ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠦᠨ᠂ | ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠪᠣᠯᠣᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠶᠢ ᠳᠣᠷᠣᠭᠰᠢ | ᠪᠠᠭᠤᠯᠭᠠᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠰᠤᠷᠭᠠᠨ | ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠠᠮᠲᠤᠷᠠᠨ | ︽ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠢᠨᠠᠯᠲᠠ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠲᠦᠷ ᠬᠡᠷᠡᠭᠵᠢᠭᠦᠯᠬᠦ ᠠᠷᠭ᠎ᠠ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠣᠷᠴᠢᠮ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠶ ᠰᠤᠷᠪᠤᠯᠵᠢᠯᠠᠭᠴᠢ | ᠶᠢᠨ ᠠᠰᠠᠭᠤᠯᠲᠠ ᠶᠢ ᠬᠠᠷᠢᠭᠤᠯᠪᠠ᠃ | 1. ᠨᠡᠶᠢᠭᠡᠮ ᠤᠨ ᠡᠯ᠎ᠡ ᠡᠲᠡᠭᠡᠳ ᠤᠨ ᠬᠢᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ ᠠᠵᠢᠯ ᠢ ᠲᠦᠢᠯ ᠤᠨ ᠶᠡᠬᠡᠪᠡᠷ ᠠᠩᠬᠠᠷᠴᠤ ᠪᠠᠶᠢᠨ᠎ᠠ᠂ ᠲᠤᠰ ᠪᠢᠴᠢᠭ ᠮᠠᠲ᠋ᠧᠷᠢᠶᠠᠯ ᠢ | ᠨᠡᠶᠢᠲᠡᠯᠡᠭᠰᠡᠨ ᠠᠬᠤᠶ ᠪᠠᠶᠢᠳᠠᠯ ᠪᠣᠯᠣᠨ ᠠᠴᠢ ᠬᠤᠯᠪᠣᠭᠳᠠᠯ ᠤᠨ ᠲᠤᠬᠠᠶ ᠲᠠᠨᠢᠯᠴᠠᠭᠤᠯᠤᠭᠠᠳ ᠥᠭᠭᠦᠨᠦ᠃ | ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠶᠢ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠵᠠᠰᠠᠭ ᠵᠠᠬᠢᠷᠭᠠᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠪᠣᠯᠭᠠᠪᠠ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠤᠨ᠂ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠵᠦ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠰᠢᠨᠡᠴᠢᠯᠡᠨ᠂ | ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠣᠯᠣᠨ ᠭᠦᠢᠴᠡᠳᠬᠡᠬᠦ ᠬᠦᠴᠦᠨ ᠢ ᠴᠢᠩᠭᠠᠳᠬᠠᠬᠤ | ᠬᠡᠷᠡᠭᠲᠡᠶ ᠬᠡᠮᠡᠨ ᠤᠯᠠᠮ ᠨᠢᠭᠡ ᠠᠯᠬᠤᠮ ᠲᠣᠳᠣᠷᠬᠠᠶ ᠳᠤᠷᠠᠳᠤᠨ ᠭᠠᠷᠭᠠᠵᠠᠢ᠃ ᠲᠦᠷᠦ ᠶᠢᠨ ᠶᠠᠪᠤᠳᠠᠯ ᠤᠨ ᠬᠤᠷᠢᠶ᠎ᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠶᠡᠬᠡᠪᠡᠷ ᠠᠬᠢᠭᠤᠯᠵᠤ᠂ ᠡᠨᠡ | ᠵᠢᠯ ᠠᠴᠠ ᠨᠠᠰᠢ᠂ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ᠂ ᠫᠷᠣᠹᠧᠰᠰᠣᠷ ᠢ ᠬᠢᠨᠠᠨ ᠲᠣᠭᠲᠠᠭᠠᠬᠤ | ᠡᠷᠬᠡ ᠶᠢᠨ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠪᠠᠷ ᠤᠷᠢᠳ ᠬᠤᠵᠢᠳ ᠲᠣᠭᠲᠠᠭᠠᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠢ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠪᠦᠷᠢᠨᠰᠢᠭᠦᠯᠬᠦ ᠬᠡᠷᠡᠭᠲᠡᠢ ᠭᠡᠵᠦ ᠲᠣᠳᠣᠷᠬᠠᠶ ᠱᠠᠭᠠᠷᠳᠠᠪᠠ᠃ ᠡᠨᠡ | ᠵᠢᠯ ᠤᠨ 3 ᠳ᠋ᠤᠭᠠᠷ ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠦᠴᠢᠷ ᠠᠴᠠ ︽ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠵᠠᠰᠠᠭ ᠢ ᠴᠣᠮᠬᠠᠳᠬᠠᠵᠦ ᠡᠷᠬᠡ ᠶᠢ ᠳᠣᠷᠣᠭᠰᠢ | ᠪᠠᠭᠤᠯᠭᠠᠨ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠵᠦ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠤᠳ︾ ᠢ ᠨᠡᠶᠢᠲᠡᠯᠡᠵᠦ᠂ ᠳᠡᠭᠡᠳᠦ ᠰᠤᠷᠭᠠᠭᠤᠯᠢ ᠶᠢᠨ ᠪᠠᠭᠰᠢ | ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠡᠷᠬᠡ ᠶᠢ ᠰᠢᠭᠤᠳ ᠳᠡᠭᠡᠳᠦ ᠰᠤᠷᠭᠠᠭᠤᠯᠢ ᠳᠤ ᠬᠦᠷᠲᠡᠯ᠎ᠡ | ᠪᠠᠭᠤᠯᠭᠠᠵᠤ᠂ ᠰᠤᠷᠭᠠᠨ ᠬᠦᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ | ᠰᠠᠯᠠᠭ᠎ᠠ ᠮᠦᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃ | ᠦᠢᠯᠡᠳᠦᠯᠭᠡ ᠶᠢᠨ ᠲᠠᠯ᠎ᠠ ᠪᠠᠷ᠂ ᠳᠡᠭᠡᠳᠦ ᠰᠤᠷᠭᠠᠭᠤᠯᠢ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠯᠲᠠ ᠶᠢ ᠡᠵᠡᠨ ᠮᠡᠳᠡᠵᠦ ᠥᠷᠨᠢᠭᠦᠯᠬᠦ ᠳᠤ ᠵᠣᠬᠢᠬᠤ ᠠᠵᠢᠯ ᠤᠨ ᠰᠠᠭᠤᠷᠢ ᠪᠣᠯᠪᠠᠰᠤᠷᠠᠯ ᠪᠣᠯᠤᠨ | ᠲᠤᠷᠰᠢᠯᠭ᠎ᠠ ᠶᠢᠨ ᠬᠤᠷᠠᠮᠳᠤᠭᠤᠯᠤᠯ ᠪᠠᠶᠢᠬᠤ ᠬᠡᠷᠡᠭᠲᠡᠢ᠃ ᠫᠷᠣᠹᠧᠰᠰᠣᠷ᠂ ᠳᠡᠳ᠋ ᠫᠷᠣᠹᠧᠰᠰᠣᠷ ᠤᠨ ᠬᠢᠨᠠᠨ | ᠲᠣᠭᠲᠠᠭᠠᠬᠤ ᠡᠷᠬᠡ ᠶᠢ ᠨᠡᠯᠢᠶᠡᠳ ᠡᠷᠲᠡ ᠣᠯᠭᠤᠭᠰᠠᠨ ᠳᠡᠭᠡᠳᠦ ᠰᠤᠷᠭᠠᠭᠤᠯᠢ ᠨᠢ ᠤᠷᠢᠳᠠᠪᠠᠷ ᠬᠡᠷᠡᠭᠵᠢᠭᠦᠯᠦᠨ | ᠤᠷᠢᠳᠠᠪᠠᠷ ᠲᠤᠷᠰᠢᠵᠤ᠂ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠬᠢᠨᠠᠨ ᠬᠠᠮᠢᠶᠠᠷᠬᠤ ᠵᠡᠷᠭᠡ | ᠲᠠᠯ᠎ᠠ ᠪᠠᠷ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠳᠡᠭᠡᠳᠦ ᠰᠤᠷᠭᠠᠭᠤᠯᠢ ᠪᠣᠯᠣᠨ | ᠣᠷᠣᠨ ᠨᠤᠲᠤᠭ ᠨᠢ ᠴᠥᠮ ᠡᠭᠦᠨ ᠳᠤ ᠰᠠᠭᠤᠷᠢᠯᠠᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ | ᠴᠣᠯᠠ ᠶᠢ ᠡᠵᠡᠨ ᠮᠡᠳᠡᠵᠦ ᠬᠢᠨᠠᠨ ᠲᠣᠭᠲᠠᠭᠠᠬᠤ ᠪᠠ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠠᠬᠢᠭᠤᠯᠬᠤ ᠪᠠᠷ | ᠬᠦᠰᠡᠵᠦ ᠪᠠᠶᠢᠨ᠎ᠠ᠃ | ᠡᠶᠢᠮᠦ ᠠᠴᠠ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ | ᠡᠷᠬᠡ ᠶᠢ ᠳᠡᠭᠡᠳᠦ ᠰᠤᠷᠭᠠᠭᠤᠯᠢ ᠳᠤ ᠬᠦᠷᠲᠡᠯ᠎ᠡ ᠪᠠᠭᠤᠯᠭᠠᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠪᠠᠨ | ᠲᠠᠰᠤᠷᠠᠯᠲᠠ ᠥᠬᠡᠢ ᠴᠢᠩᠭᠠᠳᠬᠠᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠳᠠᠬᠢ ᠲᠤᠤᠱᠯᠠᠭᠤᠯᠤᠯᠲᠡ ᠨᠠᠶᠢᠳᠠᠪᠤᠷᠢᠵᠢᠭᠤᠯᠤᠯᠲᠡ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ᠂ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ ᠡᠷᠬᠡ ᠶᠢ ᠨᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠦ᠂ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠠᠵᠢᠯ ᠢ ᠵᠢᠷᠤᠮᠵᠢᠭᠤᠯᠤᠨ᠂ ᠪᠠᠭᠰᠢ ᠨᠠᠷ ᠤᠨ ᠰᠤᠷᠭᠠᠵᠤ ᠬᠥᠮᠦᠵᠢᠭᠦᠯᠬᠦ ᠢᠳᠡᠪᠬᠢᠵᠢᠯ ᠪᠣᠯᠣᠨ | ᠪᠦᠲᠦᠭᠡᠯᠴᠢ ᠴᠢᠨᠠᠷ ᠢ ᠬᠥᠭᠵᠢᠭᠡᠵᠦ᠂ ᠰᠢᠯᠢᠳᠡᠭ ᠴᠢᠳᠠᠪᠤᠷᠢᠲᠠᠨ ᠤ ᠴᠣᠯᠭᠤᠷᠬᠤ ᠶᠢ ᠠᠬᠢᠭᠤᠯᠬᠤ ᠳᠤ ᠠᠰᠢᠭᠲᠠᠶ | ᠪᠠᠶᠢᠳᠠᠭ᠃ | 2. ︽ᠲᠦᠷ ᠬᠡᠷᠡᠭᠵᠢᠭᠦᠯᠬᠦ ᠠᠷᠭ᠎ᠠ︾ ᠨᠢ ᠲᠦᠷᠦ ᠶᠢᠨ ᠪᠣᠳᠣᠯᠭᠠᠲᠤ ᠴᠢᠨᠠᠷ᠂ ᠲᠤᠰᠬᠠᠶ ᠮᠡᠷᠭᠡᠵᠢᠯ ᠤᠨ | ᠴᠢᠨᠠᠷ ᠢᠶᠠᠷ ᠮᠠᠰᠢ ᠴᠢᠩᠭ᠎ᠠ ᠪᠣᠯᠣᠭᠰᠠᠨ ᠨᠢ ᠢᠯᠡᠬᠡᠨ᠂ ᠡᠨᠡᠬᠦ ᠪᠢᠴᠢᠭ ᠮᠠᠲ᠋ᠧᠷᠢᠶᠠᠯ ᠬᠡᠷᠬᠢᠨ ᠪᠣᠢ ᠪᠣᠯᠣᠭᠰᠠᠨ ᠢ | ᠲᠠᠨᠢᠯᠴᠠᠭᠤᠯᠤᠭᠠᠳ ᠥᠭᠭᠦᠨᠦ︖ | ᠬᠠᠷᠢᠭᠤᠯᠲᠠ᠄ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠢᠨᠠᠯᠲᠠ ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠵᠤ᠂ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ | ᠡᠵᠡᠨ ᠮᠡᠳᠡᠵᠦ ᠥᠷᠨᠢᠭᠦᠯᠬᠦ ᠶᠢ ᠠᠬᠢᠭᠤᠯᠬᠤ ᠪᠣᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ︽ | ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠣᠨ᠎ᠠ᠃ ︽ᠲᠦᠷ | ᠬᠡᠷᠡᠭᠵᠢᠭᠦᠯᠬᠦ ᠠᠷᠭ᠎ᠠ︾ ᠶᠢ ᠨᠡᠶᠢᠲᠡᠯᠡᠬᠦ ᠳᠤ ᠭᠤᠣᠯᠳᠠᠭᠤ ᠳᠣᠣᠷᠠᠬᠢ ᠶᠠᠪᠤᠴᠠ ᠶᠢ ᠥᠩᠭᠡᠷᠡᠭᠡᠵᠡᠶ᠄ ᠨᠢᠭᠡ ᠳᠤ | ᠥᠷᠭᠡᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠪᠡ᠃ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠬᠤ | ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠬᠠᠮᠢᠶ᠎ᠠ ᠪᠦᠬᠦᠢ ᠳᠡᠭᠡᠳᠦ ᠰᠤᠷᠭᠠᠭᠤᠯᠢ ᠳᠤ ᠨᠠᠶᠢᠳᠠᠨ ᠲᠤᠰᠬᠠᠶ | ᠰᠡᠳᠦᠪᠲᠦ ᠰᠣᠳᠣᠯᠭᠠᠨ ᠦᠷᠨᠢᠭᠦᠯᠬᠦ ᠵᠡᠷᠭᠡ ᠶᠢ ᠵᠣᠬᠢᠶᠠᠨ ᠪᠠᠶᠢᠭᠤᠯᠬᠤ ᠪᠠᠷ ᠳᠠᠮᠵᠢᠵᠤ᠂ ᠵᠡᠭᠦᠨ᠂ ᠳᠤᠮᠳᠠ᠂ | ᠪᠠᠷᠠᠭᠤᠨ ᠣᠷᠣᠨ ᠤ ᠬᠠᠮᠢᠶ᠎ᠠ ᠪᠦᠬᠦᠢ ᠮᠤᠵᠢ ᠣᠷᠣᠨ ᠤ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠡᠯ᠎ᠡ ᠳᠡᠰ ᠤᠨ ᠡᠯ᠎ᠡ ᠲᠦᠷᠦᠯ ᠤᠨ ᠳᠡᠭᠡᠳᠦ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠳᠤ ᠪᠠᠶᠢᠴᠠᠭᠠᠨ | ᠰᠣᠳᠤᠯᠤᠯᠲᠠ ᠬᠢᠵᠦ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠪᠡ᠃ | ᠬᠤᠶᠠᠷ ᠲᠤ ᠪᠢᠴᠢᠭ ᠮᠠᠲ᠋ᠧᠷᠢᠶᠠᠯ ᠢ ᠰᠣᠳᠣᠯᠣᠨ ᠲᠤᠭᠤᠷᠪᠢᠪᠠ᠃ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ | ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠲᠦᠷᠦᠭᠦᠯᠡᠨ᠂ ᠬᠤᠯᠪᠣᠭᠳᠠᠯ | ᠪᠦᠬᠦᠢ ᠳᠡᠭᠡᠳᠦ ᠰᠤᠷᠭᠠᠭᠤᠯᠢ ᠪᠣᠯᠤᠨ ᠮᠤᠵᠢ ᠶᠢᠨ ᠳᠡᠰ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠲᠤᠰᠬᠠᠶ ᠮᠡᠷᠭᠡᠵᠢᠯᠲᠡᠨ ᠢᠳᠡᠪᠬᠢᠲᠡᠶ ᠣᠷᠤᠯᠴᠠᠨ᠂ ᠪᠢᠴᠢᠭ ᠮᠠᠲ᠋ᠧᠷᠢᠶᠠᠯ ᠢ ᠭᠠᠷᠳᠠᠨ | ᠲᠣᠭᠤᠷᠪᠢᠵᠤ᠂ ᠲᠠᠬᠢᠨ ᠳᠠᠪᠲᠠᠨ ᠵᠥᠪᠳᠡᠯᠴᠡᠵᠦ᠂ ᠤᠯᠠᠨ ᠤᠳᠠᠭ᠎ᠠ ᠵᠠᠰᠠᠬᠤ ᠪᠠᠷ ᠳᠠᠮᠵᠢᠨ᠂ ᠪᠢᠴᠢᠭ | ᠮᠠᠲ᠋ᠧᠷᠢᠶᠠᠯ ᠤᠨ ᠰᠠᠨᠠᠯ ᠬᠤᠷᠢᠶᠠᠬᠤ ᠡᠬᠡ ᠨᠣᠣᠷᠠᠭ ᠢ ᠪᠦᠷᠢᠯᠳᠦᠭᠦᠯᠪᠡ᠃ ᠭᠤᠷᠪᠠ ᠳᠤ ᠥᠷᠭᠡᠨ ᠢᠶᠠᠷ ᠰᠠᠨᠠᠯ | ᠬᠤᠷᠢᠶᠠᠪᠠ᠃ ᠠᠵᠢᠯ ᠢ ᠰᠤᠳᠤᠯᠤᠨ ᠶᠠᠷᠢᠯᠴᠠᠬᠤ ᠬᠤᠷᠠᠯ᠂ ᠶᠠᠷᠢᠯᠴᠠᠬᠤ ᠬᠤᠷᠠᠯ ᠬᠤᠷᠠᠯᠳᠤᠭᠤᠯᠵᠦ᠂ ᠪᠢᠴᠢᠭ ᠤᠨ | ᠬᠡᠯᠪᠡᠷᠢ ᠪᠠᠷ ᠰᠠᠨᠠᠯ ᠬᠤᠷᠢᠶᠠᠬᠤ ᠵᠡᠷᠭᠡ ᠤᠯᠠᠨ ᠬᠡᠯᠪᠡᠷᠢ ᠪᠠᠷ ᠳᠠᠮᠵᠢᠭᠤᠯᠵᠤ᠂ ᠣᠷᠣᠨ ᠨᠤᠲᠤᠭ ᠤᠨ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ ᠤᠨ ᠶᠠᠮᠤᠨ ᠤ | ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠰᠠᠨᠠᠯ ᠰᠠᠨᠠᠭᠤᠯᠭ᠎ᠠ ᠶᠢ ᠤᠯᠠᠨ ᠬᠠᠷᠠᠭᠠᠰᠤ ᠠᠴᠠ | ᠰᠣᠨᠣᠰᠤᠭᠰᠠᠨ ᠪᠠ ᠬᠤᠷᠢᠶᠠᠮᠵᠢᠯᠠᠪᠠ᠃ ᠲᠦᠷᠪᠡ ᠳᠤ ᠲᠠᠬᠢᠨ ᠳᠠᠪᠲᠠᠨ ᠵᠠᠰᠠᠪᠤᠷᠢ ᠣᠷᠣᠭᠤᠯᠤᠨ ᠪᠦᠷᠢᠨᠰᠢᠭᠦᠯᠪᠡ᠃ | ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠨ ᠰᠣᠳᠣᠯᠤᠭᠰᠠᠨ ᠰᠠᠭᠤᠷᠢᠨ ᠳᠡᠭᠡᠷ᠎ᠡ᠂ | ᠪᠢᠴᠢᠭ ᠮᠠᠲ᠋ᠧᠷᠢᠶᠠᠯ ᠤᠨ ᠡᠭᠡ ᠨᠤᠤᠷᠠᠭ ᠢ ᠤᠯᠠᠮ ᠨᠢᠭᠡ ᠠᠯᠬᠤᠮ ᠵᠠᠰᠠᠨ ᠪᠦᠷᠢᠨᠰᠢᠭᠦᠯᠵᠦ᠂ ᠬᠡᠳᠦᠨ ᠠᠷᠪᠠᠨ | ᠤᠳᠠᠭ᠎ᠠ ᠵᠠᠰᠠᠪᠤᠷᠢ ᠣᠷᠤᠭᠤᠯᠪᠠ᠃ ᠲᠠᠪᠤ ᠳᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ | ᠬᠢᠨᠠᠨ ᠶᠠᠷᠢᠯᠴᠠᠪᠠ᠃ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠪᠢᠴᠢᠭ ᠮᠠᠲ᠋ᠧᠷᠢᠶᠠᠯ ᠤᠨ ᠡᠬᠡ ᠨᠣᠣᠷᠠᠭ ᠢ ᠲᠤᠰᠬᠠᠶᠢᠯᠠᠨ ᠬᠢᠨᠠᠨ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠯ ᠢᠶᠠᠨ | ᠳᠤᠷᠠᠳᠤᠨ᠂ ᠪᠢᠴᠢᠭ ᠮᠠᠲ᠋ᠧᠷᠢᠶᠠᠯ ᠤᠨ ᠡᠭᠡ ᠨᠤᠤᠷᠠᠭ ᠢ ᠤᠯᠠᠮ ᠨᠢᠭᠡ ᠠᠯᠬᠤᠮ ᠪᠦᠷᠢᠨᠰᠢᠭᠦᠯᠬᠦ ᠪᠠᠷ ᠱᠠᠭᠠᠷᠳᠠᠪᠠ᠃ | ᠵᠢᠷᠭᠤᠭ᠎ᠠ ᠳᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ | ᠳᠠᠷᠤᠮᠠᠯᠯᠠᠨ ᠲᠠᠷᠬᠠᠭᠠᠪᠠ᠃ | 3 . ︽ᠲᠦᠷ ᠬᠡᠷᠡᠭᠵᠢᠭᠦᠯᠬᠦ ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠪᠤᠢ︖ | ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠳᠤ ︽ᠠᠪᠰᠠᠷ᠂ ᠪᠤᠲᠠᠲᠠᠢ᠂ ᠰᠢᠨ᠎ᠡ︾ ᠶᠢ | ᠴᠢᠬᠤᠯᠠᠴᠢᠯᠠᠵᠤ᠂ ᠨᠡᠶᠢᠲᠡ ᠲᠠᠪᠤᠨ ᠪᠦᠯᠦᠭ᠂ ᠠᠷᠪᠠᠨ ᠳᠤᠯᠤᠭᠠᠨ ᠵᠦᠢᠯ ᠬᠤᠪᠢᠶᠠᠵᠠᠢ᠃ | ᠨᠢᠭᠡᠳᠦᠭᠡᠷ ᠪᠦᠯᠦᠭ᠂ ᠶᠡᠷᠦᠩᠬᠡᠶ ᠲᠦ᠋ᠷᠢᠮ᠃ ᠭᠤᠤᠯᠳᠠᠭᠤ ᠪᠢᠴᠢᠭ ᠮᠠᠲ᠋ᠧᠷᠢᠶᠠᠯ ᠢ ᠲᠤᠭᠲᠠᠭᠠᠬᠤ ᠠᠬᠤᠶ | ᠪᠠᠶᠢᠳᠠᠯ ᠤᠨ ᠵᠣᠷᠢᠯᠭ᠎ᠠ᠂ ᠬᠡᠷᠡᠭᠯᠡᠬᠦ ᠬᠡᠪᠴᠢᠶ᠎ᠡ ᠪᠣᠯᠤᠨ ᠬᠠᠮᠢᠶ᠎ᠠ ᠪᠥᠬᠦᠢ ᠬᠠᠷᠢᠭᠤᠴᠠᠯᠭᠠᠲᠤ ᠭᠤᠣᠯ ᠴᠣᠭᠴᠠ ᠶᠢ | ᠲᠠᠶᠢᠯᠪᠤᠷᠢᠯᠠᠵᠤ᠂ ᠡᠷᠬᠡ ᠬᠠᠷᠢᠭᠤᠴᠠᠯᠭ᠎ᠠ ᠶᠢ ᠵᠡᠷᠭᠡ ᠪᠠᠷ ᠳᠤᠷᠤᠭᠰᠢ ᠪᠠᠭᠤᠯᠭᠠᠬᠤ ᠶᠢ ᠲᠤᠳᠤᠷᠬᠠᠶᠢᠯᠠᠵᠡᠢ᠃ | ᠬᠤᠶᠠᠳᠤᠭᠠᠷ ᠪᠦᠯᠦᠭ᠂ ᠬᠢᠨᠠᠨ ᠲᠣᠭᠲᠠᠭᠠᠬᠤ ᠠᠵᠢᠯ ᠤᠨ ᠲᠤᠬᠠᠶ᠃ ᠬᠢᠨᠠᠨ ᠲᠤᠭᠲᠠᠭᠠᠬᠤ ᠡᠷᠬᠡ ᠶᠢ | ᠳᠣᠷᠣᠭᠰᠢ ᠪᠠᠭᠤᠯᠭᠠᠭᠰᠠᠨ ᠤ ᠳᠠᠷᠠᠭᠠᠬᠢ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠪᠢᠴᠢᠭ ᠮᠠᠲ᠋ᠧᠷᠢᠶᠠᠯ ᠢ ᠲᠤᠭᠲᠠᠭᠠᠬᠤ᠂ ᠪᠢᠴᠢᠭ ᠮᠠᠲ᠋ᠧᠷᠢᠶᠠᠯ ᠢ ᠪᠦᠷᠢᠳᠬᠡᠨ ᠳᠠᠩᠰᠠᠯᠠᠬᠤ᠂ ᠡᠵᠡᠨ | ᠮᠡᠳᠡᠵᠦ ᠬᠢᠨᠠᠨ ᠲᠣᠭᠲᠠᠭᠠᠬᠤ᠂ ᠠᠵᠢᠯ ᠤᠨ ᠣᠨ ᠤ ᠮᠡᠳᠡᠭᠦᠯᠦᠯᠲᠡ ᠵᠢᠴᠢ ᠳᠠᠩᠰᠠ ᠡᠪᠬᠡᠮᠡᠯ ᠢ ᠬᠠᠳᠠᠭᠠᠯᠠᠬᠤ ᠵᠡᠷᠭᠡ | ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠭᠤᠷᠪᠠᠳᠤᠭᠠᠷ ᠪᠦᠯᠦᠭ᠂ ᠬᠢᠨᠠᠯᠲᠠ ᠬᠠᠮᠢᠶᠠᠷᠤᠯᠲᠠ ᠶᠢᠨ ᠠᠭᠤᠯᠭ᠎ᠠ ᠶᠢᠨ ᠲᠤᠬᠠᠢ᠃ ᠭᠤᠣᠯᠳᠠᠭᠤ ᠳᠡᠭᠡᠳᠦ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠬᠢᠨᠠᠨ ᠲᠤᠭᠲᠠᠭᠠᠯᠲᠠ ᠨᠢ ᠨᠠᠮ ᠪᠠ ᠤᠯᠤᠰ ᠤᠨ | ᠰᠤᠷᠭᠠᠨ ᠬᠥᠮᠦᠵᠢᠯ ᠤᠨ ᠴᠢᠭᠯᠡᠯᠲᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠬᠢᠨᠠᠨ ᠲᠣᠭᠲᠠᠭᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠵᠢᠷᠤᠮᠵᠢᠯ ᠲᠠᠢ ᠪᠦᠭᠡᠳ ᠡᠮᠬᠢ ᠵᠢᠷᠤᠮ ᠲᠠᠢ ᠪᠠᠷ ᠬᠢᠨᠠᠨ ᠲᠤᠭᠲᠠᠭᠠᠯᠲᠠ ᠶᠢ ᠦᠷᠨᠢᠭᠦᠯᠬᠦ | ᠵᠡᠷᠭᠡ ᠠᠭᠤᠯᠭ᠎ᠠ ᠪᠠᠭᠲᠠᠨ᠎ᠠ᠃ | ᠳᠥᠷᠪᠡᠳᠦᠭᠡᠷ ᠪᠦᠯᠦᠭ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠤᠬᠠᠶ᠃ ᠭᠤᠣᠯᠳᠠᠭᠤ | ᠪᠢᠴᠢᠭ ᠢᠶᠠᠷ ᠬᠠᠷᠭᠤᠭᠤᠯᠤᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠲᠣᠭᠤᠷᠢᠨ ᠪᠠᠶᠢᠴᠠᠭᠠᠬᠤ᠂ ᠮᠡᠳᠡᠭᠡ | ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠬᠦ᠂ ᠵᠠᠭᠠᠯᠳᠤᠬᠤ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠬᠦ | ᠵᠡᠷᠭᠡ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ | ᠲᠠᠪᠤᠳᠤᠭᠠᠷ ᠪᠦᠯᠦᠭ᠂ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢᠨ ᠲᠤᠬᠠᠢ᠃ ᠬᠠᠮᠢᠶ᠎ᠠ ᠪᠦᠭᠦᠢ | ᠬᠠᠷᠢᠭᠤᠴᠠᠯᠭᠠᠲᠤ ᠭᠤᠤᠯ ᠴᠣᠭᠴᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠶᠢ | ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢ ᠲᠤᠳᠤᠷᠬᠠᠶᠢᠯᠠᠪᠠ᠃ | 4. ᠲᠡᠭᠡᠪᠡᠯ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠤᠭᠲᠠᠭᠠᠬᠤ | ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠨᠢ ᠶᠠᠭᠤ ᠪᠤᠢ︖ | ᠬᠠᠷᠢᠭᠤᠯᠲᠠ᠄ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠤᠭᠲᠠᠭᠠᠬᠤ | ᠬᠢᠨᠠᠨ ᠬᠠᠮᠢᠶᠠᠷᠤᠯᠲᠠ ᠶᠢᠨ ᠭᠤᠣᠯᠳᠠᠯᠭ᠎ᠠ ᠳᠤ ᠳᠠᠷᠠᠭᠠᠬᠢ ᠵᠦᠢᠯ ᠪᠠᠭᠲᠠᠨ᠎ᠠ᠄ ᠨᠢᠭᠡ ᠳᠤ ᠴᠢᠭᠯᠡᠯ ᠨᠢ ᠵᠥᠪ | ᠣᠨᠣᠪᠴᠢᠲᠠᠶ ᠡᠰᠡᠬᠦ᠃ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ | ᠠᠵᠢᠯ ᠨᠢ ᠡᠷᠬᠡᠪᠰᠢ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠦᠢᠯᠡᠴᠢᠯᠡᠬᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠦᠢᠯᠡᠴᠢᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮᠲᠤ ᠪᠠᠶᠢᠭᠤᠯᠤᠯ ᠢ ᠪᠠᠬᠢᠵᠢᠭᠦᠯᠦᠨ ᠬᠦᠭᠵᠢᠭᠦᠯᠬᠦ ᠳᠤ ᠦᠢᠯᠡᠴᠢᠯᠡᠬᠦ᠂ ᠥᠭᠡᠷᠡᠴᠢᠯᠡᠯᠲᠡ ᠬᠢᠵᠦ | ᠴᠢᠯᠥᠭᠡᠲᠡᠶ ᠶᠠᠪᠤᠯᠴᠠᠬᠤ ᠪᠠ ᠨᠡᠶᠢᠭᠡᠮ ᠵᠢᠷᠤᠮᠲᠤ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ | ᠵᠠᠷᠴᠢᠮ ᠢ ᠢᠯᠡᠷᠡᠭᠦᠯᠵᠦ᠂ ᠪᠠᠭᠰᠢ ᠶᠢᠨ ᠶᠣᠰᠣ ᠮᠣᠷᠠᠯ ᠤᠨ ᠦᠨᠡᠯᠡᠯᠲᠡ ᠶᠢ ᠦᠨᠡᠨ ᠬᠦ ᠲᠡᠷᠢᠭᠦᠨ ᠳᠤ ᠲᠠᠯᠪᠢᠬᠤ | ᠬᠡᠷᠡᠭᠲᠡᠶ᠃ ᠬᠤᠶᠠᠷ ᠲᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠃ ᠳᠡᠭᠡᠳᠦ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠨᠢ ᠡᠷᠬᠡᠪᠰᠢ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠠ ᠮᠡᠷᠭᠡᠵᠢᠯ ᠤᠨ ᠴᠤᠯᠠ ᠶᠢᠨ ᠲᠦᠷᠦ ᠶᠢᠨ ᠪᠤᠳᠤᠯᠭ᠎ᠠ ᠲᠠᠢ ᠨᠡᠶᠢᠴᠡᠵᠦ᠂ | ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠭᠤᠷᠪᠠ ᠳᠤ ᠳᠡᠰ ᠳᠠᠷᠠᠭᠠᠯᠠᠯ ᠨᠢ ᠴᠢᠩᠳᠠ ᠡᠰᠡᠬᠦ᠃ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠠᠷᠭ᠎ᠠ᠂ ᠠᠵᠢᠯᠯᠠᠭᠠᠨ ᠤ ᠲᠥᠰᠦᠯ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠬᠤ ᠳᠡᠰ ᠳᠠᠷᠠᠭᠠᠯᠠᠯ᠂ | ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠠ ᠬᠢᠨᠠᠨ ᠲᠤᠭᠲᠠᠭᠠᠬᠤ ᠠᠵᠢᠯᠯᠠᠭᠠᠨ ᠵᠡᠷᠭᠡ ᠳᠡᠰ | ᠳᠠᠷᠠᠭᠠᠯᠠᠯ ᠨᠢ ᠴᠥᠮ ᠵᠢᠷᠤᠮᠵᠢᠵᠤ᠂ ᠲᠡᠭᠦᠯᠳᠡᠷᠵᠢᠭᠰᠡᠨ ᠪᠠᠶᠢᠬᠤ ᠬᠡᠷᠡᠭᠲᠡᠢ᠃ ᠲᠦᠷᠪᠡ ᠳᠤ ᠦᠷ᠎ᠡ ᠳ᠋ᠦᠩ ᠨᠢ ᠲᠥᠪ | ᠭᠤᠣᠯᠴᠢ ᠪᠠᠶᠢᠬᠤ ᠡᠰᠡᠬᠦ᠃ ᠬᠢᠨᠠᠨ ᠲᠤᠭᠲᠠᠭᠠᠯᠲᠠ ᠨᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠦᠷ᠎ᠡ ᠳ᠋ᠦᠩ ᠤᠨ ᠲᠥᠪ ᠭᠤᠤᠯᠴᠢ ᠶᠢ ᠨᠦᠯᠦᠭᠡᠯᠡᠵᠦ᠂ ᠪᠠᠭᠰᠢ ᠶᠢᠨ | ᠬᠠᠤᠯᠢ ᠶᠣᠰᠣᠨ ᠤ ᠡᠷᠬᠡ ᠠᠰᠢᠭ ᠢ ᠨᠦᠯᠦᠭᠡᠯᠡᠭᠰᠡᠨ ᠡᠰᠡᠬᠦ᠃ | 5. ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠤᠭᠲᠠᠭᠠᠬᠤ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠶᠠᠮᠠᠷᠰᠢᠤ ᠰᠢᠨ᠎ᠡ ᠡᠭᠦᠳᠦᠯᠲᠡ ᠲᠠᠢ ᠪᠤᠢ︖ | ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠳᠤ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ | ᠬᠠᠮᠢᠶᠠᠷᠤᠯᠲᠠ ᠪᠠ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠵᠡᠷᠭᠡ ᠤᠯᠠᠨ ᠠᠷᠭ᠎ᠠ ᠮᠠᠶ᠋ᠢᠭ ᠢ | ᠲᠤᠳᠤᠷᠬᠠᠶᠢᠯᠠᠵᠡᠢ᠄ ᠨᠢᠭᠡ ᠳᠤ ᠪᠢᠴᠢᠭ ᠢᠶᠠᠷ ᠪᠠᠶᠢᠴᠠᠭᠠᠨ᠎ᠠ᠃ ᠳᠡᠭᠡᠳᠦ ᠰᠤᠷᠭᠠᠭᠤᠯᠢ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠵᠢᠯ ᠪᠦᠷᠢ ᠳᠡᠭᠡᠳᠦ ᠰᠤᠷᠭᠠᠭᠤᠯᠢ ᠶᠢᠨ ᠮᠡᠳᠡᠭᠦᠯᠦᠨ ᠬᠦᠷᠭᠡᠭᠰᠡᠨ ᠮᠡᠷᠭᠡᠵᠢᠯ ᠤᠨ ᠴᠣᠯᠠ ᠶᠢ | ᠬᠢᠨᠠᠨ ᠲᠣᠭᠲᠠᠭᠠᠬᠤ ᠠᠵᠢᠯ ᠤᠨ ᠪᠠᠶᠢᠳᠠᠯ ᠵᠡᠷᠭᠡ ᠪᠢᠴᠢᠭ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠬᠡᠷᠡᠭᠲᠡᠶ᠃ | ᠬᠤᠶᠠᠷ ᠲᠤ ︽ᠬᠤᠶᠠᠷᠲᠠ ᠰᠤᠭᠤᠴᠢᠨ ᠪᠠᠶᠢᠴᠠᠭᠠᠬᠤ︾ ᠪᠠ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠬᠢᠨ᠎ᠠ | ᠃ ︽ᠬᠤᠶᠠᠷᠲᠠ ᠰᠤᠭᠤᠴᠢᠨ ᠪᠠᠶᠢᠴᠠᠭᠠᠬᠤ︾ ᠶᠢᠨ ᠠᠷᠭ᠎ᠠ ᠮᠠᠶ᠋ᠢᠭ ᠢᠶᠠᠷ ᠲᠣᠭᠲᠠᠮᠠᠯ ᠬᠤᠭᠤᠴᠠᠭ᠎ᠠ ᠲᠠᠢ ᠪᠠᠷ ᠵᠣᠬᠢᠬᠤ | ᠬᠠᠷᠢᠴᠠᠯ ᠢᠶᠠᠷ ᠰᠤᠭᠤᠴᠢᠨ ᠪᠠᠶᠢᠴᠠᠭᠠᠯᠲᠠ ᠦᠷᠨᠢᠭᠦᠯᠦᠨ᠎ᠡ᠃ ᠰᠤᠭᠤᠴᠢᠨ ᠪᠠᠶᠢᠴᠠᠭᠠᠭᠰᠠᠨ ᠪᠠᠶᠢᠳᠠᠯ᠂ ᠤᠯᠠᠨ | ᠲᠦᠮᠡᠨ ᠤ ᠲᠤᠰᠬᠠᠯ ᠪᠤᠶᠤ ᠶᠠᠷᠢᠶ᠎ᠠ ᠬᠡᠯᠡᠯᠴᠡᠭᠡᠨ ᠤ ᠲᠤᠰᠬᠠᠯ ᠢᠶᠠᠷ ᠨᠡᠯᠢᠶᠡᠳ ᠶᠡᠬᠡᠲᠡᠶ ᠠᠰᠠᠭᠤᠳᠠᠯ ᠢ ᠦᠨᠳᠦᠰᠦᠯᠡᠨ᠂ | ᠬᠠᠨᠳᠤᠯᠭᠠᠲᠤ ᠴᠢᠨᠠᠷ ᠲᠠᠢ ᠪᠠᠷ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠬᠢᠨ᠎ᠠ᠃ ᠭᠤᠷᠪᠠ ᠳᠤ ᠮᠡᠳᠡᠭᠡ | ᠵᠠᠩᠭᠢ ᠶᠢ ᠢᠯᠡ ᠪᠤᠯᠭᠠᠨ᠎ᠠ᠃ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠬᠢᠨᠠᠨ | ᠲᠤᠭᠲᠠᠭᠠᠯᠲᠠ ᠳᠤ ᠢᠯᠡ ᠪᠣᠯᠭᠠᠬᠤ᠂ ᠵᠠᠷᠯᠠᠨ ᠨᠡᠶᠢᠲᠡᠯᠡᠬᠦ ᠳᠦᠷᠢᠮ ᠢ ᠴᠢᠩᠭ᠎ᠠ ᠭᠦᠢᠴᠡᠳᠬᠡᠬᠦ ᠶᠢ ᠱᠠᠭᠠᠷᠳᠠᠵᠤ᠂ | ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠰᠤᠷᠭᠠᠨ ᠬᠦᠮᠦᠵᠢᠯ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠳᠡᠭᠡᠳᠦ ᠰᠤᠷᠭᠠᠭᠤᠯᠢ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠵᠤ᠂ ᠲᠣᠭᠤᠷᠢᠨ ᠪᠠᠶᠢᠴᠠᠭᠠᠭᠰᠠᠨ | ᠪᠠᠶᠢᠳᠠᠯ ᠢᠶᠠᠨ ᠮᠡᠳᠡᠭᠡᠯᠡᠵᠦ ᠢᠯᠡ ᠪᠤᠯᠭᠠᠨ᠎ᠠ᠃ ᠲᠦᠷᠪᠡ ᠳᠤ ᠦᠪᠡᠷ ᠢ ᠪᠠᠨ ᠬᠢᠨᠠᠨ ᠬᠠᠮᠢᠶᠠᠷᠬᠤ ᠪᠠ ᠨᠡᠶᠢᠭᠡᠮ ᠠᠴᠠ | ᠬᠢᠨᠠᠯᠲᠠ ᠲᠠᠯᠪᠢᠨ᠎ᠠ᠃ ᠳᠡᠭᠡᠳᠦ ᠰᠤᠷᠭᠠᠭᠤᠯᠢ ᠶᠢᠨ ᠥᠪᠡᠷ ᠢ ᠪᠠᠨ ᠡᠵᠡᠮᠳᠡᠬᠦ ᠪᠠ ᠨᠡᠶᠢᠭᠡᠮ ᠠᠴᠠ ᠬᠢᠨᠠᠯᠲᠠ | ᠲᠠᠯᠪᠢᠬᠤ ᠶᠢ ᠴᠢᠩᠭᠠᠳᠬᠠᠵᠤ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠰᠠᠨᠠᠯ | ᠲᠤᠰᠬᠠᠬᠤ ᠠᠷᠭ᠎ᠠ ᠵᠠᠮ ᠢ ᠰᠠᠭᠠᠳ ᠦᠭᠡᠢ ᠪᠤᠯᠭᠠᠵᠤ᠂ ᠣᠯᠠᠨ ᠲᠦᠮᠡᠨ ᠤ ᠲᠤᠰᠬᠠᠭᠰᠠᠨ ᠬᠤᠯᠪᠣᠭᠳᠠᠯ ᠪᠦᠬᠦᠢ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠲᠤᠳᠤᠷᠬᠠᠶᠢᠯᠠᠨ᠎ᠠ᠃ | 6. ︽ᠲᠦᠷ ᠬᠡᠷᠡᠭᠵᠢᠭᠦᠯᠬᠦ ᠠᠷᠭ᠎ᠠ︾ ᠳᠤ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ | ᠴᠣᠯᠠ ᠶᠢᠨ ᠬᠢᠨᠠᠨ ᠲᠤᠭᠲᠠᠭᠠᠯᠲᠠ ᠳᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠶᠢ | ᠵᠠᠯᠬᠠᠭᠠᠨ ᠰᠢᠳᠬᠡᠬᠦ ᠶᠠᠮᠠᠷ ᠲᠣᠭᠲᠠᠭᠠᠯ ᠭᠠᠷᠭᠠᠭᠰᠠᠨ ᠪᠣᠢ︖ | ᠬᠠᠷᠢᠭᠤᠯᠲᠠ᠄ ︽ᠲᠦᠷ ᠬᠡᠷᠡᠭᠵᠢᠭᠦᠯᠬᠦ ᠠᠷᠭ᠎ᠠ︾ ᠨᠢ ᠳᠡᠭᠡᠳᠦ ᠰᠤᠷᠭᠠᠭᠤᠯᠢ ᠶᠢᠨ ᠮᠡᠷᠭᠡᠵᠢᠯ ᠤᠨ | ᠴᠣᠯᠠ ᠶᠢᠨ ᠬᠢᠨᠠᠨ ᠲᠤᠭᠲᠠᠭᠠᠯᠲᠠ ᠳᠠᠬᠢ ᠠᠳᠠᠯᠢ ᠪᠤᠰᠤ ᠪᠡᠶᠡᠴᠢ ᠴᠤᠭᠴᠠ ᠳᠤ ᠴᠢᠭᠯᠡᠭᠦᠯᠦᠨ᠂ ᠰᠠᠬᠢᠯᠭ᠎ᠠ ᠪᠠᠲᠤ | ᠬᠠᠤᠯᠢ ᠴᠠᠭᠠᠵᠠ ᠠᠴᠠ ᠵᠦᠷᠢᠴᠡᠭᠰᠡᠳ ᠢ ᠵᠠᠯᠬᠠᠭᠠᠨ ᠰᠢᠳᠬᠡᠬᠦ ᠬᠠᠷᠠᠭᠠᠯᠵᠠᠭᠰᠠᠨ ᠠᠷᠭ᠎ᠠ ᠬᠡᠮᠵᠢᠶ᠎ᠡ ᠶᠢ ᠳᠤᠷᠠᠳᠴᠠᠢ᠂ | ᠡᠭᠦᠨ ᠳᠤ ᠬᠠᠮᠢᠶ᠎ᠠ ᠪᠦᠬᠦᠢ ᠪᠠᠭᠰᠢ ᠶᠢᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠡᠷᠳᠡᠮ ᠰᠢᠨᠵᠢᠯᠡᠭᠡᠨ ᠤ | ᠲᠠᠯ᠎ᠠ ᠪᠠᠷ ᠬᠢ ᠲᠥᠪ ᠪᠤᠰᠤ ᠦᠶᠯᠡ ᠠᠵᠢᠯᠯᠠᠭ᠎ᠠ ᠶᠢ ᠰᠢᠶᠳᠪᠦᠷᠢᠯᠡᠬᠦ᠂ ᠬᠢᠨᠠᠨ ᠲᠤᠭᠲᠠᠭᠠᠬᠤ ᠲᠤᠰᠬᠠᠶ ᠮᠡᠷᠭᠡᠵᠢᠯᠲᠡᠨ | ᠂ ᠳᠡᠭᠡᠳᠦ ᠰᠤᠷᠭᠠᠭᠤᠯᠢ ᠬᠢᠭᠡᠳ ᠰᠤᠷᠭᠠᠭᠤᠯᠢ ᠪᠠ ᠰᠠᠯᠪᠤᠷᠢ ᠨᠤᠭᠤᠳ ᠤᠨ ᠨᠠᠮ ᠵᠠᠰᠠᠭ ᠤᠨ ᠤᠳᠤᠷᠢᠳᠤᠯᠭ᠎ᠠ ᠵᠢᠴᠢ | ᠪᠤᠰᠤᠳ ᠬᠠᠷᠢᠭᠤᠴᠠᠯᠭ᠎ᠠ ᠲᠠᠢ ᠬᠦᠮᠦᠰ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠰᠢᠶᠳᠪᠦᠷᠢᠯᠡᠬᠦ᠂ ᠬᠢᠨᠠᠨ ᠲᠣᠭᠲᠠᠭᠠᠬᠤ ᠠᠵᠢᠯ ᠤᠨ ᠬᠠᠷᠢᠭᠤᠴᠠᠯᠭ᠎ᠠ ᠪᠠᠷ ᠴᠢᠩᠭ᠎ᠠ ᠪᠤᠰᠤ᠂ ᠳᠡᠰ | ᠳᠠᠷᠠᠭᠠᠯᠠᠯ ᠨᠢ ᠵᠢᠷᠤᠮᠵᠢᠯ ᠦᠭᠡᠢ ᠠᠴᠠ ᠵᠠᠭᠠᠯᠳᠤᠯᠭ᠎ᠠ ᠤᠯᠠᠨᠲᠠᠢ᠂ ᠮᠠᠷᠭᠤᠭᠠᠨ ᠶᠡᠬᠡᠲᠡᠶ ᠪᠤᠯᠤᠭᠰᠠᠨ ᠳᠡᠭᠡᠳᠦ | ᠰᠤᠷᠭᠠᠭᠤᠯᠢ ᠶᠢ ᠴᠡᠭᠴᠡᠯᠡᠨ ᠵᠠᠰᠠᠬᠤ ᠪᠠᠷ ᠱᠠᠭᠠᠷᠳᠠᠬᠤ ᠵᠡᠷᠭᠡ ᠪᠠᠭᠲᠠᠨ᠎ᠠ᠃ |