ᠦᠪᠦᠷ ᠮᠣᠩᠭᠤᠯ 3 ᠵᠢᠯ ᠤᠨ ᠳᠣᠲᠣᠷ᠎ᠠ ᠡᠮᠴᠢᠯᠡᠭᠡᠨ ᠤ ᠠᠨᠠᠭᠠᠬᠤ ᠤᠬᠠᠭᠠᠨ ᠤ ᠴᠢᠳᠠᠪᠤᠷᠢᠲᠠᠨ ᠬᠥᠮᠦᠵᠢᠭᠦᠯᠬᠦ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2018/1/16
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ︽ᠠᠨᠠᠭᠠᠬᠤ ᠤᠬᠠᠭᠠᠨ ᠪᠣᠯᠣᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ ᠤᠨ ᠲᠤᠬᠠᠶ ᠮᠡᠳᠡᠭᠳᠡᠯ︾᠎ ᠢ ᠦᠨᠳᠦᠰᠦᠯᠡᠪᠡᠯ᠂ 2020 ᠣᠨ ᠪᠣᠯᠬᠤ ᠳᠤ᠂ ᠪᠦᠬᠦ ᠣᠷᠣᠨ ᠳᠤ ︽5 + 3︾ ︵5 ᠵᠢᠯ ᠤᠨ ᠡᠮᠴᠢᠯᠡᠭᠡᠨ ᠤ ᠠᠨᠠᠭᠠᠬᠤ ᠤᠬᠠᠭᠠᠨ ᠤ ᠵᠢᠩᠬᠢᠨᠢ ᠠᠩᠬᠢ ᠶᠢᠨ ᠰᠤᠷᠭᠠᠨ ᠬᠥᠮᠦᠵᠢᠯ + 3 ᠵᠢᠯ ᠤᠨ ᠲᠤᠰᠠᠯᠠᠭᠴᠢ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠪᠤᠶᠤ 3 ᠵᠢᠯ ᠤᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠠᠰᠫᠢᠷᠠᠨᠲ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠰᠣᠳᠣᠯᠠᠬᠤ ᠰᠤᠷᠤᠭᠴᠢ ᠶᠢᠨ ᠰᠤᠷᠭᠠᠨ ᠬᠥᠮᠦᠵᠢᠯ︶᠎ ᠪᠠᠷ ᠭᠤᠣᠯ ᠪᠣᠯᠭᠠᠵᠤ᠂ ︽3 + 2︾ ︵3 ᠵᠢᠯ ᠤᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠠᠩᠬᠢ ᠶᠢᠨ ᠰᠤᠷᠭᠠᠨ ᠬᠥᠮᠦᠵᠢᠯ + 2 ᠵᠢᠯ ᠤᠨ ᠶᠡᠷᠦᠩᠬᠡᠶ ᠰᠠᠯᠠᠭᠠᠨ ᠤ ᠬᠠᠪᠰᠤᠷᠤᠭᠴᠢ ᠡᠮᠴᠢ ᠶᠢᠨ ᠪᠣᠯᠪᠠᠰᠤᠷᠠᠭᠤᠯᠤᠯ︶᠎ ᠢᠶᠠᠷ ᠨᠥᠬᠦᠪᠥᠷᠢ ᠪᠣᠯᠭᠠᠨ᠂ ᠭᠠᠵᠠᠷ ᠣᠷᠣᠨ ᠪᠣᠯᠣᠨ ᠦᠨᠳᠦᠰᠦᠲᠡᠨ ᠤ ᠣᠨᠴᠠᠯᠢᠭ ᠪᠦᠬᠦᠢ ᠡᠮᠴᠢᠯᠡᠭᠡᠨ ᠤ ᠠᠨᠠᠭᠠᠬᠤ ᠤᠬᠠᠭᠠᠨ ᠤ ᠴᠢᠳᠠᠪᠤᠷᠢᠲᠠᠨ ᠬᠥᠮᠦᠵᠢᠭᠦᠯᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃      ᠮᠡᠳᠡᠭᠳᠡᠯ ᠳᠤ ᠳᠤᠷᠠᠳᠤᠭᠰᠠᠨ ᠨᠢ᠂ ᠶᠠᠭᠤᠨ ᠤ ᠡᠮᠦᠨ᠎ᠡ ᠰᠤᠷᠤᠭᠴᠢ ᠶᠢᠨ ᠢᠷᠡᠯᠲᠡ ᠶᠢᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠪᠦᠬᠦ ᠣᠷᠣᠨ ᠤ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ᠂ ᠮᠣᠩᠭᠤᠯ ᠡᠮ ᠡᠮᠨᠡᠯᠭᠡ᠂ ᠬᠢᠲᠠᠳ ᠡᠮᠨᠡᠯᠭᠡ ᠶᠢᠨ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠢ ᠪᠥᠬᠦᠳᠡ ᠶᠢ ᠨᠢᠭᠡᠳᠦᠭᠡᠷ ᠪᠥᠯᠥᠭ ᠤᠨ ᠵᠢᠩᠬᠢᠨᠢ ᠠᠩᠭᠢ ᠶᠢᠨ ᠰᠣᠷᠣᠭᠴᠢ ᠡᠯᠰᠡᠬᠦ ᠎ ᠳᠤ ᠣᠷᠣᠭᠤᠯᠵᠤ᠂ ᠶᠡᠷᠦᠩᠬᠡᠶ ᠰᠠᠯᠠᠭ᠎ᠠ᠂ ᠬᠡᠦᠬᠡᠳ ᠤᠨ ᠰᠠᠯᠠᠭ᠎ᠠ᠂ ᠮᠡᠳᠡᠷᠡᠯ ᠤᠨ ᠠᠨᠠᠭᠠᠬᠤ ᠤᠬᠠᠭᠠᠨ᠂ ᠡᠮᠴᠢᠯᠡᠭᠡᠨ ᠤ ᠰᠡᠳᠬᠢᠴᠡ᠂ ᠬᠥᠩᠭᠡᠵᠢᠭᠦᠯᠬᠦ ᠰᠠᠯᠠᠭ᠎ᠠ᠂ ᠠᠮᠢᠳᠤ ᠪᠣᠳᠠᠰ ᠤᠨ ᠠᠮᠤᠷ ᠲᠦᠪᠰᠢᠨ᠂ ᠡᠪᠡᠳᠴᠢᠨ ᠤ ᠵᠦᠢ᠂ ᠮᠢᠨᠴᠦᠭᠦᠷᠡᠭᠦᠯᠬᠦ᠂ ᠲᠦᠷᠭᠡᠨ ᠠᠪᠦᠷᠡᠬᠤ᠂ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠬᠠᠯᠳᠠᠪᠤᠷᠢᠲᠤ ᠡᠪᠡᠳᠴᠢᠨ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠤᠳᠤᠮᠯᠠᠯ ᠤᠨ ᠵᠥᠪᠳᠡᠯᠴᠡᠭᠡ᠂ ᠡᠷᠡᠭᠦᠯᠵᠢᠯ ᠵᠡᠷᠭᠡ ᠬᠤᠪᠣᠷ ᠴᠤᠬᠠᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ᠃ ᠳᠠᠷᠠᠭ᠎ᠠ ᠨᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠪᠦᠲᠦᠴᠡ ᠶᠢ ᠳᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠶ᠃ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠨᠤᠭᠤᠳ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠵᠢᠩᠬᠢᠨᠢ ᠠᠩᠬᠢ ᠶᠢᠨ ᠰᠤᠷᠭᠠᠨ ᠬᠥᠮᠦᠵᠢᠯ ᠢ ᠯᠠᠪᠳᠠᠭᠤᠨ ᠢᠶᠠᠷ ᠬᠥᠭᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠨᠳᠤᠯᠭᠠᠲᠤ ᠰᠦᠢᠳᠬᠡᠯ ᠬᠤᠷᠢᠶᠠᠬᠤ ᠦᠭᠡᠶ ᠠᠨᠠᠭᠠᠬᠤ ᠤᠬᠠᠭᠠᠨ ᠤ ᠰᠤᠷᠤᠭᠴᠢ ᠡᠯᠰᠡᠬᠦ ᠪᠠ ᠬᠥᠮᠦᠵᠢᠭᠦᠯᠬᠦ ᠪᠠᠨ ᠦᠷᠭᠦᠯᠵᠢᠯᠡᠨ ᠬᠡᠷᠡᠭᠵᠢᠭᠦᠯᠬᠦ ᠬᠡᠷᠡᠭᠲᠡᠶ᠃ ᠳᠡᠭᠡᠳᠦ ᠵᠡᠷᠭᠡ ︵ᠲᠤᠰᠬᠠᠶ ᠮᠡᠷᠭᠡᠵᠢᠯ︶᠎ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠪᠰᠤᠷᠤᠭᠴᠢ ᠶᠡᠷᠦᠩᠬᠡᠶ ᠰᠠᠯᠠᠭᠠᠨ ᠤ ᠡᠮᠴᠢ ᠶᠢ ᠭᠤᠣᠯᠳᠠᠯᠭ᠎ᠠ ᠲᠠᠢ ᠪᠠᠷ ᠬᠥᠮᠦᠵᠢᠭᠦᠯᠬᠦ ᠬᠡᠷᠡᠭᠲᠡᠶ᠃ ᠠᠵᠢᠯ ᠤᠨ ᠪᠠᠶᠢᠷᠢ ᠳᠤ ᠪᠠᠶᠢᠭ᠎ᠠ ᠬᠥᠳᠡᠭᠡ ᠲᠣᠰᠬᠤᠨ ᠤ ᠡᠮᠴᠢ ᠶᠢᠨ ᠴᠢᠳᠠᠪᠤᠷᠢ ᠪᠣᠯᠣᠨ ᠰᠤᠷᠤᠯᠭ᠎ᠠ ᠶᠢᠨ ᠨᠠᠮᠲᠠᠷ ᠤᠨ ᠳᠡᠭᠡᠭᠰᠢᠯᠡᠯᠲᠡ ᠶᠢ ᠴᠢᠬᠤᠯᠠᠴᠢᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠶᠡᠭᠡ ᠳᠡᠭᠡᠳᠦ ᠰᠤᠷᠭᠠᠭᠤᠯᠢ ᠶᠢᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠪᠠᠰᠠ ᠲᠡᠰᠦᠷᠡᠯᠳᠠ ᠦᠭᠡᠢ  ᠭᠦᠨᠵᠡᠭᠡᠶᠢᠷᠡᠭᠦᠯᠵᠦ᠂ ᠰᠤᠷᠭᠠᠭᠤᠯᠢ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠲᠦᠷᠢᠮ ᠢ ᠪᠦᠷᠢᠨᠰᠢᠭᠦᠯᠬᠦ᠂ ᠦᠷᠭᠦᠯᠵᠢᠯᠡᠭᠰᠡᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠲᠦᠷᠢᠮ ᠢ ᠪᠦᠷᠢᠨᠰᠢᠭᠦᠯᠬᠦ ᠵᠡᠷᠭᠡ ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠶ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号