ᠥᠪᠥᠷ ᠮᠣᠩᠭᠤᠯ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠵᠠᠬ᠎ᠠ ᠳᠡᠯᠭᠡᠭᠦᠷ ᠤᠨ 10 ᠭᠠᠷᠤᠶ ᠲᠦᠮᠡᠨ ᠡᠷᠦᠬᠡ ᠭᠤᠣᠯ ᠴᠣᠭᠴᠠ ᠶᠢ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠣᠷᠣᠭᠤᠯᠪᠠ
ᠨᠡᠶᠢᠲᠡᠯᠡᠭᠰᠡᠨ ᠴᠠᠭ᠄
2018/1/16
     ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠡᠷᠬᠡ ᠶᠢ ᠪᠠᠭᠤᠯᠭᠠᠬᠤ ᠪᠠ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠠᠭᠤᠵᠢᠮ ᠲᠠᠯᠪᠢᠵᠤ ᠴᠢᠩᠭ᠎ᠠ ᠬᠠᠮᠢᠶᠠᠷᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠯᠠᠪᠳᠠᠭᠤᠨ ᠢᠶᠠᠷ ᠪᠦᠷᠢᠨᠰᠢᠭᠦᠯᠵᠦ᠂ ᠣᠳᠣᠬᠠᠨ ᠳᠤ ᠨᠢᠭᠡᠨᠲᠡ ᠮᠡᠳᠡᠭᠡ ᠵᠠᠩᠭᠢ ᠶᠢ ᠨᠡᠶᠢᠲᠡᠯᠡᠬᠦ ᠪᠠᠷ ᠰᠠᠭᠤᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ 10.42 ᠲᠦᠮᠡᠨ ᠡᠷᠦᠬᠡ ᠭᠤᠣᠯ ᠴᠣᠭᠴᠠ ᠶᠢ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠣᠷᠣᠭᠤᠯᠵᠠᠢ᠂ ᠡᠭᠦᠨ ᠳᠤ ᠠᠵᠤ ᠠᠬᠤᠶᠢᠯᠠᠯ 2.89 ᠲᠦᠮᠡᠨ ᠡᠷᠦᠬᠡ ᠪᠣᠯᠵᠤ᠂ ᠪᠥᠬᠦ ᠣᠷᠣᠨ ᠤ ᠠᠵᠤ ᠠᠬᠤᠶᠢᠯᠠᠯ ᠤᠨ ᠶᠡᠷᠦᠩᠬᠡᠶ ᠲᠣᠭᠠᠨ ᠤ 7.66%᠎ ᠶᠢ ᠡᠵᠡᠯᠡᠵᠡᠢ᠃ ᠥᠪᠥᠷ ᠮᠣᠩᠭᠤᠯ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠤᠷᠤᠭᠤᠯᠬᠤ ᠳᠦᠷᠢᠮ ᠪᠠ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠤᠨ ᠨᠡᠷᠡᠰ ᠤᠨ ᠳᠦᠷᠢᠮ ᠢ ᠪᠠᠶᠢᠭᠤᠯᠬᠤ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠷᠠᠭᠤᠯᠪᠠ᠃ ᠣᠨ ᠤ ᠮᠡᠳᠡᠭᠦᠯᠦᠯᠲᠡ ᠪᠠᠨ ᠨᠡᠶᠢᠲᠡᠯᠡᠭᠰᠡᠨ ᠦᠭᠡᠢ᠂ ᠮᠡᠳᠡᠭᠡ ᠵᠠᠩᠭᠢ ᠪᠠᠨ ᠨᠡᠶᠢᠲᠡᠯᠡᠬᠦ ᠡᠭᠦᠷᠭᠡ ᠪᠠᠨ ᠭᠦᠢᠴᠡᠳᠬᠡᠭᠰᠡᠨ ᠦᠭᠡᠢ᠂ ᠰᠠᠭᠤᠭ᠎ᠠ ᠭᠠᠵᠠᠷ ︵ᠡᠵᠡᠩᠨᠡᠬᠦ ᠭᠠᠵᠠᠷ︶ ᠎ ᠲᠠᠢ ᠨᠢ ᠬᠤᠯᠪᠣᠭ᠎ᠠ ᠠᠪᠬᠤ ᠶᠢᠨ ᠠᠷᠭ᠎ᠠ ᠦᠭᠡᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠴᠥᠮ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠣᠷᠣᠭᠤᠯᠵᠠᠢ︔ ᠠᠵᠤ ᠠᠬᠤᠶᠢᠯᠠᠯ ᠤᠨ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠤᠷᠤᠭᠰᠠᠨ ᠤᠴᠢᠷ ᠰᠢᠯᠲᠠᠭᠠᠨ ᠨᠢ 3 ᠵᠢᠯ ᠲᠤᠯᠤᠭᠰᠠᠨ ᠪᠠᠶᠢᠲᠠᠯ᠎ᠠ ᠮᠥᠨᠬᠦ ᠠᠷᠢᠯᠭᠠᠭᠰᠠᠨ ᠦᠭᠡᠢ ᠪᠠᠶᠢᠪᠠᠯ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠤᠨ ᠨᠡᠷᠡᠰ ᠲᠤ ᠣᠷᠣᠭᠤᠯᠵᠠᠢ᠃      ᠥᠪᠥᠷ ᠮᠣᠩᠭᠤᠯ ᠬᠠᠮᠵᠢᠯᠴᠠᠨ ᠬᠢᠨᠠᠨ ᠬᠠᠮᠢᠶᠠᠷᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠵᠡᠷᠭᠡ ᠪᠠᠷ ᠪᠠᠶᠢᠭᠤᠯᠵᠠᠢ᠃ ᠣᠳᠣᠬᠠᠨ ᠳᠤ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠨᠢ ᠨᠢᠭᠡᠨᠲᠡ ᠬᠠᠮᠢᠶ᠎ᠠ ᠪᠦᠬᠦᠢ 19 ᠰᠠᠯᠠᠭ᠎ᠠ ᠮᠥᠴᠢᠷ ᠯᠦᠭᠡ ︽ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠬᠦᠷᠲᠡᠬᠦ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠰᠠᠨᠠᠮᠵᠢ ᠶᠢᠨ ᠪᠢᠴᠢᠭ︾ ᠎ ᠲᠤ ᠭᠠᠷ ᠤᠨ ᠦᠰᠦᠭ ᠵᠢᠷᠤᠵᠤ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠣᠷᠣᠭᠰᠠᠨ ᠪᠠ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠤᠨ ᠨᠡᠷᠡᠰ ᠲᠤ ᠣᠷᠣᠭᠰᠠᠨ ᠠᠵᠤ ᠠᠬᠤᠶᠢᠯᠠᠯ ᠢ ᠡᠳᠡᠭᠡᠷ ᠠᠵᠢᠯ ᠲᠦᠷᠤᠯ ᠳᠤ ᠬᠠᠤᠯᠢ ᠶᠣᠰᠣᠭᠠᠷ ᠬᠢᠵᠠᠭᠠᠷᠯᠠᠬᠤ ᠪᠤᠶᠤ ᠬᠤᠷᠢᠭᠯᠠᠵᠤ᠂ 1.4 ᠲᠦᠮᠡᠨ ︽ᠬᠠᠭᠤᠴᠢᠨ ᠯᠤᠶᠢᠪᠠᠷᠴᠢ︾ ᠎ ᠶᠢᠨ ᠬᠠᠤᠯᠢ ᠳᠤ ᠲᠣᠭᠲᠠᠭᠠᠭᠰᠠᠨ ᠲᠥᠯᠥᠭᠡᠯᠡᠭᠴᠢ ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ ᠵᠡᠷᠭᠡ ᠳᠡᠭᠡᠳᠦ ᠲᠠᠰ ᠤᠨ ᠬᠠᠮᠢᠶᠠᠷᠤᠭᠴᠢ ᠶᠢᠨ ᠲᠤᠰᠢᠶᠠᠯ ᠡᠭᠦᠷᠭᠡᠯᠡᠬᠦ ᠶᠢ ᠨᠢ ᠬᠠᠤᠯᠢ ᠶᠣᠰᠣᠭᠠᠷ ᠬᠢᠵᠠᠭᠠᠷᠯᠠᠵᠠᠢ᠃ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠨᠡᠶᠢᠲᠡᠯᠡᠬᠦ ᠲᠦᠷᠢᠮ ᠪᠣᠯᠤᠨ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠎ ᠨᠢ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠶ᠃ ᠲᠤᠭ᠎ᠠ ᠪᠠᠷᠢᠮᠲᠠ ᠪᠠᠷ ᠪᠣᠯ᠂ 2014 ᠣᠨ ᠤ 10 ᠳ᠋ᠤᠭᠠᠷ ᠰᠠᠷ᠎ᠠ ᠳᠤ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠠᠩᠬ᠎ᠠ ᠤᠳᠠᠭ᠎ᠠ  ᠬᠡᠷᠡᠭᠵᠢᠭᠦᠯᠦᠭᠰᠡᠨ ᠠᠴᠠ ᠨᠠᠰᠢ᠂ ᠣᠨ ᠤ ᠮᠡᠳᠡᠭᠦᠯᠦᠯᠲᠡ ᠶᠢᠨ ᠨᠡᠶᠢᠲᠡᠯᠡᠬᠦ ᠨᠤᠷᠮ᠎ᠠ ᠦᠷᠭᠦᠯᠵᠢᠯᠡᠨ ᠪᠦᠬᠦ ᠤᠯᠤᠰ ᠲᠤ ᠡᠮᠦᠨᠡᠭᠦᠷ ᠣᠷᠣᠵᠤ᠂ ᠪᠦᠬᠦ ᠣᠷᠣᠨ ᠳᠤ ᠨᠢᠭᠡᠨᠲᠡ 12.24 ᠲᠦᠮᠡᠨ ᠡᠷᠦᠬᠡ ᠠᠵᠤ ᠠᠬᠤᠶᠢᠯᠠᠯ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶᠎ ᠢᠶᠠᠷ ᠳᠠᠮᠵᠢᠭᠤᠯᠤᠨ 14.83 ᠲᠦᠮᠡᠨ ᠵᠤᠷᠪᠤᠰ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠡᠢ᠂ ᠨᠡᠶᠢᠲᠡ 2248 ᠰᠠᠯᠠᠭ᠎ᠠ ᠮᠥᠴᠢᠷ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠳᠡᠭᠡᠷ᠎ᠡ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠵᠡᠷᠭᠡ ᠮᠡᠳᠡᠭᠡ ᠵᠠᠩᠭᠢ ᠶᠢ 64.9 ᠲᠦᠮᠡᠨ ᠵᠣᠷᠪᠣᠰ ᠨᠡᠶᠢᠲᠡᠯᠡᠵᠡᠢ︔ ᠨᠡᠶᠢᠲᠡ 318 ᠰᠠᠯᠠᠭ᠎ᠠ ᠮᠥᠴᠢᠷ ᠬᠤᠯᠪᠣᠭᠳᠠᠯ ᠪᠦᠬᠦᠢ ᠲᠠᠪᠴᠠᠩ ᠳᠡᠭᠡᠷ᠎ᠡ ᠵᠠᠬ᠎ᠠ ᠳᠡᠯᠭᠡᠭᠦᠷ ᠤᠨ 5.3 ᠲᠦᠮᠡᠨ ᠡᠷᠦᠬᠡ ᠪᠡᠶᠡᠴᠢ ᠴᠣᠭᠴᠠ ᠳᠤ ᠳᠣᠲᠣᠭᠠᠳᠤ ᠶᠢᠨ ᠪᠤᠶᠤ ᠰᠠᠯᠠᠭ᠎ᠠ ᠮᠥᠴᠢᠷ ᠠᠯᠤᠰᠯᠠᠭᠰᠠᠨ ︽ᠬᠤᠣᠰ ᠲᠠᠰᠢᠷᠠᠮ︾᠎ ᠤᠨ ᠰᠤᠭᠤᠴᠢᠨ ᠪᠠᠶᠢᠴᠠᠭᠠᠯᠲᠠ ᠥᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号