ᠥᠪᠥᠷ ᠮᠣᠩᠭᠤᠯ ᠤᠨ ᠤᠯᠤᠰ ᠤᠨ ᠦᠮᠴᠢᠯᠠᠯᠲᠦ ᠠᠵᠤ ᠠᠬᠤᠶ ᠶᠢᠨ ᠠᠵᠢᠯᠯᠠᠭᠠᠨ ᠤ ᠶᠠᠰᠤ ᠴᠢᠨᠠᠷ ᠭᠤᠷᠪᠠᠨ ᠵᠢᠯ ᠤᠨ ᠲᠤᠷᠰᠢ ᠬᠠᠮᠤᠭ ᠤᠨ ᠰᠠᠶᠢᠨ ᠲᠦᠪᠰᠢᠨ ᠳᠤ ᠬᠦᠷᠪᠡ
ᠨᠡᠶᠢᠲᠡᠯᠡᠭᠰᠡᠨ ᠴᠠᠭ᠄
2018/1/16
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠺᠣᠮᠢᠰ ᠤᠨ ᠮᠡᠳᠡᠭᠡ ᠪᠠᠷ ᠪᠣᠯ᠂ 2017 ᠣᠨ ᠳᠤ᠂ ᠥᠪᠥᠷ ᠮᠣᠩᠭᠤᠯ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠠᠴᠠ ᠪᠡᠯᠡ ᠭᠠᠷᠭᠠᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠨᠢ 1545.9 ᠳ᠋ᠦᠩᠰᠢᠭᠤᠷ ᠲᠦᠬᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 39%᠎ ᠪᠠᠷ ᠨᠡᠮᠡᠭᠳᠡᠪᠡ︔  15.8 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ ᠨᠡᠮᠡᠭᠳᠡᠭᠰᠡᠨ ᠣᠯᠵᠠᠪᠤᠷᠢ ᠨᠢ 45.5 ᠳ᠋ᠦᠩᠰᠢᠭᠤᠷ ᠲᠦᠬᠦᠷᠢᠭ ᠲᠤ ᠬᠦᠷᠴᠦ᠂ ᠶᠡᠷᠦᠩᠬᠡᠶ ᠴᠣᠭᠴᠠ ᠶᠢᠨ  ᠠᠵᠢᠯᠯᠠᠭᠠᠨ ᠤ ᠶᠠᠰᠤ ᠴᠢᠨᠠᠷ ᠨᠢ  ᠣᠶᠢᠷ᠎ᠠ ᠶᠢᠨ 3 ᠵᠢᠯ ᠤᠨ ᠲᠤᠷᠰᠢᠬᠢ ᠬᠠᠮᠤᠭ ᠤᠨ ᠰᠠᠶᠢᠨ ᠲᠥᠪᠰᠢᠨ ᠳᠤ ᠬᠦᠷᠦᠭᠰᠡᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂ 2017 ᠣᠨ ᠳᠤ ᠥᠪᠥᠷ ᠮᠣᠩᠭᠤᠯ ᠤᠨ ᠤᠯᠤᠰ ᠤᠨ  ᠦᠮᠴᠢᠯᠠᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠤᠯᠤᠰ ᠤᠨ ᠦᠮᠴᠢᠯᠠᠯᠲᠦ ᠠᠵᠤ ᠠᠬᠤᠶ ᠶᠢᠨ ᠠᠵᠢᠯᠯᠠᠭᠠᠨ ᠤ ᠶᠠᠰᠤ ᠴᠢᠨᠠᠷ ᠪᠣᠯᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠦᠴᠢᠷᠳᠡᠯ ᠠᠴᠠ ᠲᠥᠷᠭᠡᠨ ᠮᠤᠯᠲᠤᠷᠠᠭᠤᠯᠤᠨ ᠬᠥᠭᠵᠢᠭᠦᠯᠬᠦ ᠶᠢ ᠪᠠᠴᠢᠮ ᠲᠤᠯᠭᠠᠮ᠎ᠠ ᠡᠭᠦᠷᠭᠡ ᠪᠣᠯᠭᠠᠵᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠵᠦ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠲᠣᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ 60 ᠵᠣᠷᠪᠤᠰ ᠠᠷᠭ᠎ᠠ ᠬᠡᠮᠵᠢᠶ᠎ᠡ ᠶᠢ  ᠪᠤᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠣᠳᠣᠬᠠᠨ ᠳᠤ ᠨᠢᠭᠡᠨᠲᠡ 19 ᠵᠦᠢᠯ ᠢ ᠭᠦᠢᠴᠡᠳᠬᠡᠵᠦ᠂ 41 ᠵᠦᠢᠯ ᠢ ᠡᠮᠬᠢ ᠳᠠᠷᠠᠭ᠎ᠠ ᠲᠠᠢ ᠠᠬᠢᠭᠤᠯᠤᠨ᠂ ᠢᠯᠡᠷᠬᠡᠶ ᠦᠷ᠎ᠡ ᠪᠦᠲᠦᠮᠵᠢ ᠣᠯᠵᠠᠶ᠃ ᠲᠤᠰ ᠵᠢᠯ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ 6.2 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ ᠨᠡᠮᠡᠭᠳᠡᠭᠰᠡᠨ ᠣᠯᠵᠠᠪᠤᠷᠢ ᠨᠢ 45.3 ᠳ᠋ᠦᠩᠰᠢᠭᠤᠷ  ᠲᠥᠭᠦᠷᠢᠭ ᠲᠤ ᠬᠦᠷᠴᠦ᠂ ᠬᠤᠶᠠᠷ ᠵᠢᠯ ᠳᠠᠷᠠᠭᠠᠯᠠᠨ ᠯᠤᠲᠤ ᠶᠡᠭᠡ ᠲᠣᠭᠠᠨ ᠤ ᠠᠯᠳᠠᠭᠳᠠᠯ ᠲᠠᠢ ᠪᠠᠶᠢᠭᠰᠠᠨ ᠪᠠᠶᠢᠳᠠᠯ ᠢ ᠬᠤᠪᠢᠷᠠᠭᠤᠯᠵᠠᠶ᠃ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠦᠭᠰᠡᠨ ᠠᠷᠭ᠎ᠠ ᠬᠢᠳᠡᠯ ᠨᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢᠨ ᠵᠢᠱᠢᠶ᠎ᠡ ᠲᠠᠢ ᠬᠠᠮᠲᠤ ᠪᠠᠷ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠦᠮᠴᠢᠯᠠᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ︽ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠠᠶᠢᠨ ᠰᠦᠪᠡᠭᠴᠢᠯᠡᠯᠲᠡ ᠬᠢᠭᠡᠳ ᠦᠢᠯᠡᠳᠦᠯᠭᠡ — — ᠣᠷᠣᠨ ᠨᠤᠲᠤᠭ ᠤᠨ ᠥᠭᠡᠷᠡᠴᠢᠯᠡᠯᠲᠡ ᠶᠢᠨ 100 ᠵᠢᠱᠢᠶ᠎ᠡ︾᠎ ᠳᠤ ᠰᠤᠩᠭᠤᠭᠳᠠᠨ᠂ ᠲᠡᠭᠦᠨ ᠤ ᠲᠤᠷᠰᠢᠯᠭ᠎ᠠ ᠠᠷᠭ᠎ᠠ ᠬᠢᠳᠡᠯ ᠢ ᠪᠦᠬᠦ ᠤᠯᠤᠰ ᠲᠤ ᠳᠡᠯᠭᠡᠷᠡᠭᠦᠯᠵᠡᠢ᠃      ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠶᠢᠨ ᠲᠠᠯ᠎ᠠ ᠪᠠᠷ᠂ ᠥᠪᠥᠷ ᠮᠣᠩᠭᠤᠯ ᠤᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠡᠯ᠎ᠡ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠶᠡᠷᠦᠩᠬᠡᠶ ᠴᠣᠭᠴᠠ ᠶᠢᠨ ᠰᠠᠶᠢᠵᠢᠷᠠᠯᠲᠠ ᠶᠢᠨ ᠴᠠᠭ ᠲᠣᠬᠢᠶᠠᠯ ᠢ ᠠᠳᠬᠤᠨ ᠠᠪᠬᠤ ᠶᠢ ᠨᠢ ᠢᠳᠡᠪᠬᠢᠲᠡᠢ ᠲᠦᠯᠬᠢᠨ ᠠᠬᠢᠭᠤᠯᠵᠤ᠂ ᠲᠤᠮᠤ ᠵᠠᠬ᠎ᠠ ᠳᠡᠯᠭᠡᠭᠦᠷ ᠢ ᠣᠨᠢᠯᠠᠨ ᠲᠣᠮᠣ ᠵᠠᠬᠢᠶᠠᠯᠠᠭ᠎ᠠ ᠶᠢ ᠵᠠᠪᠳᠤᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠢ ᠡᠵᠡᠯᠡᠬᠦ ᠬᠤᠪᠢ ᠶᠢ ᠥᠷᠭᠡᠳᠬᠡᠨ᠂ ᠦᠢᠯᠡᠳᠬᠦᠨ ᠤ ᠪᠣᠷᠣᠯᠠᠭᠤᠯᠤᠯᠲᠠ ᠶᠢᠨ ᠣᠷᠣᠯᠭ᠎ᠠ ᠶᠢ ᠥᠷᠭᠡᠳᠬᠡᠵᠡᠢ᠃ 2017 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠪᠡᠯᠡ ᠭᠠᠷᠭᠠᠨ ᠬᠢᠨᠠᠨ  ᠬᠠᠮᠢᠶᠠᠷᠴᠤ ᠪᠠᠶᠢᠭ᠎ᠠ 14 ᠠᠵᠤ ᠠᠬᠤᠶᠢᠯᠠᠯ ᠤᠨ ᠶᠡᠷᠦᠩᠬᠡᠶ ᠡᠵᠡᠩᠨᠡᠯᠲᠡ ᠶᠢᠨ ᠣᠷᠣᠯᠭ᠎ᠠ ᠨᠢ ᠢᠮᠠᠭᠲᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠵᠤ᠂ ᠰᠠᠷ᠎ᠠ ᠶᠢᠨ ᠳᠤᠮᠳᠠᠴᠢ ᠨᠡᠮᠡᠭᠳᠡᠯ ᠤᠨ ᠨᠣᠷᠮ᠎ᠠ ᠨᠢ46.6%᠎ ᠳᠤ ᠬᠦᠷᠪᠡ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠬᠦ ᠵᠠᠷᠴᠢᠮ ᠢ ᠪᠠᠷᠢᠮᠲᠠᠯᠠᠨ ᠠᠵᠤ ᠦᠢᠯᠡᠰ ᠤᠨ ᠬᠡᠯᠬᠢᠶ᠎ᠡ ᠶᠢᠨ ᠭᠤᠯᠳᠤ ᠵᠦᠭ᠂ ᠬᠥᠨᠳᠡᠯᠡᠨ ᠵᠦᠭ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠲᠤᠷᠠᠯᠴᠠᠬᠤ ᠶᠢ ᠲᠠᠰᠤᠷᠠᠯᠲᠠ ᠦᠭᠡᠢ ᠴᠢᠩᠭᠠᠳᠬᠠᠨ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠎ ᠨᠢ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠢᠨ ᠯᠤᠭ᠎ᠠ ᠪᠠᠶᠢᠯᠳᠤᠬᠤ ᠪᠤᠳᠤᠯᠭ᠎ᠠ ᠶᠢᠨ ᠬᠤᠳᠠᠯᠳᠤᠨ ᠠᠪᠬᠤ ᠵᠥᠪᠳᠡᠯᠴᠡᠭᠡᠷ ᠲᠣᠭᠲᠠᠬᠤ ᠶᠢ ᠢᠳᠡᠪᠬᠢᠲᠡᠢ ᠲᠦᠯᠬᠢᠨ ᠠᠬᠢᠭᠤᠯᠪᠠ︔ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠨᠢ ᠤᠯᠤᠰ ᠤᠨ ᠦᠮᠴᠢᠯᠠᠯᠲᠦ ᠴᠠᠬᠢᠯᠭᠠᠨ ᠬᠦᠴᠦᠨ ᠤ ᠺᠣᠮᠫᠠᠨᠢ ᠶᠢᠨ ᠮᠣᠩᠭᠤᠯ ᠤᠯᠤᠰ ᠲᠤ ᠰᠠᠭᠤᠭ᠎ᠠ ᠲᠥᠯᠥᠭᠡᠯᠡᠭᠴᠢ ᠶᠢᠨ ᠭᠠᠵᠠᠷ ᠢ ᠪᠠᠶᠢᠭᠤᠯᠤᠨ᠂ ᠮᠣᠩᠭᠤᠯ ᠤᠯᠤᠰ ᠤᠨ ᠡᠮᠦᠨᠡᠲᠦ ᠬᠡᠰᠡᠭ ᠤᠨ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢᠨ ᠲᠥᠯᠥᠪᠵᠢᠭᠦᠯᠭᠡ ᠪᠣᠯᠣᠨ ᠪᠡᠯᠡ ᠣᠷᠣᠭᠤᠯᠵᠤ ᠪᠦᠳᠦᠭᠡᠨ ᠪᠠᠶᠢᠭᠤᠯᠬᠤ ᠳᠤ ᠣᠷᠣᠯᠴᠠᠨ᠂ ᠢᠰᠫᠠᠨᠢ ᠶᠢᠨ ᠪᠥᠸ᠋ᠹᠷᠦᠢ ᠺᠣᠮᠫᠠᠨᠢ ᠯᠤᠭ᠎ᠠ ︽ ᠲᠣᠮᠣ ᠬᠡᠪᠴᠢᠶᠡᠨ ᠤ ᠰᠢᠨ᠎ᠡ ᠡᠨᠧᠷᠭᠢ ᠶᠢ  ᠰᠦᠯᠵᠢᠶ᠎ᠡ ᠳᠤ ᠲᠥᠪᠯᠡᠷᠡᠭᠦᠯᠦᠨ ᠬᠠᠮᠲᠤᠳᠬᠠᠬᠤ ᠰᠢᠰᠲ᠋ᠧᠮ ᠤᠨ ᠵᠠᠩᠭᠢᠯᠠᠭ᠎ᠠ ᠶᠢᠨ ᠮᠡᠷᠭᠡᠵᠢᠯ ︾᠎ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠪᠢᠴᠢᠭ ᠲᠤ ᠭᠠᠷ ᠤᠨ ᠦᠰᠦᠭ ᠵᠢᠷᠣᠪᠠ︔ ᠥᠪᠥᠷ ᠮᠣᠩᠭᠤᠯ ᠤᠨ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠨᠢ ᠪᠷᠠᠽᠢᠯ ᠳᠤ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠤᠬᠠᠶᠢᠯᠠᠭᠰᠠᠨ ᠠᠵᠢᠯ ᠤᠨ ᠬᠤᠪᠢᠶᠠᠷᠢ ᠺᠣᠮᠫᠠᠨᠢ ᠪᠠᠶᠢᠭᠤᠯᠵᠤ᠂ ᠫᠠᠺᠢᠰᠲ᠋ᠠᠨ᠂ ᠲᠠᠵᠢᠺᠰᠲ᠋ᠠᠨ ᠵᠡᠷᠭᠡ 12 ᠤᠯᠤᠰ ᠤᠨ ᠡᠨᠧᠷᠭᠢ ᠶᠢᠨ ᠲᠥᠷᠥᠯ ᠵᠦᠢᠯ ᠤᠨ ᠪᠦᠳᠣᠭᠡᠨ ᠪᠠᠶᠢᠭᠤᠯᠤᠯᠲᠠ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号