ᠥᠪᠥᠷ ᠮᠣᠩᠭᠤᠯ᠄ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠦᠨᠳᠦᠰᠦᠨ ᠳᠡᠭᠡᠨ ᠳᠠᠭᠤᠰᠪᠠ
ᠨᠡᠶᠢᠲᠡᠯᠡᠭᠰᠡᠨ ᠴᠠᠭ᠄
2018/1/17
     3 ᠵᠢᠯ ᠭᠠᠷᠤᠶ ᠶᠢᠨ ᠴᠢᠷᠮᠠᠶᠢᠯᠭ᠎ᠠ ᠪᠠᠷ ᠳᠠᠮᠵᠢᠭᠠᠳ᠂ 2017 ᠣᠨ ᠤ ᠵᠢᠯ ᠤᠨ ᠡᠴᠦᠰ ᠪᠤᠯᠬᠤ ᠳᠤ᠂ ᠪᠥᠬᠦ ᠣᠷᠣᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠦᠨᠳᠦᠰᠦᠨ ᠳᠡᠭᠡᠨ ᠳᠠᠭᠤᠰᠪᠠ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠢᠭᠡᠳᠦᠯᠲᠡᠶ ᠲᠣᠬᠢᠷᠠᠭᠤᠯᠤᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠮᠥᠨ᠃ 2014 ᠣᠨ ᠳᠤ᠂ ᠮᠠᠨ ᠤ ᠣᠷᠣᠨ 10 ᠮᠠᠯᠵᠢᠬᠤ ᠬᠤᠰᠢᠭᠤ ᠰᠢᠶᠠᠨ ᠳᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠲᠤᠷᠰᠢᠯᠲᠠ ᠶᠢᠨ ᠠᠵᠢᠯ ᠥᠷᠨᠢᠭᠦᠯᠪᠡ᠃ 2015 ᠣᠨ ᠤ 5 ᠳ᠋ᠤᠭᠠᠷ ᠰᠠᠷ᠎ᠠ ᠳᠤ᠂ ᠪᠥᠬᠦ ᠣᠷᠣᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠪᠦᠬᠦ ᠲᠠᠯ᠎ᠠ ᠪᠠᠷ ᠶᠠᠪᠤᠭᠳᠠᠪᠠ᠃ ᠣᠳᠣᠬᠠᠨ ᠪᠣᠯᠲᠠᠯ᠎ᠠ᠂ ᠪᠥᠬᠦ ᠣᠷᠣᠨ ᠤ ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠲᠠᠯᠠᠪᠠᠢ᠂ ᠬᠡᠷᠡᠭᠯᠡᠬᠦ ᠡᠷᠬᠡ ᠶᠢᠨ ᠲᠠᠯᠠᠪᠠᠶ᠂ ᠳᠠᠭᠠᠭᠠᠴᠢᠯᠠᠨ ᠡᠵᠡᠩᠨᠡᠬᠦ ᠡᠷᠬᠡ ᠶᠢᠨ ᠲᠠᠯᠠᠪᠠᠢ ᠲᠤᠰ ᠲᠤᠰ 2010 ᠤᠨ ᠤ ᠨᠤᠲᠤᠭ ᠪᠡᠯᠴᠢᠭᠡᠷ ᠤᠨ ᠨᠡᠶᠢᠳᠡᠮ ᠪᠠᠶᠢᠴᠠᠭᠠᠯᠲᠠ ᠶᠢᠨ ᠲᠠᠯᠠᠪᠠᠶ ᠶᠢᠨ 88%᠂ 5% ᠪᠠ 80%᠎ ᠶᠢ ᠡᠵᠡᠯᠡᠪᠡ᠃ ᠬᠠᠤᠯᠢ ᠶᠣᠰᠣᠭᠠᠷ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ᠂ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃      2018 ᠣᠨ ᠳᠤ᠂ ᠮᠠᠨ ᠤ ᠣᠷᠣᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠤᠯᠠᠮ ᠴᠢᠨᠠᠭᠰᠢᠳᠠ ᠳᠥᠯᠭᠢᠨ ᠠᠬᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠤᠭᠲᠠᠭᠠᠭᠰᠠᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠪᠦᠷᠢᠨᠰᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠠᠤᠯᠢ ᠶᠣᠰᠣᠭᠠᠷ ᠴᠢᠩᠭ᠎ᠠ ᠬᠠᠮᠠᠭᠠᠯᠠᠨ᠎ᠠ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠥᠮᠴᠢᠯᠡᠬᠦ ᠡᠷᠬᠡ᠂ ᠬᠡᠷᠡᠭᠯᠡᠬᠦ ᠡᠷᠬᠡ ᠪᠣᠯᠤᠨ ᠡᠵᠡᠩᠨᠡᠬᠦ ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠪᠠ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号