2017 ᠣᠨ ᠳᠤ ᠮᠠᠨ ᠤ ᠤᠷᠤᠨ ᠢᠶᠠᠷ ᠦᠩᠬᠡᠷᠡᠵᠦ ᠪᠠᠶᠢᠭ᠎ᠠ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠲᠡᠷᠬᠡ ᠶᠢᠨ ᠵᠠᠮ ᠱᠤᠭᠤᠮ 55 ᠵᠤᠷᠪᠤᠰ ᠪᠤᠯᠪᠠ
ᠨᠡᠶᠢᠲᠡᠯᠡᠭᠰᠡᠨ ᠴᠠᠭ᠄
2018/1/17
     ᠤᠳᠤᠬᠠᠨ ᠪᠤᠯᠳᠠᠯ᠎ᠠ᠂ ᠮᠠᠨ ᠤ ᠤᠷᠤᠨ ᠤ ᠬᠢᠯᠢ ᠶᠢᠨ ᠪᠤᠭᠤᠮᠳᠠ ᠪᠠᠷ ᠦᠩᠬᠡᠷᠡᠵᠦ ᠪᠠᠶᠢᠭ᠎ᠠ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠲᠡᠷᠬᠡ ᠶᠢᠨ ᠵᠠᠮ ᠱᠤᠭᠤᠮ 55 ᠵᠤᠷᠪᠤᠰ ᠲᠤ ᠬᠦᠷᠴᠤ᠂ 2017 ᠤᠨ ᠤ ᠲᠦᠷᠦᠬᠦᠦ 11 ᠰᠠᠷ᠎ᠠ ᠳᠤ᠂ ᠮᠠᠨ ᠤ ᠤᠷᠤᠨ ᠤ ᠬᠢᠯᠢ ᠶᠢᠨ ᠪᠤᠭᠤᠮᠳᠠ ᠪᠠᠷ ᠦᠩᠬᠡᠷᠡᠭᠰᠡᠨ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠲᠡᠷᠬᠡ 1688 ᠪᠤᠯᠵᠦ᠂ 2016 ᠤᠨ ᠤ ᠠᠳᠠᠯᠢ ᠬᠤᠭᠤᠴᠠᠭ᠎ᠠ ᠶᠢᠨ ᠬᠢ ᠠᠴᠠ 54%᠎ ᠪᠠᠷ ᠨᠡᠮᠡᠭᠳᠡᠭᠰᠡᠨ ᠪᠠᠶᠢᠨ᠎ᠠ᠃      2017 ᠤᠨ ᠤ ᠲᠦᠷᠦᠬᠦᠦ 11 ᠰᠠᠷ᠎ᠠ ᠳᠤ᠂ ᠮᠠᠨ ᠤ ᠤᠷᠤᠨ ᠠᠴᠠ ᠠᠶᠠᠯᠠᠭᠰᠠᠨ ᠲᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠳᠤ ᠲᠡᠷᠬᠡ 75᠎ ᠳᠤ ᠬᠦᠷᠴᠤ᠂ 2016 ᠤᠨ ᠤ ᠪᠦᠬᠦ ᠵᠢᠯ  ᠎ ᠤᠨ ᠬᠢ ᠠᠴᠠ 2 ᠲᠠᠬᠢᠨ ᠨᠡᠮᠡᠭᠳᠡᠵᠡᠢ᠂ ᠡᠬᠦᠨ ᠳᠤ᠂ ᠤᠯᠠᠭᠠᠨᠴᠠᠪ — ᠠᠯᠠᠬ ᠠᠭᠤᠯᠠᠨ ᠠᠮᠠ — ᠲᠠᠱᠺᠧᠨ᠋ᠲ ︵ᠦᠽᠪᠧᠺᠰᠲ᠋ᠠᠨ︶ ᠬᠦᠷᠬᠦ ᠵᠢᠰᠢᠶᠠᠨ ᠤ ᠭᠠᠯᠳᠤ ᠲᠡᠷᠬᠡ ᠶᠢ 24᠂ ᠤᠯᠠᠭᠠᠨᠬᠠᠳᠠ — ᠮᠠᠨᠵᠤᠤᠷ — ᠮᠤᠰᠺᠧᠠ ᠬᠦᠷᠬᠦ ᠵᠢᠰᠢᠶᠠᠨ ᠎ ᠤ ᠭᠠᠯᠳᠤ ᠲᠡᠷᠬᠡ ᠶᠢ 15᠂ ᠤᠯᠠᠭᠠᠨᠴᠠᠪ — ᠡᠷᠢᠶᠠᠨ ᠬᠤᠳᠠ — ᠮᠤᠰᠺᠧᠠ ᠬᠦᠷᠬᠦ ᠵᠢᠰᠢᠶᠠᠨ ᠤ ᠭᠠᠯᠳᠤ ᠲᠡᠷᠬᠡ ᠶᠢ 15᠂ ᠤᠯᠠᠭᠠᠨᠴᠠᠪ — ᠡᠷᠢᠶᠡᠨ ᠬᠤᠳᠠ — ᠮᠢᠨᠰᠺ ︵ᠴᠠᠭᠠᠨ ᠤᠷᠤᠰ︶ ᠬᠦᠷᠬᠦ ᠵᠢᠰᠢᠶᠠᠨ ᠤ ᠭᠠᠯᠳᠤ ᠲᠡᠷᠬᠡ ᠶᠢ 7᠂ ᠮᠠᠨᠵᠤᠤᠷ — ᠮᠤᠰᠺᠧᠠ ᠬᠦᠷᠬᠦ ᠵᠢᠰᠢᠶᠠᠨ ᠤ ᠭᠠᠯᠳᠤ ᠲᠡᠷᠬᠡ ᠶᠢ 10᠂ ᠢᠷᠺᠦᠼᠺ— ᠡᠷᠢᠶᠡᠨ ᠬᠤᠳᠠ — ᠤᠯᠠᠭᠠᠨᠴᠠᠪ ᠬᠦᠷᠬᠦ ᠵᠢᠰᠢᠶᠠᠨ ᠤ ᠭᠠᠯᠳᠤ ᠲᠡᠷᠬᠡ ᠶᠢ 10 ᠡᠭᠡᠯᠵᠢ ᠶᠠᠪᠤᠭᠤᠯᠵᠦ᠂ ᠨᠡᠶᠢᠳᠡ 6744 ᠪᠠᠷᠢᠮᠵᠢᠶ᠎ᠠ ᠴᠢᠩᠬᠡᠯᠢᠭ ᠤᠨ ᠪᠠᠷᠠᠭ᠎ᠠ ᠲᠡᠬᠡᠬᠡᠪᠦᠷᠢᠯᠡᠵᠦ᠂ ᠲᠡᠬᠡᠭᠡᠪᠦᠷᠢᠯᠡᠭᠰᠡᠨ ᠪᠠᠷᠠᠭᠠᠨ ᠥᠷᠲᠡᠭ ᠨᠢ 1.9 ᠳ᠋ᠦᠩᠰᠢᠭᠤᠷ ᠳ᠋ᠤᠯᠯᠠᠷ ᠲᠤ ᠬᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号