ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠠᠬᠢᠭᠤᠯᠬᠤ ᠲᠤᠬᠠᠢ ᠰᠠᠨᠠᠯ︾ ︵ᠤᠯᠤᠰ ᠠᠯᠪᠠᠨ ᠲᠠᠷᠬᠠᠭᠠᠭᠰᠠᠨ ﹇2017﹈ 97 ᠳ᠋ᠤᠭᠠᠷ | ᠲᠣᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠨᠡ ᠬᠦ ᠠᠵᠢᠯ ᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠯᠡᠵᠦ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠢ ᠪᠠᠷ | ᠠᠬᠢᠭᠤᠯᠤᠨ᠎ᠠ᠃ ︽ᠰᠠᠨᠠᠯ︾ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠵᠥᠪ ᠣᠨᠣᠪᠴᠢᠲᠠᠢ ᠣᠶᠢᠯᠠᠭᠠᠬᠤ ᠪᠠ | ᠪᠦᠬᠦ ᠲᠠᠯ᠎ᠠ ᠪᠠᠷ ᠡᠵᠡᠮᠳᠡᠵᠦ᠂ ︽ᠰᠠᠨᠠᠯ︾ ᠢ ᠤᠷᠤᠭᠰᠢᠲᠠᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ | ᠰᠤᠷᠪᠤᠯᠵᠢᠯᠠᠭᠴᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢ ᠰᠤᠷᠪᠤᠯᠵᠢᠯᠠᠭᠰᠠᠨ ᠪᠠᠶᠢᠨ᠎ᠠ᠃ | ᠠᠰᠠᠭᠤᠯᠲᠠ ᠄ ︽ᠰᠠᠨᠠᠯ︾ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ | ᠦᠦ︖ | ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠠᠷᠠᠳ ᠲᠦᠮᠡᠨ ᠤ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ | ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ | ᠭᠡᠵᠦ ᠲᠣᠳᠣᠷᠬᠠᠢ ᠵᠢᠭᠠᠵᠠᠢ᠃ ᠶᠡᠷᠦᠩᠬᠡᠢ ᠱᠦᠵᠢ ᠰᠢ ᠶᠢᠨ ᠫᠢᠩ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠨᠢᠭᠡᠨ ᠴᠢᠬᠤᠯᠠ ᠳᠦᠷᠢᠮ ᠪᠠᠶᠢᠵᠤ᠂ ᠳᠦᠷᠢᠮ ᠤᠨ | ᠲᠣᠬᠢᠷᠠᠭᠤᠯᠤᠯᠲᠠ ᠪᠠᠷ ᠵᠠᠰᠠᠭ ᠤᠨᠶᠠᠪᠤᠳᠠᠯ ᠢ ᠢᠯᠡ ᠪᠣᠯᠭᠠᠬᠤ ᠶᠢ ᠵᠠᠰᠠᠭ ᠤᠨ ᠶᠠᠪᠤᠳᠠᠯ ᠢ ᠠᠵᠢᠯᠯᠠᠭᠤᠯᠬᠤ ᠪᠦᠬᠦ | ᠶᠠᠪᠤᠴᠠ ᠳᠤ ᠨᠡᠪᠲᠡᠷᠡᠭᠦᠯᠵᠦ᠂ ᠡᠷᠬᠡ ᠶᠢᠨ ᠬᠡᠷᠡᠭᠵᠢᠭᠦᠯᠦᠯᠲᠡ ᠬᠠᠮᠢᠭ᠎ᠠ ᠬᠦᠷᠪᠡᠯ᠂ ᠢᠯᠡ ᠪᠣᠯᠭᠠᠬᠤ ᠪᠠ ᠬᠢᠨᠠᠯᠲᠠ | ᠲᠠᠯᠪᠢᠬᠤ ᠶᠢ ᠲᠡᠨᠳᠡ ᠬᠦᠷᠲᠡᠯ᠎ᠡ ᠰᠤᠩᠭᠠᠬᠤ ᠬᠡᠷᠡᠭᠲᠡᠢ ᠭᠡᠵᠦ ᠵᠢᠭᠠᠭᠰᠠᠨ ᠪᠠᠶᠢᠨ᠎ᠠ᠃ ᠶᠡᠷᠦᠩᠬᠡᠢ ᠰᠠᠶᠢᠳ ᠯᠢ ᠺᠧ | ᠴᠢᠶᠠᠩ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ᠢᠯᠡ | ᠪᠣᠯᠭᠠᠬᠤ ᠪᠠᠷ ᠬᠡᠪ ᠤᠨ ᠪᠠᠶᠢᠳᠠᠯ ᠪᠣᠯᠭᠠᠵᠤ᠂ ᠢᠯᠡ ᠥᠯᠥ ᠪᠣᠯᠭᠠᠬᠤ ᠪᠠᠷ ᠣᠨᠴᠠᠭᠠᠢ ᠪᠠᠶᠢᠳᠠᠯ ᠪᠣᠯᠭᠠᠬᠤ︾ ᠶᠢ | ᠪᠠᠷᠢᠮᠲᠠᠯᠠᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ | ᠳ᠋ᠦᠩ ᠢ ᠢᠯᠡ ᠪᠣᠯᠭᠠᠬᠤ ᠪᠠ ᠭᠤᠣᠯᠳᠠᠯᠭᠠᠲᠤ ᠬᠦᠷᠢᠶ᠎ᠡ ᠴᠠᠷᠠᠭ᠎ᠠ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ | ᠪᠦᠭᠦᠳᠡ ᠬᠤᠷᠠᠯ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠳᠤ ᠪᠦᠷ ᠣᠯᠠᠨ | ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ ᠴᠠᠷᠠᠭᠠᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠶᠢ ᠠᠬᠢᠭᠤᠯᠬᠤ ᠵᠢᠯᠣᠭᠤᠳᠬᠤ ᠰᠠᠨᠠᠯ ᠢ ᠨᠡᠶᠢᠲᠡᠯᠡᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠶᠠᠪᠤᠳᠠᠯ ᠢ | ᠢᠯᠡ ᠪᠣᠯᠭᠠᠬᠤ ᠲᠤᠬᠠᠢ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠢ | ᠲᠣᠬᠢᠷᠠᠭᠤᠯᠬᠤ ᠬᠦᠷᠢᠶ᠎ᠡ ᠴᠠᠷᠠᠭ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠶᠢ | ᠲᠠᠰᠤᠷᠠᠯᠲᠠ ᠦᠭᠡᠢ ᠥᠷᠭᠡᠳᠬᠡᠨ᠂ ᠢᠯᠡ ᠪᠣᠯᠭᠠᠬᠤ ᠠᠭᠤᠯᠭ᠎ᠠ ᠶᠢ ᠨᠠᠷᠢᠯᠢᠭᠵᠢᠭᠤᠯᠵᠤ᠂ ᠮᠡᠳᠡᠭᠡ ᠵᠠᠩᠭᠢ ᠶᠢ | ᠣᠯᠵᠠᠯᠠᠬᠤ ᠳᠥᠭᠦᠮ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ | ᠬᠠᠮᠢᠶᠠᠷᠤᠯᠲᠠ ᠶᠢ ᠢᠯᠡ ᠪᠣᠯᠭᠠᠨ᠂ ᠰᠣᠯᠢᠯᠴᠠᠭ᠎ᠠ ᠶᠢ ᠢᠯᠡ ᠪᠣᠯᠭᠠᠬᠤ ᠬᠡᠮᠵᠢᠶ᠎ᠡ ᠶᠢ ᠢᠯᠡᠳᠲᠡ ᠨᠡᠮᠡᠭᠳᠡᠭᠦᠯᠵᠦ᠂ | ᠬᠠᠤᠯᠢ ᠶᠣᠰᠣᠭᠠᠷ ᠢᠯᠡ ᠪᠣᠯᠭᠠᠪᠠᠯ ᠵᠣᠬᠢᠬᠤ ᠡᠯ᠎ᠡ ᠲᠥᠷᠥᠯ ᠤᠨ ᠰᠣᠯᠢᠯᠴᠠᠭᠠᠨ ᠤ ᠠᠯᠪᠠᠨ ᠵᠡᠷ ᠤᠨ ᠮᠡᠳᠡᠭᠡ ᠵᠠᠩᠭᠢ᠂ | ᠦᠷ᠎ᠡ ᠳ᠋ᠦᠩ ᠢ ᠵᠠᠷᠯᠠᠬᠤ ᠮᠡᠳᠡᠭᠡ ᠵᠠᠩᠭᠢ ᠵᠡᠷᠭᠡ ᠶᠢ ᠦᠨᠳᠦᠰᠦᠨ ᠳᠤ ᠪᠠᠨ ᠴᠠᠭ ᠲᠤᠬᠠᠢ ᠳᠤ ᠨᠢ᠂ ᠪᠦᠬᠦ | ᠲᠠᠯ᠎ᠠ ᠪᠠᠷ᠂ ᠣᠨᠣᠪᠴᠢᠲᠠᠢ ᠨᠡᠶᠢᠲᠡᠯᠡᠬᠦ ᠶᠢ ᠭᠦᠢᠴᠡᠳᠬᠡᠵᠡᠢ᠃ ᠭᠡᠲᠡᠯ᠎ᠡ ᠡᠭᠦᠨ ᠤ ᠬᠠᠮᠲᠤ᠂ ᠮᠡᠳᠡᠭᠡ ᠵᠠᠩᠭᠢ ᠶᠢ ᠢᠯᠡ | ᠪᠣᠯᠭᠠᠬᠤ ᠦᠵᠡᠯ ᠤᠬᠠᠮᠰᠠᠷ ᠢ ᠴᠢᠩᠭᠠᠷᠠᠭᠤᠯᠬᠤ ᠴᠢᠬᠤᠯᠠᠲᠠᠢ᠂ ᠮᠡᠳᠡᠭᠡ ᠵᠠᠩᠭᠢ ᠶᠢ ᠢᠯᠡ ᠪᠣᠯᠭᠠᠵᠤ ᠬᠠᠮᠲᠤ ᠪᠠᠷ | ᠬᠦᠷᠲᠡᠬᠦ ᠲᠣᠭᠲᠠᠴᠠ ᠬᠠᠷᠠᠬᠠᠨ ᠪᠦᠷᠢᠨᠰᠢᠭᠡᠳᠦᠢ᠂ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠪᠠ ᠢᠲᠡᠭᠡᠮᠵᠢ ᠶᠢᠨ | ᠮᠡᠳᠡᠭᠡ ᠵᠠᠩᠭᠢ ᠶᠢ ᠢᠯᠡ ᠪᠣᠯᠭᠠᠬᠤ ᠬᠡᠮᠵᠢᠶ᠎ᠡ ᠭᠦᠢᠴᠡᠳ ᠦᠭᠡᠢ ᠵᠡᠷᠭᠡ ᠠᠯᠢ ᠣᠯᠠᠨ ᠠᠰᠠᠭᠤᠳᠠᠯ ᠣᠷᠣᠰᠢᠵᠤ | ᠪᠠᠶᠢᠨ᠎ᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠲᠦ | ᠪᠣᠳᠣᠯᠭ᠎ᠠ ᠶᠢ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦᠩ ᠢ ᠢᠯᠡ ᠪᠣᠯᠭᠠᠬᠤ ᠶᠢ | ᠲᠦᠷᠭᠡᠳᠬᠡᠨ ᠠᠬᠢᠭᠤᠯᠵᠤ᠂ ᠨᠡᠶᠢᠲᠡ ᠣᠯᠠᠨ ᠤ ᠬᠢᠨᠠᠯᠲᠠ ᠶᠢ ᠥᠷᠭᠡᠳᠬᠡᠨ᠂ ᠢᠯᠡ ᠪᠣᠯᠭᠠᠬᠤ ᠦᠷ᠎ᠡ ᠪᠦᠲᠦᠮᠵᠢ ᠶᠢ | ᠴᠢᠩᠭᠠᠷᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠲᠦᠷᠦᠭᠦᠯᠡᠯ ᠵᠢᠯᠣᠭᠤᠳᠤᠯᠭ᠎ᠠ | ᠳᠣᠣᠷ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠡᠳ᠋ ᠤᠨ ᠵᠠᠰᠠᠭ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ 16 ᠰᠠᠯᠠᠭ᠎ᠠ ᠮᠥᠴᠢᠷ ᠲᠠᠢ ᠬᠠᠮᠲᠤᠷᠠᠵᠤ᠂ ᠪᠦᠬᠦ ᠤᠯᠤᠰ ᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠭᠰᠠᠨ ᠣᠳᠣᠬᠢ ᠪᠠᠶᠢᠳᠠᠯ ᠢ ᠣᠶᠢᠯᠠᠭᠠᠨ ᠲᠣᠳᠣᠯᠠᠭᠰᠠᠨ ᠰᠠᠭᠤᠷᠢᠨ ᠳᠡᠭᠡᠷ᠎ᠡ᠂ ᠡᠯ᠎ᠡ ᠲᠠᠯ᠎ᠠ ᠶᠢᠨ ᠬᠢᠨ ᠤ | ᠰᠠᠨᠠᠯ ᠢ ᠥᠷᠭᠡᠨ ᠢᠶᠠᠷ ᠰᠣᠨᠣᠰᠴᠤ᠂ ᠬᠠᠮᠲᠤ ᠪᠠᠷ ︽ᠰᠠᠨᠠᠯ︾ ᠢ ᠰᠤᠳᠤᠯᠤᠨ ᠲᠤᠭᠤᠷᠪᠢᠵᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢᠶᠠᠷ ᠳᠠᠮᠵᠢᠨ ᠬᠢᠨᠠᠨ ᠵᠥᠪᠯᠡᠵᠦ ᠪᠠᠲᠤᠯᠠᠭᠰᠠᠨ ᠤ ᠬᠠᠮᠲᠤ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠨᠡᠷ᠎ᠡ ᠪᠠᠷ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠦᠭᠰᠡᠨ ᠪᠠᠶᠢᠨ᠎ᠠ᠃ | ᠠᠰᠠᠭᠤᠯᠲᠠ᠄ ︽ᠰᠠᠨᠠᠯ︾ ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠳᠣᠲᠣᠷ᠎ᠠ ᠶᠠᠮᠠᠷ ᠶᠠᠮᠠᠷ ᠭᠢᠯᠠᠰ | ᠴᠡᠭ ᠪᠠᠶᠢᠬᠤ ᠪᠣᠢ︖ | ᠬᠠᠷᠢᠭᠤᠯᠲᠠ᠄ ︽ᠰᠠᠨᠠᠯ︾ ᠳᠤ ᠳᠥᠷᠪᠡᠨ ᠲᠠᠯ᠎ᠠ ᠶᠢᠨ ᠡᠭᠦᠷᠭᠡ ᠠᠷᠭ᠎ᠠ ᠬᠡᠮᠵᠢᠶ᠎ᠡ ᠶᠢ ᠳᠤᠷᠠᠳᠴᠤ᠂ ᠣᠯᠠᠨ | ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠪᠦᠬᠦ ᠠᠯᠬᠤᠮ ᠳᠠᠷᠠᠭ᠎ᠠ ᠶᠢ ᠢᠯᠡ ᠲᠣᠳᠣ ᠪᠣᠯᠭᠠᠬᠤ ᠶᠢ ᠠᠬᠢᠭᠤᠯᠤᠨ | ᠪᠡᠶᠡᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ | ᠨᠢᠭᠡ ᠳᠤ᠂ ᠢᠯᠡ ᠪᠣᠯᠭᠠᠬᠤ ᠭᠤᠣᠯᠳᠠᠭ᠎ᠠ ᠶᠢ ᠲᠣᠪᠣᠶᠢᠯᠭᠠᠪᠠ᠃ ︽ᠢᠯᠡ ᠪᠣᠯᠭᠠᠬᠤ ᠪᠠᠷ ᠬᠡᠪ ᠤᠨ ᠪᠠᠶᠢᠳᠠᠯ | ᠪᠣᠯᠭᠠᠵᠤ᠂ ᠢᠯᠡ ᠥᠯᠥ ᠪᠣᠯᠭᠠᠬᠤ ᠪᠠᠷ ᠣᠨᠴᠠᠭᠠᠢ ᠪᠠᠶᠢᠳᠠᠯ ᠪᠣᠯᠭᠠᠬᠤ︾ ᠵᠠᠷᠴᠢᠮ ᠢ ᠲᠣᠳᠣᠷᠬᠠᠶᠢᠯᠠᠭᠰᠠᠨ ᠤ ᠬᠠᠮᠲᠤ | ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ ᠴᠠᠷᠠᠭᠠᠨ ᠳᠠᠬᠢ ᠠᠵᠢᠯ ᠦᠢᠯᠡᠰ ᠤᠨ ᠣᠨᠴᠠᠯᠢᠭ | ᠪᠠ ᠠᠵᠢᠯ ᠮᠡᠷᠭᠡᠵᠢᠯ ᠤᠨ ᠪᠣᠳᠠᠲᠤ ᠪᠠᠶᠢᠳᠠᠯ ᠢ ᠦᠨᠳᠦᠰᠦᠯᠡᠵᠦ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ | ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠵᠢᠯ ᠲᠥᠷᠥᠯ ᠢ ᠲᠥᠪᠯᠡᠷᠡᠭᠦᠯᠵᠦ᠂ | ᠣᠷᠣᠨ ᠰᠠᠭᠤᠴᠠ ᠶᠢᠨ ᠪᠠᠲᠤᠯᠠᠭ᠎ᠠ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ | ᠰᠢᠯᠵᠢᠭᠦᠯᠬᠦ᠂ ᠠᠭᠤᠷᠬᠠᠢ ᠶᠢᠨ ᠭᠠᠷᠤᠯᠲᠠ ᠶᠢᠨ ᠡᠷᠬᠡ ᠶᠢ ᠰᠢᠯᠵᠢᠭᠦᠯᠬᠦ᠂ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠤᠯᠤᠰ ᠤᠨ ᠥᠮᠴᠢᠯᠡᠯᠲᠦ ᠥᠮᠴᠢᠯᠡᠬᠦ ᠡᠷᠬᠡ ᠶᠢᠨ ᠰᠣᠯᠢᠯᠴᠠᠭ᠎ᠠ᠂ ᠢᠨᠵᠧᠨᠧᠷᠢᠩ ᠤᠨ ᠪᠠᠶᠢᠭᠤᠯᠤᠯᠲᠠ ᠶᠢᠨ | ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠵᠡᠷᠭᠡ 6 ᠶᠡᠭᠡ ᠲᠥᠷᠥᠯ᠂ 37 ᠵᠦᠢᠯ ᠤᠨ | ᠭᠤᠣᠯᠳᠠᠯᠭ᠎ᠠ ᠲᠠᠢ ᠢᠯᠡ ᠪᠣᠯᠭᠠᠬᠤ ᠮᠡᠳᠡᠭᠡ ᠵᠠᠩᠭᠢ ᠶᠢᠨ ᠲᠥᠷᠥᠯ ᠵᠦᠢᠯ ᠢ ᠡᠮᠬᠢᠯᠡᠨ ᠳᠢᠭᠯᠡᠵᠦ ᠳᠤᠷᠠᠳᠤᠭᠰᠠᠨ | ᠪᠠᠶᠢᠨ᠎ᠠ᠃ | ᠬᠤᠶᠠᠷ ᠲᠤ᠂ ᠢᠯᠡ ᠪᠣᠯᠭᠠᠬᠤ ᠭᠤᠣᠯ ᠴᠣᠭᠴᠠ ᠶᠢ ᠲᠣᠳᠣᠷᠬᠠᠶᠢᠯᠠᠪᠠ᠃ ︽ᠬᠡᠨ ᠵᠥᠪᠰᠢᠶᠡᠷᠡᠪᠡᠯ ᠬᠡᠨ | ᠢᠯᠡ ᠪᠣᠯᠭᠠᠬᠤ᠂ ᠬᠡᠨ ᠬᠡᠷᠡᠭᠵᠢᠭᠦᠯᠪᠡᠯ ᠬᠡᠨ ᠢᠯᠡ ᠪᠣᠯᠭᠠᠬᠤ᠂ ᠬᠡᠨ ᠦᠢᠯᠡᠳᠪᠡᠯ ᠬᠡᠨ ᠢᠯᠡ ᠪᠣᠯᠭᠠᠬᠤ︾ ᠵᠠᠷᠴᠢᠮ | ᠶᠣᠰᠣᠭᠠᠷ᠂ ᠢᠯᠡ ᠪᠣᠯᠭᠠᠬᠤ ᠡᠯ᠎ᠡ ᠲᠥᠷᠥᠯ ᠤᠨ ᠮᠡᠳᠡᠭᠡ ᠵᠠᠩᠭᠢ ᠶᠢᠨ ᠬᠠᠷᠢᠭᠤᠴᠠᠯᠭᠠᠲᠤ ᠭᠤᠣᠯ ᠴᠣᠭᠴᠠ ᠶᠢ | ᠵᠣᠬᠢᠰᠲᠠᠢ ᠪᠠᠷ ᠢᠯᠭᠠᠨ ᠲᠣᠭᠲᠠᠭᠠᠵᠠᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠳ᠋ᠦᠩ ᠳᠤ | ᠬᠤᠯᠪᠣᠭᠳᠠᠬᠤ ᠮᠡᠳᠡᠭᠡ ᠵᠠᠩᠭᠢ ᠪᠣᠯ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠬᠠᠷᠢᠭᠤᠴᠠᠨ ᠢᠯᠡ ᠪᠣᠯᠭᠠᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠲᠥᠷᠥᠯ ᠵᠦᠢᠯ ᠤᠨ ᠮᠡᠳᠡᠭᠡ ᠵᠠᠩᠭᠢ᠂ ᠳᠠᠭᠠᠭᠠᠴᠢᠯᠠᠯᠲᠠ ᠣᠨᠣᠭᠰᠠᠨ ︵ | ᠮᠠᠶᠢᠮᠠᠢ ᠪᠦᠲᠦᠭᠰᠡᠨ︶ ᠮᠡᠳᠡᠭᠡ ᠵᠠᠩᠭᠢ᠂ ᠭᠡᠷ᠎ᠡ ᠭᠦᠢᠴᠡᠳᠬᠡᠬᠦ ᠮᠡᠳᠡᠭᠡ ᠵᠠᠩᠭᠢ ᠵᠡᠷᠭᠡ ᠶᠢ ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠬᠠᠮᠢᠶᠠᠷᠬᠤ ᠪᠤᠶᠤ ᠬᠡᠷᠡᠭᠵᠢᠭᠦᠯᠬᠦ ᠤᠯᠤᠰ ᠤᠨ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠠᠴᠠ ᠲᠤᠰ ᠲᠤᠰ ᠢᠯᠡ ᠪᠣᠯᠭᠠᠨ᠎ᠠ᠃ | ᠭᠤᠷᠪᠠ ᠳᠤ᠂ ᠢᠯᠡ ᠪᠣᠯᠭᠠᠬᠤ ᠠᠷᠭ᠎ᠠ ᠵᠠᠮ ᠢ ᠥᠷᠭᠡᠳᠬᠡᠪᠡ᠃ ᠵᠠᠰᠠᠭ ᠤᠨ ᠣᠷᠳᠣᠨ ᠤ ᠫᠦᠷᠲ᠋ᠧᠯ | ᠰᠦᠯᠵᠢᠶ᠎ᠡ ᠪᠠᠷ ᠰᠠᠭᠤᠷᠢ ᠪᠣᠯᠭᠠᠵᠤ᠂ ᠪᠢᠴᠢᠯ ᠪᠦᠷᠭᠡ ᠸᠢᠴᠠᠲ᠂ ᠰᠣᠨᠢᠨ ᠮᠡᠳᠡᠭᠡᠨ ᠤ ᠵᠠᠭᠤᠴᠢᠯᠠᠭᠤᠷ᠂ ᠵᠠᠰᠠᠭ ᠤᠨ | ᠶᠠᠪᠤᠳᠠᠯ ᠤᠨ ᠬᠠᠷᠢᠴᠠᠭᠠᠨ ᠤ ᠡᠷᠦᠬᠡ ᠶᠢᠨ ᠦᠵᠦᠭᠦᠷ ᠵᠡᠷᠭᠡ ᠶᠢ ᠠᠰᠢᠭᠯᠠᠵᠤ᠂ ᠴᠠᠭ ᠲᠤᠬᠠᠢ ᠳᠤ ᠨᠢ ᠮᠡᠳᠡᠭᠡ | ᠵᠠᠩᠭᠢ ᠶᠢ ᠨᠡᠶᠢᠲᠡᠯᠡᠨ᠂ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠤᠨ ᠰᠢᠰᠲ᠋ᠧᠮᠵᠢ ᠳᠤ ᠲᠦᠰᠢᠭᠯᠡᠨ᠂ ᠪᠦᠬᠦ | ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢᠶᠠᠷ ᠬᠦᠢᠰᠦ ᠪᠣᠯᠭᠠᠭᠰᠠᠨ ᠲᠤᠭ᠎ᠠ | ᠪᠠᠷᠢᠮᠲᠠ ᠶᠢ ᠬᠠᠮᠲᠤ ᠪᠠᠷ ᠬᠦᠷᠲᠡᠬᠦ ᠲᠠᠪᠴᠠᠩ ᠤᠨ ᠰᠢᠰᠲ᠋ᠧᠮᠵᠢ ᠶᠢ ᠪᠠᠶᠢᠭᠤᠯᠵᠤ᠂ ᠮᠡᠳᠡᠭᠡ ᠵᠠᠩᠭᠢ ᠶᠢ ᠢᠯᠡ | ᠪᠣᠯᠭᠠᠵᠤ ᠬᠠᠮᠲᠤ ᠪᠠᠷ ᠬᠦᠷᠲᠡᠬᠦ ᠶᠢ ᠠᠬᠢᠭᠤᠯᠤᠨ᠎ᠠ᠃ | ᠳᠥᠷᠪᠡ ᠳᠤ᠂ ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠤᠯᠤᠰ ᠤᠨ ᠨᠢᠭᠤᠴᠠ | ᠂ ᠬᠤᠳᠠᠯᠳᠤᠭᠠᠨ ᠤ ᠨᠢᠭᠤᠴᠠ ᠳᠤ ᠬᠤᠯᠪᠣᠭᠳᠠᠬᠤ ᠠᠭᠤᠯᠭ᠎ᠠ ᠠᠴᠠ ᠭᠠᠳᠠᠨ᠎ᠠ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠪᠦᠬᠦᠨ ᠢ ᠨᠡᠶᠢᠭᠡᠮ ᠳᠤ ᠢᠯᠡ ᠪᠣᠯᠭᠠᠪᠠᠯ ᠵᠣᠬᠢᠨ᠎ᠠ᠃ | ᠡᠭᠦᠨ ᠤ ᠬᠠᠮᠲᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠠᠮᠢᠶ᠎ᠠ | ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ ᠪᠠ | ᠭᠤᠶᠤᠴᠢᠯᠠᠯᠲᠠ ᠢᠶᠠᠷ ᠢᠯᠡ ᠪᠣᠯᠭᠠᠬᠤ ᠶᠢᠨ ᠪᠣᠳᠠᠲᠠᠢ ᠴᠠᠭ ᠤᠨ ᠬᠢᠵᠠᠭᠠᠷ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃ | ᠠᠰᠠᠭᠤᠯᠲᠠ᠄ ︽ᠰᠠᠨᠠᠯ︾ ᠳᠤ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠪᠠ ᠠᠭᠤᠯᠭ᠎ᠠ ᠶᠢ ᠬᠡᠷᠬᠢᠨ ᠲᠣᠭᠲᠠᠭᠠᠭᠰᠠᠨ ᠪᠣᠢ︖ | ᠬᠠᠷᠢᠭᠤᠯᠲᠠ᠄ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ ᠴᠠᠷᠠᠭ᠎ᠠ ᠳᠠᠬᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠬᠤᠯᠪᠣᠭᠳᠠᠬᠤ ᠬᠡᠪᠴᠢᠶ᠎ᠡ ᠨᠢ ᠥᠷᠭᠡᠨ᠂ ᠬᠦᠷᠢᠶ᠎ᠡ ᠴᠠᠷᠠᠭ᠎ᠠ ᠨᠢ | ᠣᠯᠠᠨ᠂ ᠬᠡᠯᠪᠡᠷᠢ ᠨᠢ ᠣᠯᠠᠨ ᠶᠠᠩᠵᠤ ᠪᠠᠶᠢᠬᠤ ᠶᠢ ᠪᠣᠳᠣᠯᠬᠢᠯᠠᠵᠤ᠂ ︽ᠰᠠᠨᠠᠯ︾ ᠳᠤ ᠵᠢᠭᠰᠠᠭᠠᠬᠤ ᠪᠠ | ᠬᠤᠷᠢᠶᠠᠩᠭᠤᠶᠢᠯᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠵᠤ᠂ ᠣᠯᠠᠨ ᠨᠡᠶᠢᠲᠡ ᠶᠢᠨ ᠡᠬᠢ | ᠪᠠᠶᠠᠯᠢᠭ ᠢ ᠲᠣᠬᠢᠷᠠᠭᠤᠯᠬᠤ ᠬᠦᠷᠢᠶ᠎ᠡ ᠴᠠᠷᠠᠭ᠎ᠠ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠪᠠ | ᠠᠭᠤᠯᠭ᠎ᠠ ᠶᠢ ᠲᠣᠳᠣᠷᠬᠠᠶᠢᠯᠠᠵᠠᠢ᠃ | ᠢᠯᠡ ᠪᠣᠯᠭᠠᠬᠤ ᠬᠡᠪᠴᠢᠶᠡᠨ ᠤ ᠲᠠᠯ᠎ᠠ ᠪᠠᠷ᠂ ︽ᠰᠠᠨᠠᠯ︾ ᠳᠤ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ ᠪᠠᠶᠢᠭᠤᠯᠤᠯᠲᠠ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠤᠪᠢᠶᠠᠷᠢᠯᠠᠯᠲᠠ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢ ᠬᠡᠷᠡᠭᠯᠡᠬᠦ ᠡᠷᠬᠡ᠂ ᠠᠭᠤᠷᠬᠠᠢ ᠶᠢᠨ ᠦᠢᠯᠡᠰ ᠤᠨ | ᠡᠷᠬᠡ ᠶᠢ ᠰᠢᠯᠵᠢᠭᠦᠯᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠥᠮᠴᠢᠯᠡᠯ ᠤᠨ | ᠡᠷᠬᠡ ᠶᠢᠨ ᠰᠣᠯᠢᠯᠴᠠᠭ᠎ᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠳᠠᠭᠠᠭᠠᠴᠢᠯᠠᠯᠲᠠ | ᠵᠠᠷᠯᠠᠬᠤ ᠪᠠ ᠬᠦᠯᠢᠶᠡᠬᠦ ᠵᠡᠷᠭᠡ 6 ᠲᠥᠷᠥᠯ ᠨᠢ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ | ᠴᠠᠷᠠᠭ᠎ᠠ ᠶᠢᠨ ᠬᠡᠪᠴᠢᠶ᠎ᠡ ᠳᠤ ᠬᠠᠷᠢᠶᠠᠯᠠᠭᠳᠠᠨ᠎ᠠ ᠭᠡᠵᠦ ᠳᠤᠷᠠᠳᠴᠠᠢ᠃ ᠡᠭᠦᠨ ᠤ ᠬᠠᠮᠲᠤ᠂ ︽ᠰᠠᠨᠠᠯ︾ ᠨᠢ | ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ ᠨᠡᠶᠢᠲᠡ ᠶᠢᠨ ᠥᠮᠴᠢᠯᠡᠯ ᠤᠨ ᠴᠢᠨᠠᠷ ᠲᠠᠢ᠂ ᠨᠡᠶᠢᠲᠡ ᠶᠢᠨ | ᠠᠰᠠᠷᠠᠮᠵᠢ ᠶᠢᠨ ᠴᠢᠨᠠᠷ ᠲᠠᠢ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠰᠢᠭᠤᠳ᠂ ᠥᠷᠭᠡᠨ ᠪᠠ ᠴᠢᠬᠤᠯᠠ ᠨᠥᠯᠥᠭᠡ ᠲᠠᠢ ᠣᠯᠠᠨ ᠨᠡᠶᠢᠲᠡ ᠶᠢᠨ ᠡᠬᠢ ᠪᠠᠶᠠᠯᠢᠭ ᠢ | ᠲᠣᠬᠢᠷᠠᠭᠤᠯᠬᠤ ᠪᠤᠰᠤᠳ ᠠᠵᠢᠯ ᠲᠥᠷᠥᠯ ᠢ ᠴᠤ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ | ᠴᠠᠷᠠᠭᠠᠨ ᠳᠤ ᠣᠷᠣᠭᠤᠯᠪᠠᠯ ᠵᠣᠬᠢᠨ᠎ᠠ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ | ᠢᠯᠡ ᠪᠣᠯᠭᠠᠬᠤ ᠠᠭᠤᠯᠭ᠎ᠠ ᠶᠢᠨ ᠲᠠᠯ᠎ᠠ ᠪᠠᠷ᠂ ︽ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠣᠷᠣᠨ ᠬᠡᠪᠴᠢᠶ᠎ᠡ᠂ ᠠᠵᠢᠯ ᠲᠥᠷᠥᠯ ᠤᠨ ᠣᠨᠴᠠᠯᠢᠭ ᠢᠶᠠᠨ ᠦᠨᠳᠦᠰᠦᠯᠡᠵᠦ᠂ ᠲᠤᠰ ᠭᠠᠵᠠᠷ | ᠣᠷᠣᠨ᠂ ᠲᠤᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠮᠡᠳᠡᠭᠡ | ᠵᠠᠩᠭᠢ ᠶᠢ ᠢᠯᠡ ᠪᠣᠯᠭᠠᠬᠤ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠯᠡ ᠪᠣᠯᠭᠠᠬᠤ ᠦᠢᠯᠡᠰ᠂ | ᠠᠭᠤᠯᠭ᠎ᠠ᠂ ᠴᠠᠭ ᠤᠨ ᠬᠢᠵᠠᠭᠠᠷ᠂ ᠠᠷᠭ᠎ᠠ ᠬᠡᠯᠪᠡᠷᠢ᠂ ᠬᠠᠷᠢᠭᠤᠴᠠᠯᠭᠠᠲᠤ ᠭᠤᠣᠯ ᠴᠣᠭᠴᠠ᠂ ᠬᠢᠨᠠᠯᠲᠠ ᠲᠠᠯᠪᠢᠬᠤ | ᠠᠷᠭ᠎ᠠ ᠵᠠᠮ ᠵᠡᠷᠭᠡ ᠶᠢ ᠨᠠᠷᠢᠯᠢᠭᠵᠢᠭᠤᠯᠤᠭᠰᠠᠨ ᠤ ᠳᠠᠷᠠᠭ᠎ᠠ᠂ ᠰᠠᠨᠠᠭᠠᠴᠢᠯᠠᠭ᠎ᠠ ᠲᠠᠢ ᠪᠠᠷ ᠢᠯᠡ ᠪᠣᠯᠭᠠᠬᠤ ᠭᠠᠷᠴᠠᠭ ᠤᠨ | ᠨᠠᠷᠢᠨ ᠳᠠᠩᠰᠠᠨ ᠳᠤ ᠣᠷᠣᠭᠤᠯᠤᠨ᠎ᠠ᠃ | ᠠᠰᠠᠭᠤᠯᠲᠠ᠄ ︽ᠰᠠᠨᠠᠯ︾ ᠳᠤ ︽ᠪᠦᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠲᠠᠪᠴᠠᠩ ᠢᠶᠠᠷ ᠬᠦᠢᠰᠦ ᠪᠣᠯᠭᠠᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠲᠠᠪᠴᠠᠩ ᠤᠨ ᠰᠢᠰᠲ᠋ᠧᠮᠵᠢ ᠶᠢ ᠪᠠᠶᠢᠭᠤᠯᠤᠨ᠎ᠠ︾ ᠭᠡᠵᠦ ᠳᠤᠷᠠᠳᠴᠠᠢ᠃ | ᠡᠨᠡ ᠨᠢ ᠭᠤᠣᠯᠳᠠᠭᠤ ᠶᠠᠮᠠᠷ ᠶᠠᠮᠠᠷ ᠲᠠᠯ᠎ᠠ ᠪᠠᠷ ᠪᠣᠳᠣᠯᠬᠢᠯᠠᠭᠰᠠᠨ ᠪᠣᠢ︖ | ᠬᠠᠷᠢᠭᠤᠯᠲᠠ᠄ ᠤᠷᠲᠤ ᠬᠤᠭᠤᠴᠠᠭ᠎ᠠ ᠠᠴᠠ ᠨᠠᠭᠠᠰᠢ᠂ ᠥᠵᠦ ᠵᠢᠷᠤᠭ ᠲᠥᠯᠥᠪᠯᠡᠭᠡ ᠪᠠ ᠨᠢᠭᠡᠳᠦᠯᠲᠡᠢ | ᠲᠥᠯᠥᠪᠵᠢᠭᠦᠯᠭᠡ ᠳᠤᠲᠠᠭᠳᠠᠭᠰᠠᠨ ᠠᠴᠠ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠰᠣᠯᠢᠯᠴᠠᠭᠠᠨ ᠤ | ᠬᠦᠷᠢᠶ᠎ᠡ ᠴᠠᠷᠠᠭ᠎ᠠ ᠳᠤ ᠨᠢᠭᠡᠨᠲᠡ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠨᠡᠯᠢᠶᠡᠳ ᠣᠯᠠᠨ | ᠵᠠᠭᠤᠴᠢᠯᠠᠭᠤᠷ ᠢ ᠪᠠᠶᠢᠭᠤᠯᠵᠤ᠂ ᠲᠡᠷᠡ ᠨᠢ ᠮᠡᠳᠡᠭᠡ ᠵᠠᠩᠭᠢ ᠶᠢᠨ ᠠᠯᠪᠠᠨ ᠵᠠᠷ ᠤᠨ ᠲᠠᠪᠴᠠᠩ ᠪᠤᠶᠤ ᠰᠦᠯᠵᠢᠶᠡᠨ ᠤ | ᠲᠤᠰᠬᠠᠢ ᠪᠤᠯᠤᠩ ᠢ ᠪᠠᠭᠲᠠᠭᠠᠵᠤ᠂ ᠬᠤᠭᠤᠷᠣ ᠬᠤᠭᠤᠷᠣᠨᠳᠤ ᠪᠠᠨ ᠰᠢᠰᠲ᠋ᠧᠮ ᠨᠢ ᠰᠠᠯᠤᠩᠭᠢ᠂ ᠲᠤᠭ᠎ᠠ ᠪᠠᠷᠢᠮᠲᠠ ᠨᠢ | ᠲᠠᠷᠠᠬᠠᠢ ᠪᠤᠲᠠᠷᠬᠠᠢ ᠪᠠᠶᠢᠳᠠᠭ᠃ ᠡᠭᠦᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠱᠠᠭᠠᠷᠳᠠᠯᠭ᠎ᠠ ᠶᠣᠰᠣᠭᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠪᠦᠬᠦ ᠤᠯᠤᠰ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢ ᠠᠬᠢᠭᠤᠯᠤᠨ ᠪᠠᠶᠢᠭᠤᠯᠤᠭᠰᠠᠨ ᠤ ᠬᠠᠮᠲᠤ᠂ 2017 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠠᠵᠢᠯᠯᠠᠭᠤᠯᠵᠠᠢ᠃ ᠲᠠᠪᠴᠠᠩ ᠨᠢ ᠭᠤᠯᠳᠤ | ᠴᠢᠭᠯᠡᠯ ᠢᠶᠠᠷ 32 ᠮᠤᠵᠢ ᠶᠢᠨ ᠱᠠᠲᠤᠨ ᠤ ᠲᠠᠪᠴᠠᠩ ᠪᠠ 400 ᠣᠷᠴᠢᠮ ᠬᠤᠲᠠ ᠶᠢᠨ ᠱᠠᠲᠤᠨ ᠤ ᠲᠠᠪᠴᠠᠩ ᠲᠠᠢ | ᠨᠡᠪᠲᠡᠷᠡᠵᠦ᠂ ᠬᠥᠨᠳᠡᠯᠡᠨ ᠴᠢᠭᠯᠡᠯ ᠢᠶᠠᠷ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠪᠠᠷ | ᠬᠦᠷᠲᠡᠬᠦ ᠲᠠᠪᠴᠠᠩ᠂ ᠪᠦᠬᠦ ᠤᠯᠤᠰ ᠤᠨ ᠪᠡᠯᠡ ᠣᠷᠤᠯᠠᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠂ ᠪᠦᠬᠦ ᠤᠯᠤᠰ ᠤᠨ ᠦᠨ᠎ᠡ ᠶᠢ ᠬᠢᠨᠠᠨ ᠬᠠᠮᠢᠶᠠᠷᠬᠤ 12358 | ᠲᠠᠪᠴᠠᠩ ᠲᠠᠢ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠪᠦᠬᠦ ᠤᠯᠤᠰ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶ᠎ᠡ ᠴᠠᠷᠠᠭ᠎ᠠ ᠳᠠᠬᠢ ᠡᠬᠢ ᠪᠠᠶᠠᠯᠢᠭ ᠢ ᠬᠠᠮᠲᠤ ᠪᠠᠷ ᠬᠦᠷᠲᠡᠬᠦ | ᠬᠦᠢᠰᠦ᠂ ᠠᠷᠠᠳ ᠲᠤ ᠳᠥᠭᠦᠮ ᠦᠵᠡᠭᠦᠯᠦᠨ ᠦᠢᠯᠡᠴᠢᠯᠡᠬᠦ ᠴᠣᠩᠬᠤ ᠪᠠ ᠵᠠᠰᠠᠭ ᠵᠠᠬᠢᠷᠭᠠᠨ ᠤ ᠬᠢᠨᠠᠨ | ᠬᠠᠮᠢᠶᠠᠷᠤᠯᠲᠠ ᠶᠢᠨ ᠶᠡᠭᠡ ᠵᠠᠮ ᠪᠣᠯᠣᠭᠰᠠᠨ ᠪᠠᠶᠢᠨ᠎ᠠ᠃ | ︽ᠰᠠᠨᠠᠯ︾ ᠳᠤ᠂ ︽ᠪᠦᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠠᠪᠴᠠᠩ ᠢᠶᠠᠷ ᠬᠦᠢᠰᠦ ᠪᠣᠯᠭᠠᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠤᠭ᠎ᠠ | ᠪᠠᠷᠢᠮᠲᠠ ᠶᠢ ᠬᠠᠮᠲᠤ ᠪᠠᠷ ᠬᠦᠷᠲᠡᠬᠦ ᠲᠠᠪᠴᠠᠩ ᠤᠨ ᠰᠢᠰᠲ᠋ᠧᠮᠴᠢ ᠶᠢ ᠪᠠᠶᠢᠭᠤᠯᠤᠨ᠎ᠠ︾᠂ ᠪᠣᠳᠠᠲᠠᠢ ᠪᠠᠷ ᠬᠡᠯᠡᠪᠡᠯ᠂ | ᠳᠠᠷᠤᠢ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠬᠢᠭᠡᠳ ᠮᠡᠳᠡᠭᠡ ᠵᠠᠩᠭᠢ ᠶᠢ ᠢᠯᠡ ᠪᠣᠯᠭᠠᠬᠤ ᠶᠢ ᠤᠶᠠᠯᠳᠤᠭᠤᠯᠵᠤ᠂ | ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠢᠭᠡ ᠴᠣᠭᠴᠠᠵᠢᠭᠤᠯᠬᠤ ᠪᠠᠷ ᠳᠠᠮᠵᠢᠭᠤᠯᠤᠨ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠤᠨ ᠰᠢᠰᠲ᠋ᠧᠮᠵᠢ ᠶᠢ ᠨᠢᠭᠡ ᠴᠣᠭᠴᠠᠵᠢᠭᠤᠯᠬᠤ ᠶᠢ ᠦᠨᠡᠨ ᠬᠦ | ᠪᠡᠶᠡᠯᠡᠭᠦᠯᠬᠦ ᠬᠡᠷᠡᠭᠲᠡᠢ ᠭᠡᠵᠦ ᠳᠤᠷᠠᠳᠴᠠᠢ᠃ ︽ᠰᠠᠨᠠᠯ︾ ᠤᠨ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠡᠬᠢ | ᠪᠠᠶᠠᠯᠢᠭ ᠢ ᠰᠣᠯᠢᠯᠴᠠᠬᠤ ᠶᠠᠪᠤᠴᠠ ᠳᠤ ᠪᠦᠷᠢᠯᠳᠦᠭᠰᠡᠨ ᠰᠣᠯᠢᠯᠴᠠᠭᠠᠨ ᠤ ᠠᠯᠪᠠᠨ ᠵᠠᠷ᠂ ᠬᠢᠷᠢ ᠭᠡᠮ ᠤᠨ ᠬᠢᠨᠠᠨ | ᠪᠠᠶᠢᠴᠠᠭᠠᠯᠲᠠ᠂ ᠳᠠᠭᠠᠭᠠᠴᠢᠯᠠᠯᠲᠠ ᠣᠨᠣᠭᠰᠠᠨ ᠮᠡᠳᠡᠭᠡ ᠵᠠᠩᠭᠢ᠂ ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ᠂ | ᠬᠤᠪᠢᠷᠠᠭᠤᠯᠤᠭᠰᠠᠨ ᠮᠡᠳᠡᠭᠡ ᠵᠠᠩᠭᠢ ᠵᠡᠷᠭᠡ ᠪᠦᠬᠦ ᠶᠠᠪᠤᠴᠠ ᠶᠢᠨ ᠰᠣᠯᠢᠯᠴᠠᠭᠠᠨ ᠤ ᠮᠡᠳᠡᠭᠡ ᠵᠠᠩᠭᠢ᠂ ᠵᠢᠴᠢ | ᠬᠤᠯᠪᠣᠭᠳᠠᠯ ᠪᠦᠬᠦᠢ ᠢᠲᠡᠭᠡᠮᠵᠢ ᠶᠢᠨ ᠮᠡᠳᠡᠭᠡ ᠵᠠᠩᠭᠢ᠂ ᠬᠢᠨᠠᠨ ᠬᠠᠮᠢᠶᠠᠷᠬᠤ ᠮᠡᠳᠡᠭᠡ ᠵᠠᠩᠭᠢ ᠵᠡᠷᠭᠡ ᠣᠯᠠᠨ | ᠨᠡᠶᠢᠲᠡ ᠶᠢᠨ ᠮᠡᠳᠡᠭᠡ ᠵᠠᠩᠭᠢ ᠶᠢ ᠪᠦᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠠᠪᠴᠠᠩ ᠳᠤ ᠨᠡᠶᠢᠯᠡᠭᠦᠯᠬᠦ᠂ ᠲᠥᠪᠯᠡᠷᠡᠭᠦᠯᠦᠨ ᠨᠢᠭᠡᠳᠦᠭᠦᠯᠬᠦ ᠪᠠ ᠢᠯᠡ ᠪᠣᠯᠭᠠᠵᠤ ᠬᠠᠮᠲᠤ ᠪᠠᠷ ᠬᠦᠷᠲᠡᠬᠦ ᠶᠢ | ᠪᠡᠶᠡᠯᠡᠭᠦᠯᠦᠨ᠎ᠡ᠃ ᠡᠨᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠶᠢᠵᠤ ᠯᠠᠪᠯᠠᠬᠤ ᠳᠤ ᠳᠥᠭᠦᠮ᠂ | ᠨᠡᠶᠢᠭᠡᠮ ᠤᠨ ᠪᠥᠭᠡᠭᠡᠨᠡᠷᠡᠭᠦᠯᠦᠨ ᠬᠢᠨᠠᠯᠲᠠ ᠲᠠᠯᠪᠢᠬᠤ ᠳᠤ ᠬᠢᠯᠪᠠᠷ ᠪᠣᠯᠭᠠᠭᠰᠠᠨ ᠢᠶᠠᠷ ᠪᠠᠷᠠᠬᠤ ᠦᠭᠡᠢ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠤᠨ ᠬᠥᠳᠡᠯᠦᠩᠭᠦᠢ ᠬᠢᠨᠠᠨ ᠬᠠᠮᠢᠶᠠᠷᠤᠯᠲᠠ ᠪᠠ ᠶᠡᠭᠡ ᠲᠤᠭ᠎ᠠ ᠪᠠᠷᠢᠮᠲᠠ ᠳᠤ ᠣᠶᠣᠨᠴᠢ | ᠬᠢᠨᠠᠨ ᠬᠠᠮᠢᠶᠠᠷᠤᠯᠲᠠ ᠶᠠᠪᠤᠭᠤᠯᠬᠤ ᠳᠤ ᠠᠰᠢᠭᠲᠠᠢ ᠪᠠᠶᠢᠳᠠᠭ᠃ | ᠠᠰᠠᠭᠤᠯᠲᠠ᠄ ︽ᠰᠠᠨᠠᠯ︾ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠢ︖ | ᠬᠠᠷᠢᠭᠤᠯᠲᠠ᠄ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠪᠣᠳᠠᠲᠤ | ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠶᠢᠨ ᠲᠥᠯᠥᠭᠡ᠂ ︽ᠰᠠᠨᠠᠯ︾ ᠳᠤ ᠭᠤᠷᠪᠠᠨ ᠲᠠᠯ᠎ᠠ ᠶᠢᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠲᠣᠭᠲᠠᠭᠠᠵᠠᠢ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠤ ᠬᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ | ᠬᠤᠪᠢᠶᠠᠷᠢᠯᠠᠯᠲᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠪᠠᠲᠤᠳᠬᠠᠵᠤ᠂ ᠵᠠᠰᠠᠭ ᠤᠨ ᠣᠷᠳᠣᠨ ᠤ ᠠᠯᠪᠠᠨ | ᠲᠢᠩᠬᠢᠮ ︵ᠭᠡᠷ︶ ᠨᠢ ᠵᠣᠬᠢᠶᠠᠨ ᠪᠠᠶᠢᠭᠤᠯᠤᠨ ᠵᠣᠬᠢᠴᠠᠭᠤᠯᠬᠤ ᠰᠠᠯᠠᠭ᠎ᠠ ᠮᠥᠴᠢᠷ ᠪᠣᠯᠣᠭᠰᠠᠨ ᠤ ᠬᠤᠪᠢ ᠳᠤ᠂ | ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ | ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ | ᠲᠠᠷᠢᠶᠠᠯᠠᠩ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠂ ᠬᠢᠨᠠᠨ ᠪᠣᠳᠣᠬᠤ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠣᠢ ᠰᠢᠭᠤᠢ᠂ | ᠲᠡᠮᠦᠷ ᠵᠠᠮ᠂ ᠠᠷᠠᠳ ᠤᠨ ᠠᠭᠠᠷ ᠤᠨ ᠠᠶᠠᠯᠠᠯ ᠵᠡᠷᠭᠡ ᠰᠠᠯᠠᠭ᠎ᠠ ᠮᠥᠴᠢᠷ ᠵᠢᠴᠢ ᠣᠯᠠᠨ ᠨᠡᠶᠢᠲᠡ ᠶᠢᠨ ᠡᠬᠢ | ᠪᠠᠶᠠᠯᠢᠭ ᠤᠨ ᠰᠣᠯᠢᠯᠴᠠᠭᠠᠨ ᠤ ᠬᠠᠮᠢᠶ᠎ᠠ ᠪᠦᠬᠦᠢ ᠬᠢᠨᠠᠨ ᠬᠠᠮᠢᠶᠠᠷᠬᠤ ᠪᠠᠶᠢᠭᠤᠯᠤᠮᠵᠢ ᠲᠠᠢ ᠬᠠᠮᠲᠤᠷᠠᠵᠤ᠂ ᠠᠵᠢᠯ ᠤᠨ | ᠬᠠᠷᠠᠯᠲᠠ ᠶᠢ ᠲᠣᠳᠣᠷᠬᠠᠶᠢᠯᠠᠬᠤ ᠪᠠ ᠪᠣᠳᠠᠲᠠᠢ ᠠᠵᠢᠯ ᠤᠨ ᠲᠣᠬᠢᠷᠠᠭᠤᠯᠤᠯᠲᠠ ᠶᠢ ᠳᠤᠷᠠᠳᠴᠤ᠂ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠲᠤᠰᠬᠠᠬᠤ ᠶᠢ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢᠨ ᠬᠠᠮᠲᠤ ᠰᠠᠶᠢᠲᠤᠷ ᠬᠢᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ | ᠬᠤᠶᠠᠷ ᠲᠤ᠂ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠣᠯᠠᠨ | ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ ᠴᠠᠷᠠᠭ᠎ᠠ ᠳᠠᠬᠢ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠳᠤ ᠪᠠᠶᠢᠴᠠᠭᠠᠯᠲᠠ ᠬᠢᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠯ ᠪᠦᠷᠢ ᠲᠤᠰ | ᠬᠦᠷᠢᠶ᠎ᠡ ᠴᠠᠷᠠᠭ᠎ᠠ ᠳᠠᠬᠢ ᠠᠵᠢᠯ ᠤᠨ ᠠᠬᠢᠯᠲᠠ ᠶᠢᠨ ᠪᠠᠶᠢᠳᠠᠯ ᠢ ᠠᠳᠠᠯᠢ ᠱᠠᠲᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠭᠰᠠᠨ ᠵᠢᠯ ᠤᠨ ᠮᠡᠳᠡᠭᠦᠯᠦᠯᠲᠡ ᠳᠤ ᠨᠡᠶᠢᠲᠡᠯᠡᠬᠦ ᠬᠡᠷᠡᠭᠲᠡᠢ᠃ | ᠭᠤᠷᠪᠠ ᠳᠤ᠂ ᠰᠢᠯᠭᠠᠨ ᠬᠢᠨᠠᠯᠲᠠ ᠪᠠ ᠦᠨᠡᠯᠡᠯᠲᠡ ᠶᠢ ᠰᠠᠶᠢᠲᠤᠷ ᠬᠢᠨ᠎ᠡ᠃ ᠣᠷᠣᠨ ᠨᠤᠲᠤᠭ ᠤᠨ ᠡᠯ᠎ᠡ | ᠱᠠᠲᠤᠨ ᠤ ᠵᠠᠰᠠᠭ ᠤᠨ ᠣᠷᠳᠣᠨ ᠤ ᠬᠢᠨ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶ᠎ᠡ | ᠴᠠᠷᠠᠭ᠎ᠠ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠬᠤ ᠶᠢᠨ ᠬᠠᠮᠲᠤ᠂ | ᠭᠤᠷᠪᠠᠳᠠᠭᠴᠢ ᠡᠲᠡᠭᠡᠳ ᠢ ᠲᠠᠲᠠᠨ ᠣᠷᠣᠭᠤᠯᠵᠤ ᠦᠨᠡᠯᠡᠯᠲᠡ ᠬᠢᠯᠭᠡᠬᠦ ᠲᠣᠭᠲᠠᠴᠠ ᠶᠢ ᠬᠠᠶᠢᠨ ᠰᠦᠪᠡᠭᠴᠢᠯᠡᠵᠦ᠂ | ᠠᠵᠢᠯ ᠢᠶᠠᠨ ᠦᠷ᠎ᠡ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠵᠣᠷᠢᠭᠵᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠢᠯᠡ | ᠪᠣᠯᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠯ᠂ ᠵᠠᠷᠯᠠᠨ ᠰᠢᠭᠦᠮᠵᠢᠯᠡᠬᠦ ᠶᠢᠨ ᠬᠠᠮᠲᠤ᠂ | ᠵᠢᠯ ᠤᠨ ᠰᠢᠯᠭᠠᠨ ᠬᠢᠨᠠᠯᠲᠠ ᠳᠤ ᠢᠯᠡᠷᠡᠭᠦᠯᠬᠦ ᠬᠡᠷᠡᠭᠲᠡᠢ︔ ᠠᠵᠢᠯ ᠤᠨ ᠠᠮᠵᠢᠯᠲᠠ ᠪᠦᠲᠦᠮᠵᠢ ᠨᠢ ᠲᠣᠪᠣᠶᠢᠮ᠎ᠠ ᠪᠣᠯ᠂ | ᠵᠠᠷᠯᠠᠨ ᠰᠠᠶᠢᠰᠢᠶᠠᠬᠤ ᠬᠡᠷᠡᠭᠲᠡᠢ᠃ | | |