1 ᠳ᠋ᠦ᠋ᠭᠡᠷ ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ 2017 ᠣᠨ ᠤ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠯᠭᠠᠨ ᠲᠣᠭᠲᠠᠭᠠᠬᠤ ᠬᠤᠷᠠᠯ ᠬᠥᠬᠡᠬᠤᠲᠠ ᠳᠤ ᠬᠢᠨ᠎ᠡ᠂ | ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ | ᠤᠨ ᠠᠯᠪᠠᠨ ᠭᠡᠷ ᠨᠢ ᠪᠥᠬᠦ ᠣᠷᠣᠨ ᠤ 12 ᠠᠢᠮᠠᠭ ᠬᠤᠲᠠ᠂ 34 ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠲᠥᠪᠯᠡᠷᠡᠭᠦᠯᠦᠨ ᠰᠢᠯᠭᠠᠨ | ᠲᠣᠭᠲᠠᠭᠠᠬᠤ ᠪᠣᠯᠣᠨ᠎ᠠ᠃ | ᠡᠨᠡ ᠤᠳᠠᠭ᠎ᠠ ᠶᠢᠨ ᠰᠢᠯᠭᠠᠨ ᠲᠣᠭᠲᠠᠭᠠᠬᠤ ᠳᠤ ᠥᠩᠭᠡᠷᠡᠭᠰᠡᠨ ᠤ ᠪᠣᠳᠠᠲᠤ ᠭᠠᠵᠠᠷ ᠲᠤᠨᠢ ᠰᠢᠯᠭᠠᠨ | ᠲᠣᠭᠲᠠᠭᠠᠵᠦ ᠪᠠᠶᠢᠭᠰᠠᠨ ᠢ ᠲᠥᠪᠯᠡᠷᠡᠭᠦᠯᠦᠨ ᠲᠤᠰᠢᠶᠠᠯ ᠤᠨ ᠮᠡᠳᠡᠭᠦᠯᠦᠯᠲᠡ ᠬᠢᠵᠦ ᠰᠢᠭᠦᠮᠵᠢᠯᠡᠨ ᠦᠨᠡᠯᠡᠵᠦ ᠰᠢᠯᠭᠠᠬᠤ | ᠪᠣᠯᠭᠠᠨ ᠥᠭᠡᠷᠡᠴᠢᠯᠡᠵᠦ᠂ ᠡᠯ᠎ᠡ ᠠᠶᠢᠮᠠᠭ ᠬᠤᠳᠠ ᠨᠤᠭᠤᠳ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ | ᠰᠢᠰᠲ᠋ᠧᠮ ᠢᠶᠠᠷ ᠳᠠᠮᠵᠢᠭᠤᠯᠤᠨ ᠰᠢᠯᠭᠠᠨ ᠲᠣᠭᠲᠠᠭᠠᠬᠤ ᠺᠣᠮᠢᠰ ᠲᠤ ᠵᠡᠷᠭᠡᠪᠡᠷ ᠲᠤᠰᠢᠶᠠᠯ ᠤᠨ ᠮᠡᠳᠡᠭᠦᠯᠦᠯᠲᠡ ᠬᠢᠨ᠎ᠡ᠂ | ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠨᠢ ᠰᠢᠯᠭᠠᠨ ᠲᠣᠭᠲᠠᠭᠠᠬᠤ ᠺᠣᠮᠢᠰ ᠲᠤ ᠲᠤᠬᠠᠶ ᠶᠢᠨ ᠲᠠᠯᠠᠪᠤᠷ ᠲᠤ | ᠲᠤᠰᠢᠶᠠᠯ ᠤᠨ ᠮᠡᠳᠡᠭᠦᠯᠦᠯᠲᠡ ᠬᠢᠨ᠎ᠡ᠂ ᠡᠯ᠎ᠡ ᠠᠶᠢᠮᠠᠭ ᠬᠤᠳᠠ᠂ ᠡᠯ᠎ᠡ ᠨᠢᠭᠡᠴᠡ ᠲᠤᠰᠢᠶᠠᠯ ᠤᠨ ᠮᠡᠳᠡᠭᠦᠯᠦᠯᠲᠡ ᠬᠢᠵᠦ | ᠳᠠᠭᠤᠰᠤᠭᠰᠠᠨ ᠤ ᠳᠠᠷᠠᠭ᠎ᠠ᠂ ᠰᠢᠯᠭᠠᠨ ᠲᠣᠭᠲᠠᠭᠠᠬᠤ ᠺᠣᠮᠢᠰ ᠤᠨ ᠭᠡᠰᠢᠭᠦᠨ ᠠᠴᠠ ᠲᠤᠰ ᠨᠢᠭᠡᠴᠡ ᠶᠢᠨ | ᠳᠡᠪᠰᠢᠭᠦᠯᠦᠨ ᠲᠤᠰᠢᠶᠠᠭᠰᠠᠨ ᠬᠡᠷᠡᠴᠢ ᠮᠠᠲ᠋ᠧᠷᠢᠶᠠᠯ ᠢ ᠪᠠᠶᠢᠴᠠᠭᠠᠨ ᠰᠢᠯᠭᠠᠵᠤ ᠬᠢᠨᠠᠨ ᠬᠠᠷᠭᠤᠭᠤᠯᠵᠤ᠂ ᠲᠤᠰᠢᠶᠠᠯ ᠤᠨ | ᠮᠡᠳᠡᠭᠦᠯᠦᠯᠲᠡ ᠲᠠᠢ ᠨᠢ ᠬᠠᠷᠢᠴᠠᠭᠤᠯᠤᠭᠰᠠᠨ ᠤ ᠳᠠᠷᠠᠭ᠎ᠠ ᠬᠤᠪᠢ ᠥᠭᠴᠦ ᠲᠥᠪᠯᠡᠷᠡᠭᠦᠯᠦᠨ ᠰᠢᠯᠭᠠᠨ ᠲᠣᠭᠲᠠᠭᠠᠬᠤ | ᠬᠦᠰᠦᠨᠦᠭᠲᠦ ᠶᠣᠰᠣᠭᠠᠷ ᠲᠤᠬᠠᠶ ᠶᠢᠨ ᠲᠠᠯᠠᠪᠤᠷ ᠲᠤᠨᠢ ᠬᠤᠪᠢ ᠥᠭᠭᠦᠨ᠎ᠡ᠃ ᠣᠶᠢᠯᠭᠠᠭᠰᠠᠨ ᠢᠶᠠᠷ᠂ ᠡᠨᠡ | ᠤᠳᠠᠭᠠᠨ ᠤ ᠰᠢᠯᠭᠠᠨ ᠲᠣᠭᠲᠠᠭᠠᠯᠲᠡ ᠳᠤ ᠡᠯ᠎ᠡ ᠠᠶᠢᠮᠠᠭ ᠬᠤᠲᠠ᠂ ᠡᠯ᠎ᠡ ᠨᠢᠭᠡᠴᠡ ᠶᠢᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠴᠢᠩᠭ᠎ᠠ | ᠬᠡᠷᠡᠭᠵᠢᠭᠦᠯᠦᠭᠰᠡᠨ ᠡᠰᠡᠬᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠵᠥᠪᠯᠡᠯᠬᠦ ᠨᠤᠲᠠᠯᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠤᠭᠰᠠᠨ ᠡᠰᠡᠬᠦ ᠵᠡᠷᠭᠡ | ᠠᠭᠤᠯᠭ᠎ᠠ ᠪᠠᠭᠲᠠᠨ᠎ᠠ᠃ ᠰᠢᠯᠭᠠᠨ ᠲᠣᠭᠲᠠᠭᠠᠵᠤ ᠳᠠᠭᠤᠰᠤᠭᠰᠠᠨ ᠤ ᠲᠠᠷᠠᠭ᠎ᠠ᠂ ᠡᠳᠦᠷ ᠲᠤᠳᠤᠮ ᠤᠨ ᠰᠢᠯᠭᠠᠨ | ᠲᠣᠭᠲᠠᠭᠠᠬᠤ ᠳᠤ ᠤᠯᠤᠭᠰᠠᠨ ᠬᠤᠪᠢ ᠲᠠᠢ ᠤᠶᠠᠯᠳᠤᠭᠤᠯᠵᠤ᠂ ᠰᠢᠯᠢᠳᠡᠭ ᠪᠠ ᠬᠢᠷᠢ ᠲᠡᠩᠴᠡᠭᠰᠡᠨ ᠳᠡᠰ ᠢ ᠬᠠᠷᠢᠴᠠᠯ | ᠶᠣᠰᠣᠭᠠᠷ ᠲᠣᠭᠲᠠᠭᠠᠨ᠎ᠠ᠃ |