ᠦᠪᠦᠷ ᠮᠤᠩᠭᠤᠯ ᠪᠦᠬᠦ ᠤᠯᠤᠰ ᠤᠨ ᠮᠤᠩᠭᠤᠯ ᠰᠦᠯᠵᠢᠶᠡᠨ ᠵᠠᠭᠤᠴᠢᠯᠠᠭᠤᠷ ᠤᠨ ᠭᠤᠤᠯ ᠰᠡᠳᠦᠪᠳᠦ ᠰᠤᠳᠤᠯᠤᠨ ᠶᠠᠷᠢᠯᠴᠠᠬᠤ ᠬᠤᠷᠡᠯ ᠬᠢᠪᠡ
ᠨᠡᠶᠢᠲᠡᠯᠡᠭᠰᠡᠨ ᠴᠠᠭ᠄
2018/1/15
      1 ᠳ᠋ᠤᠭᠡᠷ ᠰᠠᠷ᠎ᠠ ᠶᠢᠨ 12᠎ ᠤᠨ ᠡᠳᠦᠷ᠂ ᠪᠦᠬᠦ ᠤᠯᠤᠰ ᠤᠨ ᠮᠤᠩᠭᠤᠯ ᠰᠦᠯᠵᠢᠶᠡᠨ ᠵᠠᠭᠤᠴᠢᠯᠠᠭᠤᠷ ᠤᠨ ᠨᠠᠮ ᠤᠨ ᠠᠷᠪᠡ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠰᠤᠷᠤᠯᠴᠡᠵᠦ ᠤᠬᠠᠭᠤᠯᠤᠨ ᠳᠤᠤᠱᠯᠠᠭᠤᠯᠬᠤ ᠭᠤᠤᠯ ᠰᠡᠳᠦᠪᠳᠦ ᠰᠤᠳᠤᠯᠤᠨ ᠶᠠᠷᠢᠯᠴᠠᠬᠤ ᠬᠤᠷᠡᠯ ᠠᠷᠦ ᠬᠤᠷᠴᠢᠨ ᠬᠤᠰᠢᠭᠤᠨ ᠳᠤ ᠶᠠᠪᠤᠭᠳᠠᠪᠠ᠃      ᠶᠠᠷᠢᠯᠴᠠᠬᠤ ᠬᠤᠷᠡᠯ ᠢ ᠦᠪᠡᠷᠳᠡᠬᠡᠨ ᠵᠠᠰᠠᠬᠤ ᠤᠷᠤᠨ ᠤ ᠢᠨᠲ᠋ᠧᠷ ᠰᠦᠯᠵᠢᠶ᠎ᠠ ᠶᠢᠨ ᠮᠡᠳᠡᠭᠡ ᠵᠠᠩᠬᠢ ᠶᠢᠨ ᠬᠠᠮᠢᠶᠡᠷᠦᠯᠳᠡ ᠶᠢᠨ ᠠᠯᠪᠠᠨ ᠬᠡᠷ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠭᠤᠤᠯᠯᠠᠨ ᠡᠷᠬᠢᠯᠡᠵᠦ᠂ ᠳᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ᠂ ᠠᠷᠦ ᠬᠤᠷᠴᠢᠨ ᠬᠤᠰᠢᠭᠤᠨ ᠤ ᠤᠬᠠᠭᠤᠯᠬᠤ ᠬᠡᠯᠳᠡᠰ ᠠᠴᠠ ᠳᠠᠭᠠᠭᠠᠴᠢᠯᠠᠨ ᠡᠷᠬᠢᠯᠡᠵᠦ᠂ ᠰᠢᠨᠬᠤᠸᠠ ᠰᠦᠯᠵᠢᠶ᠎ᠡ᠂ ᠲᠦᠪ ᠷᠠᠳᠢᠣ᠋ ᠶᠢᠨ ᠮᠤᠩᠭᠤᠯ ᠰᠦᠯᠵᠢᠶ᠎ᠡ᠂ ᠲᠦᠪ ᠲᠧᠯᠸᠢᠰ ᠤᠨ ᠮᠤᠩᠭᠤᠯ ᠰᠦᠯᠵᠢᠶ᠎ᠡ᠂ ᠲᠤᠮᠳᠠᠳᠦ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ᠂ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶᠠᠨ ᠤ ᠲᠡᠭᠷᠢ ᠰᠦᠯᠵᠢᠶ᠎ᠡ᠂ ᠲᠠᠯ᠎ᠠ ᠶᠢᠨ ᠲᠠᠭᠤ ᠬᠤᠭᠤᠯᠠᠢ ᠷᠠᠳᠢᠣ᠋᠂ ᠰᠤᠯᠤᠩᠭ᠎ᠠ ᠰᠦᠯᠵᠢᠶ᠎ᠡ᠂ ᠰᠢᠯᠢ ᠶᠢᠨ ᠭᠤᠤᠯ ᠤᠨ ᠡᠳᠦᠷ ᠤᠨ ᠰᠤᠨᠢᠨ ᠤ ᠰᠦᠯᠵᠢᠶ᠎ᠡ᠂ ᠤᠯᠠᠭᠠᠨᠬᠠᠳᠠ ᠶᠢᠨ ᠡᠳᠦᠷ ᠤᠨ ᠰᠤᠨᠢᠨ ᠤ ᠰᠦᠯᠵᠢᠶ᠎ᠡ᠂ ᠠᠯᠠᠱᠠ ᠶᠢᠨ ᠡᠳᠦᠷ ᠤᠨ ᠰᠤᠨᠢᠨ ᠤ ᠰᠦᠯᠵᠢᠶ᠎ᠡ᠂ ᠤᠯᠠᠭᠠᠡᠨᠬᠳᠠ ᠶᠢᠨ ᠷᠡᠳᠢᠣ᠋ ᠲᠧᠯᠸᠢᠰ ᠬᠤᠷᠢᠶᠠᠨ ᠤ ᠰᠦᠯᠵᠢᠶ᠎ᠡ᠂ ᠮᠦᠩᠬᠡ ᠭᠠᠯ ᠰᠤᠹᠲ ᠺᠤᠮᠫᠠᠨᠢ᠂ ᠲᠡᠯᠡᠬᠡᠢ ᠰᠤᠹᠲ ᠺᠤᠮᠫᠠᠨᠢ᠂ ᠬᠤᠸᠠ ᠭᠤᠸᠠᠩ ᠰᠤᠹᠲ ᠺᠤᠮᠫᠠᠨᠢ᠂ ᠪᠤᠯᠵᠤᠭ᠎ᠠ ᠺᠤᠮᠫᠠᠨᠢ᠂ ᠴᠢᠩᠬᠢᠰ ᠰᠦᠯᠵᠢᠶ᠎ᠡ᠂ ᠠᠯᠳᠠᠨ ᠬᠦᠷᠳᠦ ᠰᠦᠯᠵᠢᠶ᠎ᠡ ᠵᠡᠷᠬᠡ ᠠᠷᠪᠠᠭᠠᠳ ᠵᠠᠭᠤᠴᠢᠯᠠᠭᠤᠷ ᠪᠤᠯᠤᠨ ᠳᠦᠷᠪᠡᠨ ᠮᠤᠩᠭᠤᠯ ᠰᠤᠹᠲ ᠺᠤᠮᠫᠠᠨᠢ ᠶᠢᠨ 20 ᠭᠠᠷᠦᠢ ᠳᠦᠯᠦᠬᠡᠯᠡᠭᠴᠢᠳ ᠤᠷᠤᠯᠴᠠᠵᠠᠢ᠃      ᠵᠠᠭᠤᠴᠢᠯᠠᠭᠤᠷ ᠤᠨ ᠳᠦᠯᠦᠬᠡᠯᠡᠭᠴᠢᠳ ᠠᠴᠠ ᠰᠢᠨ᠎ᠡ ᠵᠠᠭᠤᠴᠢᠯᠠᠭᠤᠷ ᠲᠤ ᠨᠡᠶᠢᠲᠡᠯᠡᠭᠰᠡᠨ ᠪᠦᠳᠦᠬᠡᠯ ᠤᠨ ᠵᠤᠬᠢᠶᠠᠭᠴᠢ ᠶᠢᠨ ᠡᠷᠬᠡ᠂ ᠰᠢᠯᠵᠢᠬᠦᠯᠦᠨ ᠨᠡᠶᠢᠲᠡᠯᠡᠬᠦ ᠡᠷᠬᠡ ᠶᠢᠨ ᠳᠤᠬᠠᠢ᠂ ᠮᠤᠩᠭᠤᠯ ᠰᠦᠯᠵᠢᠶ᠎ᠡ ᠨᠢ ᠬᠦᠭᠵᠢᠯᠳᠡ ᠶᠢᠨ ᠠᠩᠬᠠᠨ ᠤ ᠱᠠᠳᠤᠨ ᠳᠤ ᠪᠠᠶᠢᠭ᠎ᠠ ᠪᠦᠬᠡᠳ ᠢᠷᠡᠬᠡᠳᠦᠢ ᠳᠤ ᠮᠤᠩᠭᠤᠯ ᠬᠡᠯᠡᠨ ᠤ ᠤᠯᠠᠨ ᠤᠯᠤᠰ ᠤᠨ ᠪᠠᠷᠢᠮᠵᠢᠶ᠎ᠠ ᠺᠤᠳ᠋ ᠢᠶᠠᠷ ᠨᠢᠬᠡᠳᠬᠡᠬᠦ ᠬᠡᠷᠡᠭᠳᠡᠢ ᠪᠤᠯᠤᠭᠠᠳ ᠪᠠᠶᠢᠭ᠎ᠠ᠂ ᠡᠯ᠎ᠡ ᠵᠠᠭᠤᠴᠢᠯᠠᠭᠤᠷ ᠲᠤ ᠠᠵᠦ ᠠᠬᠤᠢ ᠶᠢᠨ ᠮᠡᠳᠡᠬᠡᠯᠡᠯ ᠬᠤᠮᠰᠠ ᠪᠤᠯᠵᠦ ᠤᠳᠬ᠎ᠠ ᠤᠷᠠᠯᠢᠭ ᠤᠨ ᠳᠠᠯ᠎ᠠ ᠶᠢᠨ ᠮᠡᠳᠡᠬᠡᠯᠡᠯ ᠤᠯᠠᠰᠢᠷᠠᠵᠦ ᠪᠠᠶᠢᠭ᠎ᠠ᠂ ᠠᠯᠪᠠᠨ ᠤ ᠪᠠ ᠢᠷᠬᠡᠨ ᠤ ᠰᠦᠯᠵᠢᠶ᠎ᠡ ᠶᠢᠨ ᠢᠯᠭᠠᠭ᠎ᠠ ᠵᠦᠷᠢᠶ᠎ᠡ ᠶᠢᠨ ᠳᠠᠯ᠎ᠠ ᠪᠠᠷ᠂ ᠭᠤᠤᠯ ᠰᠡᠳᠦᠪᠳᠦ ᠮᠡᠳᠡᠬᠡᠯᠡᠯ ᠬᠢᠬᠦ ᠦᠶᠡᠰ ᠰᠦᠯᠵᠢᠶᠡᠨ ᠵᠠᠭᠤᠴᠢᠯᠠᠭᠤᠷ ᠤᠨ ᠬᠢᠨ ᠬᠠᠮᠳᠤᠷᠠᠯᠴᠠᠨ ᠮᠡᠳᠡᠬᠡᠯᠡᠬᠦ ᠳᠠᠯ᠎ᠠ ᠪᠠᠷ᠂ ᠰᠢᠨ᠎ᠡ ᠵᠠᠭᠤᠴᠢᠯᠠᠭᠤᠷ ᠤᠨ ᠮᠡᠷᠬᠡᠵᠢᠯ ᠤᠨ ᠴᠢᠳᠠᠪᠤᠷᠢᠳᠡᠨ ᠳᠤᠳᠠᠮᠠᠭ᠂ ᠳᠤᠭᠳᠠᠴᠠ ᠪᠠᠶᠢᠭᠤᠯᠤᠮᠵᠢ ᠵᠢᠴᠢ ᠬᠤᠯᠪᠤᠭᠠᠯᠠᠯ ᠪᠠᠶᠢᠭᠤᠯᠬᠤ ᠳᠤᠬᠠᠢ᠂ ᠰᠢᠨ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠷᠠᠭᠤᠯᠤᠭᠴᠢᠳ ᠤᠨ ᠰᠢᠨ᠎ᠡ ᠵᠠᠭᠤᠴᠢᠯᠠᠭᠤᠷ ᠤᠨ ᠢᠶᠠᠨ ᠳᠤᠬᠠᠢ ᠦᠵᠡᠯᠳᠡ ᠤᠶᠢᠯᠠᠭᠠᠯᠲᠠ ᠬᠦᠢᠴᠡᠳ ᠪᠤᠰᠦ ᠳᠤᠳᠤᠷᠬᠠᠢ ᠪᠤᠰᠦ ᠪᠠᠶᠢᠭ᠎ᠠ ᠵᠡᠷᠭᠡ ᠳᠠᠯ᠎ᠠ ᠪᠠᠷ ᠶᠠᠷᠢᠯᠴᠠᠵᠠᠢ᠃      ᠬᠤᠷᠡᠯ ᠳᠤ᠂ ︽ᠪᠦᠬᠦ ᠤᠯᠤᠰ ᠤᠨ ᠮᠤᠩᠭᠤᠯ ᠰᠦᠯᠵᠢᠶᠡᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠰᠠᠭᠤᠷᠢᠨ︾᠎ ᠤ  ᠢᠯᠡᠷᠭᠡᠶᠢᠯᠡᠯ ᠰᠡᠬᠦᠬᠦ ᠶᠤᠰᠤᠯᠡᠯ ᠪᠤᠯᠵᠦ᠂ ᠠᠷᠦ ᠬᠤᠷᠴᠢᠨ ᠬᠤᠰᠢᠭᠤ ᠨᠢ ᠪᠦᠬᠦ ᠤᠯᠤᠰ ᠤᠨ ᠮᠤᠩᠭᠤᠯ ᠰᠦᠯᠵᠢᠶᠡᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠰᠠᠭᠤᠷᠢᠨ ᠪᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号