᠢᠶ᠎ᠠ ᠶᠢ ᠴᠢᠩᠭᠠᠤᠨᠬᠠᠵᠤ᠂ ᠬᠢᠨᠠᠨ ᠰᠢᠯᠭᠠᠯᠳᠠ ᠪᠤᠳᠠᠳᠤ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠠᠢ᠃ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳᠤᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ ᠳᠤ ᠰᠠᠶᠢᠨ ᠰᠠᠶᠢᠬᠠᠨ ᠠᠶᠤᠯ ᠦᠭᠡᠢ ᠦᠢᠯᠡᠳᠪᠦᠷᠢᠯᠡᠯ ᠤᠨ ᠤᠷᠴᠢᠨ ᠢ ᠪᠦᠷᠢᠯᠳᠦᠬᠦᠯᠬᠦ ᠪᠠᠷ ᠴᠢᠷᠮᠠᠶᠢᠬᠤ ᠬᠡᠷᠡᠭᠳᠠᠢ ᠬᠡᠵᠤ ᠵᠢᠭᠠᠵᠤ ᠭᠠᠷᠭᠠᠪᠠ᠃      ᠯᠢᠦ ᠰᠢᠨ ᠯᠧ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠬᠤᠶᠠᠷ ᠵᠢᠯ ᠲᠠᠷᠠᠭᠠᠯᠡᠨ ᠮᠤᠵᠢ ᠶᠢᠨ ᠳᠡᠰ ᠤᠨ ᠵᠠᠰᠠᠭ ᠤᠨ ᠤᠷᠳᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠤᠨ ᠤ ᠬᠢᠨᠠᠨ ᠰᠢᠯᠭᠠᠯᠳᠠ ᠬᠢᠪᠡ᠂ ᠡᠨᠡ ᠨᠢ ᠠᠶᠤᠯ ᠦᠭᠡᠢ ᠦᠢᠯᠡᠳᠪᠦᠷᠢᠯᠡᠯ ᠢ ᠴᠢᠩᠭᠠᠳᠬᠠᠬᠤ ᠳᠤ ᠴᠢᠬᠤᠯᠠ ᠠᠴᠢ ᠬᠤᠯᠪᠤᠭᠳᠠᠯ ᠲᠠᠢ ᠪᠦᠬᠡᠳ ᠯᠤᠳᠤ ᠶᠡᠭᠡ ᠠᠬᠢᠭᠤᠯᠬᠤ ᠦᠢᠯᠡᠳᠦᠯ ᠲᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠲᠦᠪ ᠤᠨ ᠤᠳᠤᠷᠢᠤᠨᠬᠤ ᠨᠦᠭᠦᠤᠨ ᠤᠨ ᠠᠶᠤᠯ ᠦᠭᠡᠢ ᠦᠢᠯᠡᠳᠪᠦᠷᠢᠯᠡᠯ ᠤᠨ ᠬᠤᠯᠪᠤᠭᠳᠠᠯ ᠪᠦᠬᠦᠢ ᠰᠢᠷᠢᠰ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠳᠤᠤᠱᠯᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠬᠦᠨᠵᠡᠬᠡᠢ ᠦᠷᠨᠢᠭᠦᠯᠵᠤ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠨᠡᠯᠢᠶᠡᠳ ᠳᠤᠭᠳᠠᠭᠤᠨ ᠪᠠᠶᠢᠨ᠎ᠠ᠃ ᠲᠠᠷᠠᠭᠠᠴᠢ ᠪᠠᠷ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠦᠷᠬᠦᠯᠵᠢᠯᠡᠨ ᠳᠤᠭᠳᠠᠭᠤᠨ ᠤ ᠳᠤᠮᠳᠠ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ ᠬᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号