| ᠰᠤᠷᠪᠤᠯᠵᠢᠯᠠᠭᠰᠠᠨ ᠴᠠᠭ᠄ | 2017 ᠣᠨ ᠤ 12 ᠳ᠋ᠤᠭᠠᠷ ᠰᠠᠷ᠎ᠠ ᠶᠢᠨ 18 ᠤ ᠡᠳᠦᠷ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠪᠦᠬᠦ | ᠠᠷᠠᠳ ᠤᠨ ᠪᠡᠶ᠎ᠡ ᠴᠡᠬᠢᠷᠡᠬᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠤᠤᠨ ᠤᠨ ᠡᠪᠦᠯ ᠤᠨ ᠤᠯᠠᠷᠢᠯ ᠤᠨ ᠣᠯᠢᠮᠫᠢᠺ ᠤᠨ | ᠲᠠᠮᠢᠷ ᠤᠨ ᠴᠤᠭᠯᠠᠭᠠᠨ ᠢ ᠪᠡᠯᠡᠳᠬᠡᠨ ᠡᠷᠬᠢᠯᠡᠬᠦ ᠠᠵᠢᠯ ᠢ ᠰᠠᠶᠢᠲᠤᠷ ᠬᠢᠨ᠎ᠡ︾ ᠭᠡᠵᠦ ᠳᠤᠷᠠᠳᠴᠤ᠂ ᠮᠠᠨ ᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠠᠵᠢᠯ ᠢ | ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠣᠯᠣᠩ ᠳᠤ | ᠰᠠᠭᠠᠲᠠᠵᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠠᠵᠢᠯ ᠤᠨ ᠪᠠᠶᠢᠳᠠᠯ ᠤᠨ ᠲᠤᠬᠠᠶ ᠣᠯᠠᠨ ᠲᠠᠢ | ᠰᠦᠯᠵᠢᠶᠡᠨ ᠳᠡᠭᠡᠷ᠎ᠡ ᠰᠠᠨᠠᠯ ᠰᠣᠯᠢᠯᠴᠠᠬᠤ ᠪᠣᠯᠤᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠶ᠎ᠠ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | ᠬᠥᠲᠥᠯᠥᠭᠴᠢ᠄ | ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ | ᠬᠦᠯᠢᠶᠡᠨ ᠰᠣᠨᠢᠷᠬᠠᠭᠰᠠᠨ ᠳᠤ ᠪᠠᠶᠠᠷᠯᠠᠯ᠎ᠠ᠂ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠮᠢᠩ ᠨᠥᠬᠦᠷ ᠢ ᠤᠷᠢᠵᠤ ᠮᠠᠨ ᠤ ᠣᠷᠣᠨ ᠤ ᠪᠡᠶ᠎ᠡ ᠶᠢᠨ | ᠲᠠᠮᠢᠷ ᠤᠨ ᠦᠢᠯᠡᠰ ᠤᠨ ᠠᠵᠢᠯ ᠤᠨ ᠪᠠᠶᠢᠳᠠᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠬᠤ | ᠪᠣᠯᠤᠨ᠎ᠠ᠃ ᠱᠢ ᠳᠠᠷᠤᠭ᠎ᠠ ᠲᠠᠨ ᠢ ᠪᠠᠶᠠᠷᠯᠠᠨ ᠤᠭᠲᠤᠵᠤ ᠪᠠᠶᠢᠨ᠎ᠠ︕ | ᠱᠢ ᠯᠢ ᠮᠢᠩ᠄ | ᠬᠥᠲᠥᠯᠥᠭᠴᠢ ᠰᠠᠶᠢᠨ ᠪᠠᠶᠢᠨ᠎ᠠ ᠦᠦ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ᠂ | ᠤᠷᠳᠤ ᠬᠤᠭᠤᠴᠠᠭᠠᠨ ᠤ ᠲᠤᠷᠰᠢ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠲᠤ ᠠᠩᠬᠠᠷᠤᠯ ᠢᠶᠠᠨ | ᠬᠠᠨᠳᠤᠭᠤᠯᠵᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠲᠠ ᠤᠯᠠᠨ ᠳᠠᠭᠠᠨ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ᠃ | ᠬᠥᠲᠥᠯᠥᠭᠴᠢ᠄ | 10 ᠳ᠋ᠤᠭᠠᠷ ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ | ᠤᠳᠠᠭ᠎ᠠ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠪᠠᠷ ᠲᠡᠭᠦᠰᠪᠡ᠃ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠪᠠᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠮᠠᠨ ᠤ ᠣᠷᠣᠨ ᠤ | ᠪᠡᠶ᠎ᠡ ᠶᠢᠨ ᠲᠠᠮᠢᠷ ᠤᠨ ᠠᠵᠢᠯᠲᠠᠳ ᠲᠤ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠢ ᠶᠠᠷᠢᠭᠠᠳ ᠥᠭᠭᠦᠨ᠎ᠡ | ᠦᠦ︖ | ᠱᠢ ᠯᠢ ᠮᠢᠩ᠄ | ᠨᠢᠭᠡ ᠳᠤ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠣᠭᠢ ᠰᠢᠮ᠎ᠡ ᠪᠠ ᠴᠢᠬᠤᠯᠠ ᠠᠭᠤᠯᠭ᠎ᠠ ᠶᠢ | ᠭᠦᠨᠵᠡᠭᠡᠶ ᠣᠢᠢᠯᠠᠭᠠᠨ ᠡᠵᠡᠮᠰᠢᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠬᠢᠭᠰᠡᠨ ᠠᠷᠪᠠ ᠶᠢᠰᠦᠳᠦᠭᠡᠷ | ᠶᠡᠭᠡ ᠬᠤᠷᠠᠯ ᠤᠨ ᠢᠯᠡᠳᠬᠡᠯ ᠨᠢ ᠰᠢᠨ᠎ᠡ ᠴᠠᠭ ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠬᠡᠷᠬᠢᠨ ᠪᠠᠷᠢᠮᠲᠠᠯᠠᠨ ᠬᠥᠭᠵᠢᠭᠦᠯᠬᠦ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠰᠢᠰᠲ᠋ᠧᠮ | ᠲᠠᠢ ᠬᠠᠷᠢᠭᠤᠯᠲᠠ ᠥᠭᠭᠦᠭᠰᠡᠨ ᠪᠥᠭᠡᠳ ᠲᠡᠷᠡ ᠨᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠶᠡᠷᠦᠩᠬᠡᠶ ᠬᠥᠲᠥᠯᠪᠦᠷᠢ᠂ ᠶᠡᠷᠦᠩᠬᠡᠶ ᠵᠢᠷᠤᠭ ᠲᠥᠯᠥᠪᠯᠡᠭᠡ᠂ ᠶᠡᠷᠦᠩᠬᠡᠶ ᠪᠤᠳᠤᠯᠭ᠎ᠠ | ᠮᠥᠨ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯᠲᠠᠳ ᠳᠠᠶᠠᠭᠠᠷ ᠢᠶᠠᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠲᠡᠷᠢᠭᠦᠨ ᠴᠢᠬᠤᠯᠠ ᠶᠠᠪᠤᠳᠠᠯ ᠪᠣᠯᠭᠠᠨ | ᠠᠳᠬᠤᠵᠤ᠂ ᠲᠦᠷᠭᠡᠨ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠡᠭᠦᠰᠬᠡᠬᠦ ᠬᠡᠷᠡᠭᠲᠡᠢ᠃ ᠬᠤᠶᠠᠷ ᠲᠤ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠬᠢᠨᠠᠮᠠᠭᠠᠶ ᠰᠠᠶᠢᠲᠤᠷ | ᠬᠢᠬᠦ ᠬᠡᠷᠡᠭᠲᠡᠶ᠃ ᠰᠤᠷᠤᠯᠴᠠᠯᠭ᠎ᠠ ᠶᠢ ᠰᠠᠶᠢᠲᠤᠷ ᠠᠳᠬᠤᠨ᠂ ᠦᠨᠡᠨ ᠮᠥᠨ ᠢᠶᠠᠷ ᠨᠢ ᠰᠤᠷᠤᠯᠴᠠᠵᠤ ᠵᠣᠬᠢᠶᠠᠨ | ᠪᠠᠶᠢᠭᠤᠯᠵᠤ ᠲᠥᠪᠯᠡᠷᠡᠭᠦᠯᠦᠨ ᠰᠤᠷᠤᠯᠴᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠷᠭᠡᠨ | ᠳᠡᠯᠭᠡᠷ ᠢᠶᠠᠷ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠢᠶᠠᠨ ᠰᠤᠷᠤᠯᠴᠠᠬᠤ ᠠᠵᠢᠯ ᠢ | ᠥᠷᠨᠢᠭᠦᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠴᠤ ᠨᠡᠪᠲᠡᠷᠬᠡᠶ ᠡᠵᠡᠮᠰᠢᠬᠦ | ᠬᠡᠷᠡᠭᠲᠡᠶ᠃ ᠤᠬᠠᠭᠤᠯᠭ᠎ᠠ ᠶᠢ ᠠᠳᠬᠤᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠱᠠᠳᠤ ᠱᠠᠳᠤ ᠪᠠᠷ | ᠵᠣᠬᠢᠶᠠᠨ ᠪᠠᠶᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ | ᠭᠦᠨ ᠰᠠᠭᠤᠭᠳᠠᠭᠤᠯᠵᠤ᠂ ᠪᠦᠬᠦ ᠺᠠᠳ᠋ᠷ ᠠᠵᠢᠯᠲᠠᠨ ᠠᠵᠢᠯᠴᠢᠨ ᠤ ᠰᠢᠨ᠎ᠡ ᠠᠶᠠᠨ ᠵᠠᠮ ᠳᠡᠭᠡᠷᠡᠬᠢ ᠣᠷᠭᠢᠯᠤᠮ᠎ᠠ | ᠰᠡᠳᠬᠢᠯᠭᠡ ᠪᠠ ᠡᠷᠴᠢ ᠵᠣᠷᠢᠭ ᠢ ᠨᠢ ᠬᠥᠭᠵᠢᠭᠡᠬᠦ ᠬᠡᠷᠡᠭᠲᠡᠢ᠃ ᠳᠠᠭᠠᠭᠤᠯᠤᠨ ᠭᠦᠢᠴᠡᠳᠬᠡᠬᠦ ᠶᠢ ᠠᠳᠬᠤᠵᠤ᠂ | ᠤᠳᠤᠷᠢᠳᠬᠤ ᠺᠠᠳ᠋ᠷᠴᠤᠳ ᠡᠮᠦᠨ᠎ᠡ ᠨᠢ ᠳᠠᠭᠠᠭᠤᠯᠵᠦ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠤ ᠤᠬᠠᠭᠤᠯᠤᠨ ᠲᠤᠤᠱᠯᠠᠭᠤᠯᠵᠤ᠂ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ | ᠭᠤᠷᠪᠠ ᠳᠤ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ | ᠰᠢᠨ᠎ᠡ ᠭᠠᠷᠤᠭ᠎ᠠ ᠪᠣᠯᠭᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠤᠭᠡᠨ ᠪᠠᠶᠢᠭᠤᠯᠤᠯᠲᠠ ᠶᠢᠨ | ᠰᠢᠨ᠎ᠡ ᠠᠶᠠᠯᠡᠯ ᠢ ᠡᠬᠢᠯᠡᠭᠦᠯᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠬᠤ ᠳᠤ᠂ ᠣᠶᠢᠯᠠᠭᠠᠬᠤ ᠶᠢ ᠴᠢᠬᠤᠯᠠᠴᠢᠯᠠᠵᠤ᠂ ᠦᠢᠯᠡᠳᠦᠯᠭᠡᠵᠢᠭᠦᠯᠬᠦ ᠪᠠᠷ ᠭᠤᠣᠯᠳᠠᠭᠤᠯᠵᠤ᠂ | ᠨᠠᠶᠢᠳᠠᠪᠤᠷᠢᠵᠢᠭᠤᠯᠬᠤ ᠶᠢ ᠡᠷᠬᠢᠮᠯᠡᠬᠦ ᠬᠡᠷᠡᠭᠲᠡᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠨ᠎ᠡ ᠦᠵᠡᠯ | ᠰᠠᠨᠠᠭ᠎ᠠ᠂ ᠰᠢᠨ᠎ᠡ ᠬᠥᠳᠡᠯᠭᠡᠬᠦ ᠬᠦᠴᠦᠨ ᠢ ᠰᠤᠷᠤᠯᠴᠠᠨ ᠲᠤᠤᠱᠯᠠᠭᠤᠯᠬᠤ ᠶᠢ ᠬᠥᠭᠵᠢᠯᠲᠡ ᠶᠢᠨ ᠳᠤᠮᠳᠠ ᠪᠠᠨ | ᠨᠢᠭᠲᠠᠷᠠᠭᠤᠯᠵᠤ᠂ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ ᠠᠭᠤᠤ ᠶᠡᠭᠡ ᠦᠢᠯᠡᠰ ᠤᠨ ᠳᠤᠮᠳᠠ ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠬᠤ ᠳᠡᠭᠡᠷ᠎ᠡ | ᠨᠠᠶᠢᠳᠠᠪᠤᠷᠢᠵᠢᠭᠤᠯᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠶ ᠥᠷᠨᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢ ᠰᠠᠶᠢᠲᠤᠷ ᠡᠷᠬᠢᠯᠡᠬᠦ︾ ᠶᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠵᠢᠭᠠᠨ | ᠵᠢᠯᠣᠭᠤᠳᠤᠭᠰᠠᠨ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃ | ᠬᠥᠲᠥᠯᠥᠭᠴᠢ᠄ | ᠡᠨᠡ ᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠤᠢ ᠪᠣᠯᠤᠨ᠎ᠠ᠂ ᠲᠡᠭᠡᠪᠡᠯ 70 ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠠᠵᠢᠯ ᠶᠠᠮᠠᠷ ᠶᠠᠮᠠᠷ ᠠᠮᠵᠢᠯᠲᠠ ᠣᠯᠣᠭᠰᠠᠨ ᠪᠣᠢ︖ | ᠱᠢ ᠯᠢ ᠮᠢᠩ᠄ | 70 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠳᠣᠣᠷ᠎ᠠ᠂ | ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯᠲᠠᠳ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ ᠪᠦᠯᠬᠦᠮᠳᠡᠨ | ᠲᠡᠮᠡᠴᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠰᠦᠷ ᠳᠠᠯᠠᠶᠢᠴᠠᠲᠠᠶ ᠲᠡᠦᠬᠡ ᠶᠢ ᠡᠭᠦᠳᠦᠨ᠂ ᠳᠡᠯᠡᠬᠡᠶ | ᠳ᠋ᠠᠬᠢᠨ ᠤ ᠠᠩᠬᠠᠷᠤᠯ ᠢ ᠲᠠᠲᠠᠭᠰᠠᠨ ᠬᠢᠯᠠᠯᠵᠠᠭᠰᠠᠨ ᠠᠮᠵᠢᠯᠲᠠ ᠣᠯᠵᠠᠢ᠃ ᠣᠶᠢᠷ᠎ᠠ ᠶᠢᠨ ᠵᠢᠯ ᠠᠴᠠ ᠨᠠᠰᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠶᠡᠷᠦᠩᠬᠡᠶ ᠱᠦᠵᠢ ᠰᠢ ᠶᠢᠨ ᠫᠢᠩ ᠤᠨ | ᠰᠢᠷᠢᠰ ᠴᠢᠬᠤᠯᠠ ᠶᠠᠷᠢᠶ᠎ᠠ ᠢᠯᠠᠩᠭᠤᠶ᠎ᠠ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ | ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠭᠠᠨ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠤᠳᠤᠯᠭ᠎ᠠ ᠨᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ | ︽33533︾ ᠬᠥᠭᠵᠢᠯᠲᠡ ᠶᠢᠨ ᠰᠡᠳᠬᠢᠮᠵᠢ ᠲᠠᠢ ᠨᠢᠭᠲᠠ ᠤᠶᠠᠯᠳᠤᠭᠤᠯᠤᠨ᠂ ᠪᠡᠶ᠎ᠡ ᠶᠢᠨ ᠲᠠᠮᠢᠷ ᠤᠨ | ᠥᠭᠡᠷᠡᠴᠢᠯᠡᠯᠲᠡ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠶ ᠡᠵᠡᠮᠳᠡᠵᠦ᠂ ᠬᠥᠭᠵᠢᠯᠲᠡ ᠶᠢᠨ ᠰᠡᠳᠬᠢᠮᠵᠢ ᠪᠠᠨ | ᠲᠣᠳᠣᠷᠬᠠᠢ ᠪᠣᠯᠭᠠᠵᠤ᠂ ᠶᠡᠬᠡᠪᠡᠷ ᠥᠭᠡᠷᠡᠴᠢᠯᠡᠯᠲᠡ ᠬᠢᠵᠤ ᠰᠢᠨ᠎ᠡ ᠶᠢ ᠡᠭᠦᠳᠦᠡ᠂ ᠬᠠᠷᠢᠭᠤᠴᠠᠯᠭ᠎ᠠ ᠪᠠᠨ | ᠵᠣᠷᠢᠭᠲᠠᠶ ᠪᠠᠷ ᠭᠦᠢᠴᠡᠳᠬᠡᠨ ᠡᠭᠦᠷᠭᠡᠯᠡᠵᠦ᠂ ᠤᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ | ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠪᠠ ᠪᠡᠶ᠎ᠡ ᠶᠢᠨ ᠲᠠᠮᠢᠷ ᠤᠨ ᠰᠣᠶᠣᠯ ᠤᠨ ︽ᠳᠦᠷᠪᠡᠨ ᠵᠦᠢᠯ ᠢᠶᠠᠷ | ᠬᠦᠳᠡᠯᠭᠡᠭᠦᠷ ᠪᠣᠯᠭᠠᠭᠰᠠᠨ︾ ᠪᠡᠶ᠎ᠡ ᠶᠢᠨ ᠲᠠᠮᠢᠷ ᠢ ᠬᠥᠭᠵᠢᠭᠦᠯᠬᠦ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠤᠨ | ᠪᠦᠷᠢᠯᠳᠦᠭᠦᠯᠵᠡᠢ᠃ ᠡᠳᠦᠭᠡ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠠᠮᠢᠳᠤᠯᠢᠭᠵᠢᠭᠤᠯᠬᠤ | ᠶᠠᠪᠤᠳᠠᠯ ᠤᠯᠠᠮ ᠢᠶᠠᠷ ᠭᠦᠨᠵᠡᠭᠡᠶᠢᠷᠡᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠡᠷᠴᠢᠮᠵᠢᠭᠦᠯᠦᠯᠲᠡ ᠠᠭᠠᠵᠢᠮ ᠢᠶᠠᠷ | ᠬᠡᠯᠪᠡᠷᠢ ᠪᠠᠨ ᠬᠤᠪᠢᠷᠠᠭᠤᠯᠤᠨ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠠᠬ᠎ᠠ ᠳᠡᠯᠭᠡᠭᠦᠷᠴᠢᠯᠡᠯᠲᠡ ᠶᠢ ᠠᠯᠬᠤᠮ | ᠠᠯᠬᠤᠮ ᠢᠶᠠᠷ ᠠᠬᠢᠭᠤᠯᠵᠤ᠂ ᠪᠡᠶ᠎ᠡ ᠶᠢᠨ ᠲᠠᠮᠢᠷ ᠤᠨ ᠰᠣᠶᠣᠯ ᠤᠨ ᠤᠯᠠᠨ ᠶᠠᠩᠵᠤᠴᠢᠯᠠᠯᠳᠠ ᠠᠭᠠᠵᠢᠮ ᠢᠶᠠᠷ ᠢᠯᠡᠷᠡᠵᠤ | ᠂ ᠬᠥᠯ ᠪᠥᠮᠪᠦᠭᠡ ᠶᠢᠨ ᠬᠥᠭᠵᠢᠯᠲᠡ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠠᠩᠬ᠎ᠠ ᠠᠯᠬᠤᠮ ᠠᠮᠵᠢᠯᠲᠠ | ᠣᠯᠵᠤ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠪᠡᠯᠡᠳᠬᠡᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠪᠠᠷ ᠶᠠᠪᠤᠭᠳᠠᠭᠤᠯᠵᠤ᠂ ᠪᠡᠶ᠎ᠡ ᠶᠢᠨ ᠲᠠᠮᠢᠷ ᠨᠢ | ᠠᠭᠠᠵᠢᠮ ᠢᠶᠠᠷ ᠲᠠᠯ᠎ᠠ ᠨᠤᠲᠤᠭ ᠤᠨ ᠠᠷᠠᠳ ᠲᠦᠮᠡᠨ ᠤ ᠡᠷᠡᠭᠦᠯ ᠠᠮᠢᠳᠤᠷᠠᠯ ᠢ ᠬᠥᠲᠥᠯᠥᠨ ᠳᠠᠭᠠᠭᠤᠯᠬᠤ ᠵᠦᠭᠯᠡᠭᠦᠷ | ᠪᠣᠯᠵᠤ᠂ ᠡᠷᠡᠭᠦᠯ ᠡᠩᠬᠡ ᠥᠪᠥᠷ ᠮᠣᠩᠭᠤᠯ ᠢ ᠴᠣᠭᠴᠠᠯᠠᠨ ᠪᠠᠶᠢᠭᠤᠯᠬᠤ᠂ ᠡᠷᠡᠭᠦᠯ ᠡᠩᠭᠡ ᠳᠤᠮᠳᠠᠳᠤ ᠤᠯᠤᠰ ᠤᠨ | ᠪᠠᠶᠢᠭᠤᠯᠤᠯᠲᠠ ᠶᠢ ᠲᠦᠯᠬᠢᠨ ᠤᠷᠤᠭᠰᠢᠯᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠡᠨᠡ | ᠵᠢᠯ ᠤᠨ ᠡᠷᠬᠢᠯᠡᠭᠰᠡᠨ ᠲᠢᠶᠠᠨᠵᠢᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠡᠭᠡᠷ᠎ᠡ᠂ ᠮᠠᠨ ᠤ ᠣᠷᠣᠨ ᠤ | ᠲᠠᠮᠢᠷᠴᠢᠨ ᠨᠡᠶᠢᠲᠡ 7 ᠠᠯᠲᠠᠨ ᠮᠧᠳᠠᠯ᠂ 10 ᠮᠥᠩᠭᠦᠨ ᠮᠧᠳᠠᠯ᠂ 20 ᠬᠦᠷᠡᠯ ᠮᠧᠳᠠᠯ ᠤᠨ ᠰᠠᠶᠢᠨ ᠬᠢᠷᠢ | ᠪᠦᠲᠦᠮᠵᠢ ᠣᠯᠵᠤ᠂ ᠣᠶᠢᠷ᠎ᠠ ᠶᠢᠨ 20 ᠵᠢᠯ ᠤᠨ ᠲᠤᠷᠰᠢᠬᠢ ᠪᠦᠬᠦ ᠤᠯᠤᠰ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠬᠠᠮᠤᠭ ᠰᠠᠶᠢᠨ ᠬᠢᠷᠢ ᠪᠦᠲᠦᠮᠵᠢ ᠶᠢ ᠡᠭᠦᠳᠦᠨ ᠪᠦᠲᠦᠭᠡᠵᠦ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠪᠡᠶ᠎ᠡ ᠶᠢᠨ ᠲᠠᠮᠢᠷ ᠤᠨ ᠶᠣᠰᠣ ᠮᠣᠷᠠᠯ ᠤᠨ ᠱᠠᠩᠨᠠᠯ ᠢ ᠣᠯᠵᠤ᠂ ᠬᠥᠳᠡᠯᠭᠡᠭᠡᠨ ᠤ | ᠬᠢᠷᠢ ᠪᠦᠲᠦᠮᠵᠢ ᠪᠣᠯᠤᠨ ᠣᠶᠤᠨ ᠤ ᠪᠣᠯᠪᠠᠰᠤᠨ ᠤ ᠲᠠᠯ᠎ᠠ ᠪᠠᠷ ᠬᠤᠣᠰ ᠠᠮᠵᠢᠯᠲᠠ ᠣᠯᠵᠤ᠂ ᠤᠷᠤᠭᠰᠢᠯᠠᠨ | ᠲᠡᠮᠡᠴᠡᠵᠦ᠂ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠬᠥᠲᠥᠯᠥᠭᠴᠢ᠄ | ᠤᠶᠢᠷ᠎ᠠ ᠶᠢᠨ ᠵᠢᠯ ᠤᠳ ᠲᠤ ᠮᠠᠨ ᠤ ᠣᠷᠣᠨ ᠤ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠳᠤ | ᠣᠯᠣᠭᠰᠠᠨ ᠠᠮᠵᠢᠯᠲᠠ ᠪᠦᠲᠦᠮᠵᠢ ᠶᠢ ᠶᠠᠷᠢᠭᠠᠳ ᠥᠭᠭᠦᠨ᠎ᠡ ᠤᠤ᠃ | ᠱᠢ ᠯᠢ ᠮᠢᠩ᠄ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠢᠮᠠᠭᠲᠠ ᠤᠯᠠᠨ ᠲᠦᠮᠡᠨ ᠤ ᠪᠡᠶ᠎ᠡ ᠶᠢᠨ ᠲᠠᠮᠢᠷ ᠢ | ᠠᠮᠢᠳᠤᠷᠠᠯᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠬᠤ ᠪᠠᠷ ᠬᠠᠷᠠᠯᠲᠠ ᠪᠠᠨ ᠪᠣᠯᠭᠠᠵᠤ᠂ ᠬᠤᠳᠠ ᠬᠥᠳᠡᠭᠡ ᠶᠢᠨ | ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠲᠦᠯᠬᠢᠨ ᠠᠬᠢᠭᠤᠯᠵᠤ᠂ | ᠦᠨᠳᠦᠰᠦᠨ ᠱᠠᠲᠤᠨ ᠤ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ | ᠲᠥᠪᠰᠢᠨ ᠢ ᠳᠡᠭᠡᠭᠰᠢᠯᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠭᠤᠷᠢ ᠪᠡᠯᠡᠳᠬᠡᠮᠵᠢ ᠶᠢᠨ | ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠨᠴᠠᠯᠢᠭ ᠪᠦᠬᠦᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠨᠡᠷᠡᠲᠦ ᠲᠥᠷᠥᠯ ᠲᠡᠮᠳᠡᠭᠲᠦ ᠬᠦᠳᠡᠯᠭᠡᠭᠡᠨ ᠢ ᠪᠠᠶᠠᠯᠢᠭᠵᠢᠭᠤᠯᠤᠨ᠂ ᠪᠡᠶ᠎ᠡ ᠶᠢᠨ ᠲᠠᠮᠢᠷ ᠤᠨ ᠣᠯᠠᠨ | ᠲᠦᠮᠡᠨᠴᠢ ᠪᠦᠯᠬᠦᠮ ᠤᠨ ᠲᠣᠣᠷ ᠢ ᠲᠠᠰᠤᠷᠠᠯᠳᠡ ᠦᠭᠡᠢ ᠥᠷᠭᠡᠳᠬᠡᠵᠦ᠂ ᠤᠯᠠᠨ ᠲᠦᠮᠡᠨ ᠤ ᠰᠢᠨᠵᠢᠯᠡᠬᠦ | ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠬᠤ ᠦᠵᠡᠯ ᠤᠬᠠᠮᠰᠠᠷ ᠢ ᠠᠯᠬᠤᠮ ᠠᠯᠬᠤᠮ ᠢᠶᠠᠷ ᠴᠢᠩᠭᠠᠷᠠᠭᠤᠯᠤᠨ᠂ | ᠪᠦᠬᠦ ᠠᠷᠠᠳ ᠪᠡᠶ᠎ᠡ ᠪᠠᠨ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ | ᠣᠳᠣᠬᠠᠨ ᠳᠤ᠂ ᠪᠥᠬᠦ ᠣᠷᠣᠨ ᠤ ᠪᠤᠢ ᠪᠥᠬᠦᠢ ᠠᠶᠢᠮᠠᠭ ᠬᠤᠳᠠ ᠪᠣᠯᠤᠨ 73.39% ᠶᠢᠨ ᠬᠤᠰᠢᠭᠤ ᠰᠢᠶᠠᠨ | ︵ᠬᠤᠲᠠ᠂ ᠲᠣᠭᠤᠷᠢᠭ︶ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠡᠷᠦᠩᠬᠡᠶ ᠡᠪᠯᠡᠯ ᠪᠠᠶᠢᠭᠤᠯᠤᠨ᠂ ᠪᠡᠶ᠎ᠡ ᠶᠢᠨ | ᠲᠠᠮᠢᠷ ᠤᠨ ᠲᠥᠷᠥᠯ ᠤᠨ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠤᠯᠠᠮ ᠨᠢᠭᠡ ᠠᠯᠬᠤᠮ | ᠪᠤᠵᠠᠭᠠᠶᠢᠷᠠᠵᠤ᠂ ᠲᠦᠮᠡᠨ ᠬᠥᠮᠦᠨ ᠪᠦᠷᠢ ᠳᠤ 0.62 ᠬᠦᠷᠲᠡᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠦᠭᠤᠳᠦᠬᠴᠢ 3.9 ᠲᠦᠮᠡ ᠭᠠᠷᠤᠶ ᠬᠥᠮᠦᠨ ᠳᠤ ᠬᠦᠷᠦᠭᠰᠡᠨ ᠪᠠᠶᠢᠨ᠎ᠠ᠃ ᠪᠦᠬᠦ ᠠᠷᠠᠳ ᠤᠨ ᠪᠡᠶ᠎ᠡ ᠪᠠᠨ | ᠴᠢᠭᠢᠷᠠᠭᠵᠢᠭᠤᠯᠬᠤ ᠪᠡᠯᠡᠳᠬᠡᠮᠵᠢ ᠨᠢ ᠤᠯᠠᠮ ᠴᠢᠨᠠᠭᠰᠢᠳᠠ ᠲᠡᠭᠦᠯᠳᠡᠷᠵᠢᠨ᠂ 82.35% ᠬᠤᠰᠢᠭᠤ ᠰᠢᠶᠠᠨ ︵ | ᠬᠤᠲᠠ᠂ ᠲᠣᠭᠤᠷᠢᠭ︶ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ ᠲᠥᠪ ᠪᠠᠶᠢᠭᠤᠯᠵᠤ᠂ | 81.35% ᠶᠢᠨ ᠰᠤᠮᠤ ᠰᠢᠶᠠᠩ ᠪᠠᠯᠭᠠᠰᠤ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ | ᠥᠷᠲᠡᠭᠡ ᠪᠠᠶᠢᠭᠤᠯᠵᠤ᠂ 61.43% ᠶᠢᠨ ᠭᠠᠴᠠᠭ᠎ᠠ ᠲᠣᠰᠬᠤᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠥᠳᠡᠯᠭᠡᠭᠡᠨ ᠤ ᠴᠢᠭ᠋ ᠪᠠᠶᠢᠭᠤᠯᠤᠨ᠂ ᠨᠢᠭᠡ ᠪᠦᠯᠦᠭ ︽ ᠲᠠᠯᠠᠪᠠᠢ ᠶᠢᠨ ᠪᠠᠷᠢᠯᠭ᠎ᠠ︾᠂ ︽ᠭᠡᠷ ᠤᠨ ᠭᠠᠳᠠᠨᠠᠬᠢ | ᠬᠦᠳᠡᠯᠭᠡᠭᠡᠨ ᠤ ᠬᠤᠸᠠᠷᠠᠨ︾᠂ ︽ᠪᠡᠶ᠎ᠡ ᠪᠠᠨ ᠴᠢᠭᠢᠷᠠᠭᠵᠢᠭᠤᠯᠬᠤ ᠵᠦᠷᠢᠭ ᠵᠠᠮ︾ ᠵᠡᠷᠭᠡ ᠪᠡᠯᠡᠳᠬᠡᠮᠵᠢ | ᠠᠰᠢᠭᠯᠠᠯᠲᠠ ᠳᠤ ᠣᠷᠣᠵᠤ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠠᠢ ᠨᠢ 1. | 66 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠪᠠᠶᠢᠨ᠎ᠠ᠃ ᠮᠠᠨ ᠤ ᠣᠷᠣᠨ ︽ᠡᠳᠦᠷ ᠪᠦᠷᠢ ᠨᠢᠭᠡ ᠴᠠᠭ | ᠪᠡᠶ᠎ᠡ ᠪᠠᠨ ᠪᠣᠯᠪᠠᠰᠤᠷᠠᠵᠤ᠂ ᠨᠠᠰᠤᠨ ᠲᠤᠷᠰᠢ ᠡᠷᠡᠭᠦᠯ ᠰᠠᠶᠢᠬᠠᠨ ᠠᠮᠢᠳᠤᠷᠠᠨ᠎ᠠ︾ ᠭᠡᠰᠡᠨ ᠣᠨᠣᠯᠵᠢᠬᠤᠨ ᠢ | ᠢᠳᠡᠪᠬᠢᠲᠡᠶ ᠰᠠᠨᠠᠭᠠᠴᠢᠯᠠᠵᠤ᠂ ᠲᠠᠯ᠎ᠠ ᠨᠤᠲᠤᠭ᠂ ᠮᠥᠰᠥ ᠴᠠᠰᠤ᠂ ᠡᠯᠡᠰᠦ ᠮᠠᠩᠬ᠎ᠠ᠂ ᠵᠠᠩ ᠦᠶᠯᠡ ᠵᠡᠷᠭᠡ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︽ᠬᠦᠷ ᠬᠥᠭᠵᠢᠶᠡᠨᠲᠦ ᠲᠠᠯ᠎ᠠ ᠨᠤᠲᠤᠭ︾ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠨᠠᠭᠠᠳᠤᠮ᠂ ᠥᠪᠥᠷ ᠮᠣᠩᠭᠤᠯ ︵ᠣᠯᠠᠨ ᠤᠯᠤᠰ︶ ᠤᠨ ᠮᠣᠷᠢᠨ ᠮᠡᠷᠭᠡᠵᠢᠯ ᠤᠨ ᠨᠠᠶᠢᠷ᠂ ᠲᠠᠯ᠎ᠠ | ᠨᠤᠲᠤᠭ ᠤᠨ ᠰᠡᠯᠡᠭᠦᠴᠡᠯ ᠲᠠᠮᠢᠷ ᠤᠨ ᠴᠤᠭᠯᠠᠭᠠᠨ᠂ ︽ᠵᠠᠭᠤᠨ ᠰᠢᠶᠠᠨ ᠤ ᠲᠦᠮᠡᠨ ᠬᠥᠮᠦᠨ︾ ᠤ ᠰᠢᠷᠢᠰ | ᠮᠦᠷᠦᠶᠢᠴᠡᠭᠡᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠠᠯ᠎ᠠ ᠨᠤᠲᠤᠭ ᠤᠨ | ᠠᠶᠠᠯᠠᠯ᠂ ᠠᠷᠠᠳ ᠨᠡᠶᠢᠲᠡ ᠪᠠᠷ ᠢᠶᠠᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠᠷ ᠴᠡᠴᠡᠷᠯᠢᠭ ᠵᠤᠭᠠᠴᠠᠬᠤ ᠨᠠᠶᠢᠷ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠭᠠᠨ ᠲᠠᠶᠢᠯᠪᠤᠷᠢᠯᠠᠬᠤ ᠲᠠᠩᠬᠢᠮ᠂ ᠵᠠᠯᠠᠭᠤᠴᠤᠳ ᠪᠠᠭᠠᠴᠤᠳ ᠤᠨ | ᠮᠦᠰᠦ ᠴᠠᠰᠤᠨ ᠡᠪᠦᠯᠵᠢᠶ᠎ᠡ ᠵᠡᠷᠭᠡ ᠨᠡᠷᠡᠲᠦ ᠲᠥᠷᠥᠯ ᠲᠡᠮᠳᠡᠭᠲᠦ ᠤᠷᠤᠯᠳᠤᠭᠠᠨ ᠢ ᠶᠠᠪᠤᠭᠳᠠᠭᠤᠯᠪᠠ᠃ ᠠᠷᠠᠳ | ᠲᠦᠮᠡᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠵᠤ᠂ | ᠦᠷᠭᠦᠯᠵᠢ ᠪᠡᠶ᠎ᠡ ᠲᠠᠮᠢᠷ ᠤᠨ ᠪᠣᠯᠪᠠᠰᠤᠷᠠᠯ ᠳᠤ ᠣᠷᠣᠯᠴᠠᠳᠠᠭ ᠬᠥᠮᠦᠨ ᠤ ᠲᠤᠭ᠎ᠠ ᠶᠢᠨ ᠬᠠᠷᠢᠴᠠᠯ ᠨᠢ 40.3% ᠳᠤ | ᠬᠦᠷᠴᠡᠢ᠃ ᠡᠯᠪᠡᠭ ᠪᠠᠶᠠᠯᠢᠭ ᠤᠷᠤᠯᠳᠤᠭᠠᠨ ᠤ ᠠᠵᠢᠯᠯᠠᠭ᠎ᠠ᠂ ᠲᠠᠩᠰᠤᠭ ᠰᠠᠶᠢᠬᠠᠨ ᠤᠶᠤᠨ ᠰᠠᠨᠠᠭᠠᠨ ᠤ ᠡᠬᠢ | ᠪᠠᠶᠠᠯᠢᠭ᠂ ᠥᠪᠡᠷᠮᠢᠴᠡ ᠣᠨᠴᠠᠯᠢᠭᠲᠤ ᠪᠡᠶ᠎ᠡ ᠶᠢᠨ ᠲᠠᠮᠢᠷ ᠤᠨ ᠷᠢᠳᠢ ᠰᠢᠳᠢ ᠨᠢ ᠲᠠᠯ᠎ᠠ ᠨᠤᠲᠤᠭ ᠤᠨ ᠠᠷᠠᠳ | ᠲᠦᠮᠡᠨ ᠳᠤ ᠠᠮᠢᠳᠤᠷᠠᠯ ᠤᠨ ᠭᠦᠨ ᠵᠣᠵᠠᠭᠠᠨ ᠠᠭᠤᠯᠤᠭᠳᠠᠬᠤᠨ ᠢ ᠨᠡᠮᠡᠷᠢᠯᠡᠵᠦ᠂ ᠮᠥᠨ ᠴᠦ ᠡᠷᠡᠭᠦᠯ ᠡᠩᠬᠡ ᠥᠪᠥᠷ | ᠮᠣᠩᠭᠤᠯ ᠤᠨ ᠬᠥᠭᠵᠢᠯᠲᠡ ᠳᠤ ᠴᠦ ᠪᠠᠷᠠᠭᠳᠠᠰᠢ ᠦᠭᠡᠢ ᠡᠬᠢ ᠬᠦᠴᠦᠨ ᠢ ᠬᠠᠩᠭᠠᠭᠰᠠᠨ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2016 | — 2020 ᠣᠨ︶︾᠂ ︽ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠡᠯᠡᠳᠬᠡᠮᠵᠢ ᠶᠢ | ᠨᠡᠶᠢᠭᠡᠮ ᠳᠤ ᠴᠢᠯᠥᠭᠡᠲᠡᠶ ᠨᠡᠭᠡᠭᠡᠬᠦ ᠶᠢᠨ ᠬᠡᠷᠡᠭᠵᠢᠭᠦᠯᠬᠦ ᠠᠷᠭ᠎ᠠ︾ ᠵᠡᠷᠭᠡ ᠪᠠᠲᠤᠯᠠᠭ᠎ᠠ ᠶᠢᠨ ᠴᠢᠨᠠᠷᠲᠠᠶ ᠪᠢᠴᠢᠭ | ᠮᠠᠲ᠋ᠧᠷᠢᠶᠠᠯ ᠢ ᠨᠡᠶᠢᠲᠡᠯᠡᠵᠦ᠂ ︽ᠢᠨᠲ᠋ᠧᠷ ᠰᠦᠯᠵᠢᠶ᠎ᠡ + ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ︾ | ᠲᠥᠯᠥᠪᠯᠡᠭᠡ ᠶᠢ ᠬᠡᠷᠡᠭᠵᠢᠭᠦᠯᠦᠨ᠂ ︽ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠰᠠᠯᠠᠭ᠎ᠠ | ᠮᠥᠴᠢᠷ ᠤᠳ ᠬᠠᠮᠵᠢᠯᠴᠠᠨ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ︾ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠤᠨ ︽ᠲᠣᠮᠣ ᠪᠦᠯᠬᠦᠮ ᠨᠡᠶᠢᠲᠡ︾ ᠪᠠᠶᠢᠷᠢᠰᠢᠯ ᠤᠨ ᠪᠦᠷᠢᠯᠳᠦᠯ ᠳᠤ ᠪᠠᠲᠤᠯᠭ᠎ᠠ | ᠬᠠᠩᠭᠠᠭᠰᠠᠨ ᠪᠠᠶᠢᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠲᠠᠰᠤᠷᠠᠯᠲᠠ | ᠦᠭᠡᠢ ᠪᠤᠵᠠᠭᠠᠶᠢᠷᠠᠪᠠ᠃ ᠡᠯ᠎ᠡ ᠵᠦᠢᠯ ᠤᠨ ᠪᠡᠶ᠎ᠡ ᠲᠠᠮᠢᠷ ᠤᠨ ᠺᠯᠦ᠋ᠪ᠂ ᠪᠡᠶ᠎ᠡ ᠶᠢᠨ ᠲᠠᠮᠢᠷ ᠤᠨ ᠣᠯᠠᠨ ᠲᠦᠮᠡᠨᠴᠢ | ᠪᠦᠯᠬᠦᠮ ᠢᠶᠠᠷ ᠭᠤᠣᠯ ᠴᠣᠭᠴᠠ ᠪᠣᠯᠭᠠᠭᠰᠠᠨ ᠨᠡᠶᠢᠭᠡᠮ ᠤᠨ ᠪᠡᠶ᠎ᠡ ᠶᠢᠨ ᠲᠠᠮᠢᠷ ᠤᠨ ᠰᠢᠨ᠎ᠡ ᠮᠠᠶ᠋ᠢᠭ ᠤᠨ ᠵᠣᠬᠢᠶᠠᠨ | ᠪᠠᠶᠢᠭᠤᠯᠤᠯᠲᠠ ᠲᠠᠰᠣᠷᠠᠯᠳᠠ ᠦᠭᠡᠢ ᠨᠡᠮᠡᠭᠳᠡᠵᠦ᠂ ᠠᠶᠢᠮᠠᠭ ᠬᠤᠳᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯ ᠤᠨ ᠺᠣᠮᠢᠰ ᠪᠣᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠡᠷᠦᠩᠬᠡᠶ ᠡᠪᠯᠡᠯ ᠢ ᠪᠦᠷᠢᠨᠰᠢᠭᠦᠯᠵᠦ᠂ ᠪᠦᠬᠦ | ᠣᠷᠣᠨ ᠳᠤ ᠣᠳᠣ ᠡᠯ᠎ᠡ ᠱᠠᠲᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠬᠠᠤᠯᠢ ᠶᠢᠨ ᠡᠷᠬᠡᠲᠡᠨ ᠤ ᠵᠣᠬᠢᠶᠠᠨ | ᠪᠠᠶᠢᠭᠤᠯᠤᠯᠲᠠ 1367 ᠪᠤᠢ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠲᠡᠭᠡ ᠴᠢᠭ᠋ | 8437 ᠪᠠᠶᠢᠵᠤ᠂ ᠪᠦᠬᠦ ᠬᠥᠮᠦᠨ ᠠᠮᠠ ᠶᠢᠨ ᠲᠤᠭ᠎ᠠ ᠶᠢᠨ ᠬᠠᠷᠢᠴᠠᠯ ᠤᠨ ᠲᠦᠮᠡᠨ ᠤ 3. 4 ᠶᠢ ᠡᠵᠡᠯᠡᠪᠡ᠃ | ᠬᠥᠲᠥᠯᠥᠭᠴᠢ᠄ | ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷᠡᠩᠭᠦᠢ ᠦᠷᠨᠢᠭᠦᠯᠬᠦ︾ ᠱᠠᠭᠠᠷᠳᠠᠯᠭ᠎ᠠ ᠶᠢ ᠬᠡᠷᠬᠢᠨ | ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ︖ | ᠱᠢ ᠯᠢ ᠮᠢᠩ᠄ | ᠮᠠᠨ ᠤ ᠣᠷᠣᠨ ᠨᠡᠷᠡᠳᠥ ᠲᠥᠷᠥᠯ ᠲᠡᠮᠳᠡᠭᠲᠦ ᠡᠭᠦᠳᠬᠦ ᠢᠨᠵᠧᠨᠧᠷᠢᠩ ᠢ ᠥᠷᠭᠦᠯᠵᠢᠯᠡᠨ ᠦᠷᠨᠢᠭᠦᠯᠵᠦ᠂ | ᠲᠡᠷᠭᠡ᠂ ᠮᠣᠷᠢ᠂ ᠬᠦᠯ ᠪᠥᠮᠪᠦᠭᠡ᠂ ᠮᠥᠰᠥ ᠴᠠᠰᠤ᠂ ᠨᠠᠭᠠᠳᠤᠮ ᠤᠨ ᠬᠤᠷᠠᠯ ᠵᠡᠷᠭᠡ ᠦᠨᠳᠦᠰᠦᠲᠡᠨ ᠤ ᠣᠨᠴᠠᠯᠢᠭ | ᠲᠠᠢ᠂ ᠭᠠᠵᠠᠷ ᠣᠷᠣᠨ ᠤ ᠣᠨᠴᠠᠯᠢᠭ ᠲᠠᠢ ᠨᠡᠷᠡᠲᠦ ᠲᠥᠷᠥᠯ ᠲᠡᠮᠳᠡᠭᠲᠦ ᠶᠢᠨ ᠤᠷᠤᠯᠳᠤᠭᠠᠨ ᠪᠣᠯᠣᠨ ᠠᠵᠢᠯᠯᠠᠭ᠎ᠠ ᠶᠢ | ᠭᠤᠣᠯᠳᠠᠯᠭ᠎ᠠ ᠲᠠᠢ ᠴᠣᠭᠴᠠᠯᠠᠨ᠂ ᠣᠷᠣᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ ᠤᠨᠴᠠᠯᠢᠭᠳᠤ ᠨᠡᠷᠡᠲᠦ ᠲᠥᠷᠥᠯ | ᠲᠡᠮᠳᠡᠭᠲᠦ ᠶᠢ ᠪᠣᠶᠢᠵᠢᠭᠤᠯᠵᠤ᠂ ︽ᠨᠢᠭᠡ ᠭᠠᠵᠠᠷ ᠲᠤ ᠨᠢᠭᠡ ᠣᠨᠴᠠᠯᠢᠭ ᠲᠠᠢ᠂ ᠨᠢᠭᠡ ᠭᠠᠵᠠᠷ ᠲᠤ ᠨᠢᠭᠡ ᠨᠡᠷᠡᠲᠦ | ᠲᠥᠷᠥᠯ ᠲᠡᠮᠳᠡᠭᠲᠦ︾ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠭᠠᠵᠠᠷ ᠪᠦᠬᠦᠨ ᠳᠤ ᠵᠢᠱᠢᠶ᠎ᠡ ᠪᠠᠷᠢᠮᠵᠢᠶ᠎ᠠ ᠲᠠᠢ᠂ | ᠵᠦᠢᠯ ᠪᠣᠯᠭᠠᠨ ᠬᠡᠪ ᠳᠠᠭᠤᠷᠢᠶᠠᠯ ᠲᠠᠢ᠂ ᠪᠦᠬᠦ ᠣᠷᠣᠨ ᠳᠤ ᠨᠡᠷ᠎ᠡ ᠴᠤᠤᠲᠠᠶ᠂ ᠪᠦᠬᠦ ᠤᠯᠤᠰ ᠲᠤ ᠶᠡᠭᠡ ᠨᠥᠯᠥᠭᠡ | ᠦᠵᠡᠭᠦᠯᠬᠦ ᠪᠠᠷ ᠴᠢᠷᠮᠠᠶᠢᠨ᠎ᠠ᠃ ᠡᠨᠡ ᠵᠢᠯ᠂ ᠮᠠᠨ ᠤ ᠣᠷᠣᠨ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ︵ | ᠣᠯᠠᠨ ᠣᠯᠣᠰ︶ ᠤᠨ ᠮᠣᠷᠢᠨ ᠮᠡᠷᠭᠡᠵᠢᠯ ᠤᠨ ᠨᠠᠶᠢᠷ᠂ ︽ᠬᠦᠷ ᠬᠥᠭᠵᠢᠶᠡᠨᠲᠦ ᠲᠠᠯ᠎ᠠ ᠨᠤᠲᠤᠭ︾ — ᠪᠦᠬᠦ | ᠣᠷᠣᠨ ᠤ ᠶᠢᠰᠦᠳᠦᠭᠡᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠭᠠᠳᠤᠮ᠂ ᠭᠤᠷᠪᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠲᠠᠮᠢᠷ ᠤᠨ ᠴᠤᠭᠯᠠᠭᠠᠨ᠂ ᠥᠪᠥᠷ | ᠮᠣᠩᠭᠤᠯ ᠢᠶᠠᠷ ᠰᠢᠪᠲᠤᠯᠬᠤ ᠮᠠᠰᠢᠨ ᠲᠡᠷᠭᠡᠨ ᠤ ᠴᠤᠭᠯᠠᠷᠠᠯ ᠤᠷᠤᠯᠳᠤᠭᠠᠨ ᠵᠡᠷᠭᠡ ᠨᠡᠷᠡᠲᠦ ᠲᠦᠷᠦᠯ ᠲᠡᠮᠳᠡᠭᠲᠦ | ᠤᠷᠤᠯᠳᠤᠭᠠᠨ ᠤ ᠠᠵᠢᠯᠯᠠᠭ᠎ᠠ ᠶᠢ ᠭᠤᠣᠯᠳᠠᠯᠭ᠎ᠠ ᠲᠠᠢ ᠶᠠᠪᠤᠭᠳᠠᠭᠤᠯᠵᠤ᠂ ᠪᠦᠬᠦ ᠣᠷᠣᠨ ᠤ ᠶᠢᠰᠦᠳᠦᠭᠡᠷ | ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ | ᠥᠪᠡᠳᠡᠭᠰᠢ ᠶᠡᠭᠡ ᠪᠠᠷ ᠡᠷᠬᠢᠯᠡᠵᠦ᠂ ᠪᠥᠬᠡ ᠪᠠᠷᠢᠯᠳᠤᠬᠤ᠂ ᠮᠣᠷᠢ ᠤᠷᠦᠯᠳᠦᠬᠤ᠂ ᠰᠤᠷ ᠬᠠᠷᠪᠤᠬᠤ ᠂ ᠪᠢᠯᠠᠭᠤ ᠵᠡᠷᠭᠡ | ᠪᠡᠶ᠎ᠡ ᠶᠢᠨ ᠲᠠᠮᠢᠷ ᠤᠨ ᠲᠣᠭᠯᠠᠯᠲᠠ᠂ ᠤᠷᠤᠯᠳᠤᠭᠠᠨ ᠤ ᠠᠵᠢᠯᠯᠠᠭ᠎ᠠ ᠶᠢ ᠪᠠᠭᠲᠠᠭᠠᠭᠰᠠᠨ ᠨᠠᠭᠠᠳᠤᠮ ᠤᠨ ᠶᠡᠭᠡ | ᠬᠤᠷᠠᠯ ᠤᠨ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠬᠦᠷ ᠬᠥᠭᠵᠢᠶᠡᠨᠲᠡᠢ ᠥᠷᠨᠢᠭᠦᠯᠵᠦ᠂ ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠰᠣᠶᠣᠯ ᠤᠨ ᠦᠵᠡᠭᠦᠯᠦᠯᠭᠡ · ᠳᠤᠮᠳᠠᠳᠤ ᠤᠯᠤᠰ ᠤᠨ ᠪᠡᠶ᠎ᠡ ᠲᠠᠮᠢᠷ ᠤᠨ | ᠵᠢᠭᠤᠯᠴᠢᠯᠠᠯ ᠤᠨ ᠦᠵᠡᠭᠦᠯᠦᠯᠭᠡ ᠶᠢ ᠲᠡᠭᠦᠰ ᠠᠮᠵᠢᠯᠲᠠᠢ ᠡᠷᠬᠢᠯᠡᠨ ᠬᠢᠪᠡ᠃ ᠡᠭᠦᠨ ᠠᠴᠠ ᠭᠠᠳᠠᠨ᠎ᠠ᠂ ᠪᠦᠬᠦ ᠠᠷᠠᠳ | ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭᠠᠨ ᠰᠤᠳᠤᠨ ᠠᠮᠵᠢᠯᠲᠠ ᠪᠠᠨ ᠬᠠᠷᠠᠭᠤᠯᠪᠠ᠂ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠵᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠴᠣᠭᠴᠠᠯᠠᠶ᠎ᠠ —— ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠣᠷᠢᠭᠲᠤ ᠠᠶᠠᠯᠠᠭᠴᠢ · | ᠬᠤᠳᠠ ᠶᠢᠨ ᠪᠡᠶ᠎ᠡ ᠴᠢᠭᠢᠷᠠᠭᠵᠢᠭᠤᠯᠬᠤ ᠶᠠᠪᠠᠭᠠᠨ ᠬᠦᠳᠡᠯᠭᠡᠭᠡᠨ᠂ ᠵᠠᠭᠤᠨ ᠬᠤᠲᠠ ᠶᠢᠨ ᠮᠢᠩᠭᠠᠨ ᠲᠣᠰᠬᠤᠨ ᠤ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ | ᠳᠤᠮᠳᠠᠳᠤ ᠣᠷᠣᠰ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ | ᠤᠷᠤᠯᠳᠤᠭᠠᠨ᠂ ᠪᠡᠶ᠎ᠡ ᠶᠢᠨ ᠲᠠᠮᠢᠷ ᠢ ᠨᠡᠶᠢᠭᠡᠮ ᠲᠣᠭᠤᠷᠢᠭ ᠲᠤ ᠣᠷᠣᠭᠤᠯᠬᠤ ᠵᠢᠴᠢ ᠪᠥᠬᠦ ᠣᠷᠣᠨ ᠤ ᠠᠭᠤᠳᠠᠮ | ᠲᠠᠯᠠᠪᠠᠢ ᠶᠢᠨ ᠲᠠᠮᠢᠷ ᠪᠣᠯᠣᠨ ᠪᠦᠵᠢᠭ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ᠂ ᠬᠦᠳᠡᠷ ᠴᠢᠬᠢᠷᠠᠭᠴᠤᠳ ᠤᠨ | ᠲᠡᠮᠡᠴᠡᠭᠡᠨ ᠪᠣᠯᠣᠨ ᠰᠣᠨᠢᠷᠬᠠᠯᠲᠤ ᠮᠦᠷᠦᠶᠢᠴᠡᠭᠡᠨ᠂ ︽ᠥᠪᠥᠷ ᠮᠣᠩᠭᠤᠯ ᠳᠤ ᠲᠤᠭᠤᠢ ᠤᠨᠤᠬᠤ · ᠬᠦᠰᠡᠯ | ᠡᠷᠢᠯᠬᠢᠯᠡᠨ ᠲᠠᠯ᠎ᠠ ᠨᠤᠲᠤᠭ ᠢᠶᠠᠷ ᠠᠶᠠᠯᠠᠬᠤ︾ ᠬᠤᠶᠠᠳᠤᠭᠠᠷ ᠬᠤᠭᠤᠴᠠᠭᠠᠨ ᠤ ᠥᠪᠤᠷ ᠮᠣᠩᠭᠤᠯ ᠤᠨ ᠳᠤᠭᠤᠢ | ᠲᠡᠷᠭᠡᠨ ᠤ ᠰᠢᠷᠢᠰ ᠤᠷᠤᠯᠳᠤᠭᠠᠨ ᠥᠪᠥᠷ ᠮᠣᠩᠭᠤᠯ ᠳᠤ ᠡᠭᠡᠯᠵᠢᠯᠡᠨ ᠶᠠᠪᠤᠭᠳᠠᠵᠤ᠂ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠤᠯᠲᠠ᠂ ᠪᠦᠭᠦ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠰᠢᠨ᠎ᠡ ᠥᠷᠨᠢᠯᠲᠡ ᠶᠢ ᠭᠠᠷᠭᠠᠪᠠ᠃ | ᠬᠥᠲᠥᠯᠥᠭᠴᠢ᠄ | ᠬᠤᠶᠢᠰᠢᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠠᠨ ᠲᠦᠮᠡᠨ ᠤ ᠪᠡᠶ᠎ᠡ ᠶᠢᠨ | ᠲᠠᠮᠢᠷ ᠤᠨ ᠬᠥᠭᠵᠢᠯᠲᠡ ᠶᠢ ᠬᠡᠷᠬᠢᠨ ᠠᠬᠢᠭᠤᠯᠬᠤ ᠪᠠᠷ ᠪᠠᠶᠢᠭ᠎ᠠ ᠪᠤᠢ︖ | ᠱᠢ ᠯᠢ ᠮᠢᠩ᠄ | ᠠᠮᠢᠳᠤᠷᠠᠯ ᠴᠢᠨᠡᠭᠡᠯᠢᠭᠵᠢᠬᠦ ᠶᠢ ᠳᠠᠭᠠᠯᠳᠤᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠱᠠᠭᠠᠷᠳᠠᠭᠳᠠᠨ᠎ᠠ᠂ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠦᠭᠵᠢᠬᠦᠯᠬᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ ᠨᠢ | ᠪᠡᠶ᠎ᠡ ᠶᠢᠨ ᠲᠠᠮᠢᠷ ᠤᠨ ᠠᠵᠢᠯ ᠤᠨ ᠦᠨᠳᠦᠰᠦᠨ ᠡᠭᠦᠷᠭᠡ ᠪᠤᠯᠤᠨ᠎ᠠ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ | ᠠᠵᠢᠯ ᠪᠤᠯ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ | ᠲᠦᠮᠡᠨ ᠢᠶᠠᠷ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠶᠢᠨ ᠭᠤᠣᠯ ᠴᠣᠭᠴᠠ ᠪᠤᠯᠭᠠᠨ᠂ ᠠᠷᠠᠳ ᠲᠦᠮᠡᠨ ᠤ | ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠪᠠᠷ ᠪᠡᠶ᠎ᠡ ᠶᠢᠨ ᠲᠠᠮᠢᠷ ᠤᠨ ᠠᠵᠢᠯ ᠤᠨ ᠡᠬᠢᠯᠡᠴᠡ ᠪᠤᠯᠤᠨ ᠵᠤᠭᠰᠤᠴᠠ ᠪᠤᠯᠭᠠᠨ᠂ ᠤᠯᠠᠨ ᠲᠦᠮᠡᠨᠴᠢ | ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠪᠠᠷ | ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠶᠢᠨ ᠰᠠᠭᠤᠷᠢ ᠢᠨᠵᠧᠨᠧᠷᠢᠩ ᠪᠣᠯᠭᠠᠨ ᠠᠳᠬᠤᠭᠰᠠᠭᠠᠷ ᠢᠷᠡᠭᠰᠡᠨ | ᠶᠤᠮ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠡᠨ ᠤᠯᠠᠨ ᠲᠦᠮᠡᠨ ᠢ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠡᠯᠪᠡᠭ ᠪᠠᠶᠠᠯᠢᠭ ᠠᠵᠢᠯᠯᠠᠭ᠎ᠠ ᠳᠤ ᠤᠷᠤᠯᠴᠠᠭᠤᠯᠬᠤ ᠶᠢ ᠵᠤᠬᠢᠶᠠᠨ ᠪᠠᠶᠢᠭᠤᠯᠬᠤ ᠪᠠ ᠬᠦᠲᠦᠯᠦᠨ | ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠦᠷ᠎ᠡ | ᠪᠦᠲᠦᠭᠡᠯ ᠢ ᠥᠷᠭᠡᠨ ᠤᠯᠠᠨ ᠲᠦᠮᠡᠨ ᠳᠤ ᠬᠦᠷᠲᠡᠭᠡᠬᠦ ᠪᠤᠯᠤᠨ᠎ᠠ᠃ ᠡᠯ᠎ᠡ ᠵᠦᠢᠯ ᠤᠨ ᠠᠷᠭ᠎ᠠ ᠵᠠᠮ ᠪᠤᠯᠤᠨ ᠠᠷᠭ᠎ᠠ | ᠮᠠᠶ᠋ᠢᠭ ᠢᠶᠠᠷ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠤᠲᠠ ᠪᠠᠯᠭᠠᠰᠤ ᠨᠡᠶᠢᠭᠡᠮ ᠲᠣᠭᠤᠷᠢᠭ ᠪᠣᠯᠤᠨ ᠮᠠᠯᠵᠢᠬᠤ | ᠲᠠᠷᠢᠶᠠᠯᠠᠬᠤ ᠣᠷᠣᠨ ᠳᠤ ᠬᠦᠷᠦᠭᠦᠯᠵᠤ᠂ ᠡᠯ᠎ᠡ ᠦᠨᠳᠦᠰᠦᠲᠡᠨ ᠨᠥᠬᠦᠳ ᠤᠨ ᠠᠷᠠᠳ ᠲᠦᠮᠡᠨ ᠤ ᠠᠮᠢᠳᠤᠷᠠᠯ ᠲᠠᠢ | ᠤᠶᠢᠷᠠᠲᠤᠭᠤᠯᠵᠤ᠂ ᠡᠯ᠎ᠡ ᠠᠵᠢᠯ ᠲᠦᠷᠦᠯ᠂ ᠡᠯ᠎ᠡ ᠨᠠᠰᠤᠨ ᠤ ᠬᠥᠮᠦᠰ ᠤᠨ ᠳᠤᠮᠳᠠ ᠠᠭᠤᠰᠤᠯᠴᠠᠭᠤᠯᠵᠤ᠂ | ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠤᠯᠬᠤ ᠪᠠ ᠢᠳᠡᠪᠬᠢᠲᠠᠢ ᠪᠠᠷ ᠪᠡᠶ᠎ᠡ ᠪᠤᠯᠪᠠᠰᠤᠷᠠᠬᠤ ᠶᠢ ᠰᠢᠨᠵᠢᠯᠡᠬᠦ ᠤᠬᠠᠭᠠᠨᠴᠢ | ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠪᠤᠯᠭᠠᠨ᠂ ᠬᠡᠬᠡᠨ ᠰᠠᠷᠠᠭᠤᠯ ᠡᠷᠡᠭᠦᠯ ᠮᠡᠨᠳᠦ ᠪᠦᠬᠦᠢ ᠨᠡᠶᠢᠭᠡᠮ ᠤᠨ ᠬᠡᠪ | ᠰᠤᠷᠲᠠᠯ ᠪᠤᠯᠭᠠᠨ᠂ ᠵᠤᠯ ᠵᠢᠷᠭᠠᠯ ᠡᠶ᠎ᠡ ᠵᠣᠬᠢᠴᠠᠯ ᠢ ᠬᠦᠭᠡᠭᠡᠴᠡᠯᠳᠦᠬᠦ ᠴᠢᠬᠤᠯᠠ ᠠᠷᠭ᠎ᠠ ᠵᠠᠮ ᠪᠤᠯᠭᠠᠨ᠎ᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠤᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ | ᠪᠠᠶᠢᠭᠤᠯᠵᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠤᠯᠭᠠᠨ᠂ ᠰᠠᠯᠠᠭ᠎ᠠ ᠮᠥᠴᠢᠷ ᠤᠳ ᠬᠠᠮᠵᠢᠯᠴᠠᠨ᠂ | ᠨᠡᠶᠢᠭᠡᠮ ᠤᠨ ᠬᠢᠨ ᠤᠷᠤᠯᠴᠠᠭᠰᠠᠨ ︽ᠲᠤᠮᠤ ᠪᠦᠯᠬᠦᠮ ᠨᠡᠶᠢᠲᠡ︾ ᠶᠢᠨ ᠠᠵᠢᠯ ᠤᠨ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠬᠦᠯᠵᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯ ᠤᠨ ᠺᠤᠮᠢᠰ ᠪᠤᠯᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠡᠯ᠎ᠡ ᠲᠦᠷᠦᠯ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠠᠰᠠᠭ ᠤᠨ ᠣᠷᠳᠣᠨ ᠤ ᠬᠢᠨ ᠪᠡᠶ᠎ᠡ ᠶᠢᠨ | ᠲᠠᠮᠢᠷ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠤᠳᠠᠯᠳᠤᠨ ᠠᠪᠬᠤ ᠠᠬᠢᠴᠠ ᠶᠢ ᠲᠦᠯᠬᠢᠨ | ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠵᠦ᠂ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠪᠣᠯᠤᠨ ᠡᠯ᠎ᠡ ᠵᠦᠢᠯ ᠤᠨ ᠨᠡᠶᠢᠭᠡᠮᠯᠢᠭ ᠤᠨ ᠵᠣᠬᠢᠶᠠᠨ | ᠪᠠᠶᠢᠭᠤᠯᠤᠯᠲᠠ ᠶᠢ ᠬᠦᠮᠦᠵᠢᠬᠦᠯᠵᠤ᠂ ᠪᠦᠬᠦ ᠠᠷᠠᠳ ᠤᠨ ᠪᠡᠶ᠎ᠡ ᠴᠡᠬᠢᠷᠡᠬᠵᠢᠭᠤᠯᠬᠤ ᠠᠵᠢᠯᠯᠠᠭ᠎ᠠ ᠶᠢ ᠥᠷᠭᠡᠨ | ᠳᠡᠯᠭᠡᠷᠡᠩᠭᠦᠶ ᠪᠠᠷ ᠦᠷᠨᠢᠬᠦᠯᠵᠤ᠂ ᠪᠦᠭᠦ ᠭᠠᠵᠠᠷ ᠣᠷᠣᠨ ᠢ ᠬᠠᠮᠤᠷᠤᠭᠰᠠᠨ᠂ ᠪᠦᠬᠦ ᠦᠶᠡᠯᠡᠯ ᠤᠨ ᠬᠤᠭᠤᠴᠠᠭ᠎ᠠ ᠪᠠᠷ | ᠦᠢᠯᠡᠴᠢᠯᠡᠭᠰᠡᠨ᠂ ᠪᠦᠬᠦ ᠨᠡᠶᠢᠭᠡᠮ ᠢᠶᠠᠷ ᠢᠶᠠᠨ ᠤᠷᠤᠯᠴᠠᠭᠰᠠᠨ᠂ ᠪᠦᠬᠦ ᠲᠠᠯ᠎ᠠ ᠪᠠᠷ ᠬᠠᠮᠲᠤᠷᠠᠨ ᠠᠵᠢᠯᠯᠠᠭᠰᠠᠨ᠂ | ᠤᠯᠠᠨ ᠲᠦᠮᠡᠨ ᠬᠠᠮᠲᠤ ᠪᠠᠷ ᠬᠦᠷᠲᠡᠭᠰᠡᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠰᠦᠯᠵᠢᠶᠡᠨ ᠤ ᠰᠢᠰᠲ᠋ᠧᠮᠵᠢ ᠶᠢ ᠪᠦᠷᠢᠯᠳᠦᠬᠦᠯᠵᠤ᠂ ᠪᠡᠶ᠎ᠡ ᠶᠢᠨ ᠲᠠᠮᠢᠷ ᠢ ᠬᠠᠪᠤᠷ ᠤᠨ ᠬᠠᠷᠢᠶᠠᠴᠢ ᠮᠡᠲᠦ ᠡᠭᠡᠯ | ᠠᠷᠠᠳ ᠤᠨ ᠬᠡᠷ ᠲᠤ ᠬᠦᠷᠦᠬᠦᠯᠬᠦ ᠪᠤᠯᠭᠠᠨ᠎ᠠ᠃ | ᠬᠥᠲᠥᠯᠥᠭᠴᠢ᠄ | 2020 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠪᠡᠯᠡᠳᠭᠡᠨ ᠡᠷᠬᠢᠯᠡᠬᠦ ᠲᠠᠯ᠎ᠠ ᠪᠣᠯᠤᠭᠰᠠᠨ ᠤ ᠬᠤᠪᠢ ᠳᠤ᠂ ᠡᠭᠦᠨ ᠤ ᠲᠤᠬᠠᠢ ᠪᠡᠯᠡᠳᠬᠡᠯ | ᠠᠵᠢᠯ ᠬᠢᠷᠢ ᠵᠡᠷᠭᠡ ᠶᠠᠪᠤᠭᠳᠠᠵᠤ ᠪᠠᠶᠢᠭ᠎ᠠ ᠪᠤᠢ︖ | ᠱᠢ ᠯᠢ ᠮᠢᠩ᠄ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ | 2020 ᠣᠨ ᠳᠤ ᠥᠪᠥᠷ ᠮᠣᠩᠭᠤᠯ ᠳᠤ ᠶᠠᠪᠤᠭᠳᠠᠬᠤ ᠪᠤᠯᠤᠨ᠎ᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠨᠢ᠂ ᠪᠡᠭᠡᠵᠢᠩ ᠤᠨ 2022 ᠣᠨ ᠤ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠬᠢᠯᠡᠬᠦ ᠠᠴᠠ ᠡᠮᠦᠨ᠎ᠡ ᠰᠤᠷᠢᠯᠲᠠ ᠬᠢᠭᠰᠡᠨ ᠵᠠᠩᠭᠢᠯᠠᠭ᠎ᠠ ᠶᠢᠨ | ᠭᠤᠭᠴᠤᠭ᠎ᠠ ᠮᠦᠨ᠂ ᠮᠠᠨ ᠤ ᠣᠷᠣᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ 3 ᠳ᠋ᠦᠩᠰᠢᠭᠤᠷ | ᠬᠥᠮᠦᠨ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠤᠷᠤᠯᠴᠠᠭᠤᠯᠬᠤ ᠤᠷᠢᠶᠠᠯᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠣᠷᠣᠨ ᠤ ᠥᠭᠡᠷᠡᠴᠢᠯᠡᠯᠲᠡ ᠨᠡᠭᠡᠭᠡᠯᠲᠡ | ᠬᠢᠭᠰᠡᠨ ᠠᠴᠠ ᠨᠠᠰᠢᠬᠢ ᠨᠠᠮ ᠤᠨ ᠤᠳᠤᠷᠢᠳᠤᠯᠭ᠎ᠠ ᠳᠤᠤᠷᠠᠬᠢ ᠦᠨᠳᠦᠰᠦᠲᠡᠨ ᠤ ᠪᠦᠯᠬᠦᠮᠳᠡᠯ᠂ ᠠᠵᠤ ᠠᠬᠤᠶ ᠶᠢᠨ | ᠴᠡᠴᠡᠭᠯᠡᠯ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠢᠷᠭᠡᠳ ᠤᠨ ᠠᠮᠤᠷ ᠠᠮᠤᠭᠤᠯᠠᠩ ᠢ ᠳᠡᠯᠭᠡᠨ ᠦᠵᠡᠭᠦᠯᠬᠦ | ᠴᠢᠬᠤᠯᠠ ᠲᠠᠪᠴᠠᠩ ᠪᠣᠯᠤᠨ᠎ᠠ᠃ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠰᠠᠶᠢᠲᠤᠷ ᠡᠷᠬᠢᠯᠡᠬᠦ ᠨᠢ ᠮᠠᠨ ᠤ ᠣᠷᠣᠨ ᠤᠯᠤᠰ ᠬᠦᠷᠦᠨ ᠳᠤ ᠬᠢᠭᠰᠡᠨ ᠲᠥᠪ ᠴᠢᠩᠭ᠎ᠠ ᠠᠮᠠᠯᠠᠯᠲᠠ | ᠮᠦᠨ᠂ ᠨᠡᠩ ᠴᠤ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠨᠢᠭᠡᠨ ᠲᠤᠮᠤ ᠶᠠᠪᠤᠳᠠᠯ | ᠮᠥᠨ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠪᠡᠯᠡᠳᠬᠡᠯ ᠤᠨ ᠺᠣᠮᠢᠰ ᠨᠢ 2017 ᠤᠨ ᠤ 4 ᠳ᠋ᠤᠭᠡᠷ ᠰᠠᠷ᠎ᠠ ᠳᠤ ᠪᠠᠶᠢᠭᠤᠯᠤᠭᠳᠠᠵᠤ᠂ | ᠣᠳᠣᠬᠠᠨ ᠳᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ᠬᠤᠳᠠᠯᠳᠤᠭᠠᠴᠢᠨ ᠤᠷᠢᠬᠤ ᠲᠥᠰᠦᠯ︾᠂ ︽ᠠᠷᠪᠠᠨ ᠳᠥᠷᠪᠡᠳᠦᠭᠡᠷ ᠬᠤᠭᠤᠴᠠᠭᠠᠨ ᠤ | ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠰᠡᠳᠦᠪᠲᠦ ᠤᠷᠢᠶ᠎ᠠ᠂ | ᠤᠬᠠᠭᠤᠯᠬᠤ ᠵᠢᠷᠤᠭ᠂ ᠴᠤᠭᠯᠠᠭᠠᠨ ᠤ ᠲᠡᠮᠳᠡᠭ᠂ ᠴᠤᠭᠯᠠᠭᠠᠨ ᠤ ᠳᠠᠭᠤᠤ ︵ᠴᠤᠭᠯᠠᠭᠠᠨ ᠤ ᠦᠭᠡ︶᠂ | ᠴᠤᠭᠯᠠᠭᠠᠨ ᠤ ᠲᠤᠭ ᠪᠣᠯᠤᠨ ᠥᠯᠵᠡᠶᠢᠲᠦ ᠡᠳ᠋ ᠢ ᠡᠯᠰᠡᠬᠦ ᠲᠥᠰᠦᠯ︾ ᠢ ᠨᠢᠭᠡᠨᠲᠡ ᠲᠤᠭᠲᠠᠭᠠᠵᠤ᠂ ᠪᠦᠬᠦ | ᠤᠯᠤᠰ ᠲᠤ ᠬᠠᠨᠳᠤᠭᠤᠯᠤᠨ ᠣᠨᠴᠠᠯᠢᠭ ᠢᠶᠠᠷ ᠢᠯᠡ ᠲᠣᠳᠣ᠂ ᠢᠳᠡᠪᠬᠢᠯᠡᠨ ᠥᠭᠡᠳᠡᠯᠡᠬᠦ ᠶᠢ ᠬᠠᠷᠠᠭᠤᠯᠤᠭᠰᠠᠨ | ᠠᠩᠬᠠᠨ ᠤ ᠡᠭᠦᠳᠦᠯᠲᠡ ᠶᠢᠨ ᠴᠢᠨᠠᠷᠲᠠᠶ ᠪᠦᠲᠦᠭᠡᠯ ᠢ ᠡᠯᠰᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠰᠤᠳᠤᠯᠤᠨ ᠲᠣᠭᠲᠠᠭᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠷᠳᠣᠨ ᠲᠠᠯᠠᠪᠠᠶ ᠶᠢᠨ ᠪᠠᠶᠢᠷᠢᠯᠠᠭᠤᠯᠤᠯᠲᠠ ᠶᠢᠨ ᠲᠥᠰᠦᠯ ᠤᠨ | ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ | ᠪᠣᠯᠪᠠᠰᠤᠷᠠᠯ ᠤᠨ ᠲᠥᠪ ᠢ ᠰᠢᠨ᠎ᠡ ᠪᠠᠷ ᠪᠠᠶᠢᠭᠤᠯᠵᠤ᠂ ᠶᠠᠭᠰᠢ ᠶᠢᠨ ᠹᠧᠩ ᠬᠤᠸᠠᠩ ᠱᠠᠨ ᠴᠠᠰᠤᠨ ᠳᠤ ᠭᠤᠯᠭᠤᠬᠤ | ᠲᠠᠯᠠᠪᠤᠷ᠂ ᠵᠠᠯᠠᠨ ᠠᠶᠢᠯ ᠤᠨ ᠶᠢᠨ ᠯᠦᠡᠭ ᠱᠠᠨ ᠴᠠᠰᠤᠨ ᠳᠤ ᠭᠤᠯᠭᠤᠬᠤ ᠲᠠᠯᠠᠪᠤᠷ ᠪᠣᠯᠤᠨ ᠤᠯᠠᠭᠠᠨᠬᠠᠳᠠ ᠶᠢᠨ ᠮᠧᠶ | ᠯᠢᠨ ᠬᠥ᠋ ᠴᠠᠰᠤᠨ ᠳᠤ ᠭᠤᠯᠭᠤᠬᠤ ᠲᠠᠯᠠᠪᠤᠷ ᠵᠡᠷᠭᠡ 3 ᠴᠠᠰᠤᠨ ᠳᠤ ᠭᠤᠯᠭᠤᠬᠤ ᠲᠠᠯᠠᠪᠤᠷ ᠵᠢᠴᠢ ᠢᠵᠢ | ᠪᠦᠷᠢᠳᠦᠭᠦᠯᠬᠦ ᠰᠠᠭᠤᠷᠢ ᠪᠡᠯᠡᠳᠭᠡᠮᠵᠢ ᠶᠢ ᠦᠭᠡᠷᠡᠴᠢᠯᠡᠵᠤ ᠥᠷᠭᠡᠳᠬᠡᠨ ᠪᠠᠶᠢᠭᠤᠯᠵᠤ᠂ ᠪᠦᠳᠤᠭᠡᠨ ᠪᠠᠶᠢᠭᠤᠯᠤᠯᠲᠠ ᠶᠢᠨ | ᠠᠵᠢᠯ ᠶᠠᠭ ᠯᠠᠪᠳᠠᠭᠤᠨ ᠢᠶᠠᠷ ᠶᠠᠪᠤᠭᠳᠠᠵᠤ ᠪᠠᠶᠢᠨ᠎ᠠ᠃ ᠵᠠᠯᠭᠠᠭᠠᠳ᠂ ᠪᠢᠳᠡ ᠤᠯᠤᠰ ᠪᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠰᠢᠨᠵᠢᠯᠡᠬᠦ | ᠤᠬᠠᠭᠠᠨᠴᠢ ᠪᠠᠷ ᠲᠦᠯᠦᠪᠯᠡᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠲᠠᠭᠤ ᠪᠡᠷᠬᠡᠰᠢᠶᠡᠯ ᠢ | ᠲᠤᠭᠤᠯᠤᠨ ᠳᠠᠪᠠᠵᠤ᠂ ᠬᠡᠰᠡᠭ ᠬᠤᠪᠢᠶᠠᠨ ᠳᠦᠯᠬᠢᠨ ᠠᠬᠢᠭᠤᠯᠵᠤ᠂ ᠵᠦᠢᠯ ᠳᠠᠷᠠᠭᠠᠯᠠᠨ ᠪᠣᠳᠠᠲᠠᠶ ᠠᠳᠬᠤᠵᠤ᠂ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠤᠯᠤᠨ᠎ᠠ᠃ | ᠬᠥᠲᠥᠯᠥᠭᠴᠢ᠄ | ᠵᠠ᠂ ᠱᠢ ᠲᠤᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ | ᠴᠠᠭ ᠤᠨ ᠬᠠᠷᠠᠭ᠎ᠠ ᠠᠴᠠ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ | ᠫᠷᠤᠭ᠍ᠷᠠᠮ ᠳᠤ ᠪᠠᠶᠠᠷᠲᠠᠶ ᠵᠣᠯᠭᠠᠶ᠎ᠠ︕ |