ᠥᠪᠥᠷ ᠵᠠᠰᠠᠭ ᠲᠠᠷᠬᠠᠭᠠᠭᠰᠠᠨ ﹇2017﹈ 111 ᠳ᠋ᠤᠭᠡᠷ ᠲᠤᠭᠠᠳᠤ | 2017 ᠣᠨ ᠤ 8 ᠳ᠋ᠤᠭᠠᠷ ᠰᠠᠷ᠎ᠠ ᠶᠢᠨ 4 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠤᠬᠢᠷᠳᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ | | | | ᠮᠠᠨ ᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠶᠡᠷᠦᠩᠬᠡᠢ ᠵᠠᠰᠠᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠬᠥᠭᠵᠢᠭᠦᠯᠦᠯᠲᠡ ᠶᠢ ᠠᠮᠢ | ᠠᠬᠤᠢ ᠶᠢᠨ ᠣᠷᠴᠢᠨ ᠲᠣᠭᠤᠷᠢᠨ ᠯᠤᠭ᠎ᠠ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠂ ᠠᠭᠤᠷᠬᠠᠢ ᠶᠢᠨ | ᠦᠢᠯᠡᠰ ᠤᠨ ᠨᠡᠭᠡᠭᠡᠯᠲᠡ ᠬᠥᠭᠵᠢᠭᠦᠯᠦᠯᠲᠡ ᠶᠢᠨ ᠪᠤᠬᠢᠷᠳᠤᠯ ᠦᠭᠡᠢ᠂ ᠡᠷᠡᠭᠦᠯ ᠪᠦᠭᠡᠳ ᠦᠷᠭᠦᠯᠵᠢᠯᠡᠨ ᠬᠥᠭᠵᠢᠬᠦ ᠶᠢ | ᠪᠡᠶᠡᠯᠡᠭᠦᠯᠬᠦ ᠶᠢᠨ ᠲᠤᠰᠠᠳᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠦᠨ᠂ ᠡᠳ᠋ ᠤᠨ ᠵᠠᠰᠠᠭ ᠤᠨ | ᠶᠠᠮᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠦᠨ᠂ ᠤᠯᠤᠰ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠪᠠᠩᠭᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠳᠤᠮᠳᠠᠳᠤ ᠤᠯᠤᠰ ᠤᠨ ᠲᠡᠮᠲᠡᠭᠲᠦ ᠶᠢᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ︽ᠪᠤᠬᠢᠷᠳᠤᠯ ᠦᠭᠡᠢ ᠠᠭᠤᠷᠬᠠᠢ ᠶᠢ ᠲᠦᠷᠭᠡᠳᠭᠡᠨ ᠪᠠᠶᠢᠭᠤᠯᠬᠤ ᠲᠣᠬᠠᠢ | ᠬᠡᠷᠡᠭᠵᠢᠭᠦᠯᠬᠦ ᠰᠠᠨᠠᠯ︾ ︵ᠤᠯᠤᠰ ᠭᠠᠵᠠᠷ ᠰᠢᠷᠤᠢ ᠡᠬᠢ ᠪᠠᠶᠠᠯᠢᠭ ᠲᠣᠭᠲᠠᠭᠠᠯ ﹇2017﹈ 4 ᠳ᠋ᠤᠭᠡᠷ ᠲᠣᠭᠠᠲᠤ︶ | ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ ᠲᠦᠰᠦᠯ ᠢ | ᠲᠣᠭᠲᠠᠭᠠᠪᠠ᠃ | ᠨᠢᠭᠡ᠂ ᠴᠢᠬᠤᠯᠠ ᠠᠴᠢ ᠬᠤᠯᠪᠣᠭᠳᠠᠯ | ᠮᠠᠨ ᠤ ᠣᠷᠣᠨ ᠪᠣᠯ ᠠᠭᠤᠷᠬᠠᠢ ᠶᠢᠨ ᠡᠬᠢ ᠪᠠᠶᠠᠯᠢᠭ ᠤᠨ ᠲᠤᠮᠤ ᠣᠷᠣᠨ ᠪᠦᠭᠡᠳ ᠤᠯᠤᠰ ᠤᠨ ᠡᠨᠧᠷᠬᠢ᠂ | ᠦᠩᠭᠡᠲᠦ ᠲᠡᠮᠦᠷᠯᠢᠭ ᠤᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠪᠣᠯᠣᠨ᠎ᠠ᠃ ᠠᠭᠤᠷᠬᠠᠢ ᠶᠢᠨ | ᠦᠢᠯᠡᠰ ᠨᠢ ᠤᠯᠤᠰ ᠠᠷᠠᠳ ᠤᠨ ᠠᠵᠤ ᠠᠬᠤᠢ ᠳᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠬᠦ ᠮᠥᠷᠲᠡᠭᠡᠨ | ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢ ᠬᠤᠪᠢ ᠨᠡᠮᠡᠷᠢ | ᠦᠵᠡᠭᠦᠯᠪᠡ᠃ ᠭᠡᠪᠡᠴᠦ ᠡᠭᠦᠨ ᠤ ᠬᠠᠮᠲᠤ᠂ ᠮᠠᠨ ᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠨᠡᠭᠡᠭᠡᠨ ᠬᠥᠭᠵᠢᠭᠦᠯᠵᠦ ᠠᠰᠢᠭᠯᠠᠬᠤ ᠨᠢ ᠶᠡᠷᠦᠩᠬᠡᠢ ᠳᠡᠭᠡᠨ ᠪᠠᠰᠠ ᠨᠡᠯᠢᠶᠡᠳ ᠤᠯᠠᠮᠵᠢᠯᠠᠯᠲᠤ ᠶᠤᠰᠣ ᠪᠠᠷ ᠪᠦᠳᠦᠭᠦᠯᠢᠭ | ᠡᠵᠡᠩᠨᠡᠬᠦ ᠪᠠᠶᠢᠳᠠᠯ ᠲᠠᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢᠶᠠᠷ ᠨᠡᠯᠢᠶᠡᠳ | ᠳᠣᠪᠤᠶᠢᠮ᠎ᠠ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠨᠡᠶᠢᠲᠡ ᠡᠵᠡᠯᠡᠨ ᠬᠡᠷᠡᠭᠯᠡᠭᠰᠡᠨ᠂ ᠡᠪᠳᠡᠨ ᠰᠦᠢᠳᠭᠡᠭᠰᠡᠨ | ᠭᠠᠵᠠᠷ ᠰᠢᠷᠤᠢ ᠶᠢᠨ ᠲᠠᠯᠠᠪᠠᠢ ᠨᠢ ᠶᠡᠭᠡ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠣᠪᠣᠭᠠᠯᠠᠵᠤ ᠦᠯᠡᠳᠡᠭᠰᠡᠨ | ᠬᠡᠮᠵᠢᠶ᠎ᠡ ᠨᠢ ᠠᠷᠪᠢᠨ ᠠᠴᠠ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠠᠭᠤᠷᠬᠠᠢ ᠶᠢᠨ | ᠦᠢᠯᠡᠰ ᠤᠨ ᠦᠷᠭᠦᠯᠵᠢᠯᠡᠨ ᠬᠥᠭᠵᠢᠬᠦ ᠶᠢ ᠬᠦᠨᠳᠦ ᠨᠣᠴᠢᠲᠠᠢ ᠨᠦᠯᠦᠭᠡᠯᠡᠵᠦ ᠪᠠᠶᠢᠭ᠎ᠠ ᠶᠢ ᠣᠯᠵᠤ ᠬᠠᠷᠠᠬᠤ ᠬᠡᠷᠡᠭᠲᠡᠢ᠃ | ᠪᠤᠬᠢᠷᠳᠤᠯ ᠦᠭᠡᠢ ᠠᠭᠤᠷᠬᠠᠢ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠨᠢ ᠠᠭᠤᠷᠬᠠᠢ ᠶᠢᠨ ᠦᠢᠯᠡᠰ ᠤᠨ | ᠬᠡᠯᠪᠡᠷᠢ ᠪᠠᠨ ᠬᠤᠪᠢᠷᠠᠭᠤᠯᠵᠤ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ | ᠪᠦᠭᠡᠳ ᠠᠭᠤᠷᠬᠠᠢ ᠶᠢᠨ ᠦᠢᠯᠡᠰ ᠤᠨ ᠬᠦᠷᠢᠶ᠎ᠡ ᠴᠠᠷᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠬᠤᠷ᠂ ᠮᠠᠨ ᠤ ᠣᠷᠣᠨ ᠤ ᠠᠭᠤᠷᠬᠠᠢ ᠶᠢᠨ ᠦᠢᠯᠡᠰ ᠤᠨ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠬᠦ᠂ ᠦᠪᠡᠷᠲᠡᠭᠡᠨ ᠵᠠᠰᠠᠬᠤ ᠣᠷᠣᠨ ᠤ | ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠪᠦᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ᠂ ᠡᠬᠡ | ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠲᠦᠢᠯ ᠤᠨ | ᠴᠢᠬᠤᠯᠠ ᠠᠴᠢ ᠬᠤᠯᠪᠤᠭᠳᠠᠯ ᠲᠠᠢ ᠶᠤᠮ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ | ᠫᠢᠩ ᠤᠨ ᠠᠯᠢ ᠣᠯᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠦᠪᠦᠷ ᠮᠤᠩᠭᠤᠯ ᠢ ᠰᠢᠨᠵᠢᠯᠡᠨ | ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ | ᠬᠥᠭᠵᠢᠯᠲᠡ ᠶᠢᠨ ᠣᠨᠤᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ | ᠨᠢᠭᠡᠲᠦᠯᠲᠡᠢ ᠪᠠᠶᠢᠷᠢᠯᠠᠭᠤᠯᠤᠯᠲᠠ ᠶᠤᠰᠤᠭᠠᠷ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠢ | ᠱᠠᠭᠠᠷᠳᠠᠯᠭ᠎ᠠ ᠶᠢᠨ ᠲᠤᠭᠤᠷᠢᠨ ᠳᠤ᠂ ᠭᠤᠣᠯ ᠴᠤᠭᠴᠠ ᠶᠢᠨ ᠴᠢᠳᠠᠮᠵᠢᠲᠦ ᠣᠷᠣᠨ ᠤ ᠲᠦᠯᠦᠪᠵᠢᠭᠦᠯᠭᠡ ᠶᠢ ᠴᠢᠩᠭ᠎ᠠ | ᠨᠠᠶᠢᠳᠠᠪᠤᠷᠢᠵᠢᠭᠤᠯᠤᠨ᠂ ︽ᠬᠥᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ︾ ᠶᠢᠨ ᠬᠤᠷᠢᠭ᠎ᠠ ᠱᠤᠭᠤᠮ ᠢ | ᠡᠷᠡᠰ ᠰᠠᠬᠢᠵᠤ᠂ ᠠᠭᠤᠷᠬᠠᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ | ᠪᠤᠬᠢᠷᠳᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠲᠦᠯᠦᠪᠵᠢᠭᠦᠯᠬᠦ᠂ ᠬᠠᠶᠢᠨ ᠪᠠᠶᠢᠴᠠᠭᠠᠬᠤ᠂ ᠨᠡᠭᠡᠭᠡᠨ ᠬᠥᠭᠵᠢᠭᠦᠯᠵᠦ ᠠᠰᠢᠭᠯᠠᠬᠤ ᠪᠠ ᠬᠠᠮᠠᠭᠠᠯᠠᠬᠤ ᠶᠢᠨ ᠪᠦᠬᠦ | ᠶᠠᠪᠤᠴᠠ ᠳᠤ ᠨᠡᠪᠲᠡᠷᠡᠭᠦᠯᠦᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠠᠭᠤᠷᠬᠠᠢ ᠶᠢᠨ ᠦᠢᠯᠡᠰ ᠢ ᠬᠦᠲᠦᠯᠦᠨ ᠵᠢᠯᠤᠭᠤᠳᠬᠤ ᠪᠠ ᠳᠠᠶᠢᠴᠢᠯᠠᠨ | ᠳᠠᠭᠠᠭᠤᠯᠵᠤ ᠪᠠᠶᠢᠭᠠᠳ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ ᠪᠠᠶᠢᠭᠤᠯᠬᠤ ᠳᠤ ᠬᠤᠪᠢ ᠨᠡᠮᠡᠷᠢ | ᠦᠵᠡᠭᠦᠯᠦᠨ᠎ᠡ᠃ | ︵ᠬᠤᠶᠠᠷ︶ ᠶᠡᠷᠦᠩᠬᠡᠢ ᠬᠠᠷᠠᠯᠲᠠ᠃ ᠵᠠᠰᠠᠭ ᠤᠨ ᠣᠷᠳᠣᠨ ᠠᠴᠠ ᠭᠤᠣᠯ ᠤᠳᠤᠷᠢᠳᠴᠤ᠂ ᠰᠠᠯᠠᠭ᠎ᠠ | ᠮᠦᠴᠢᠷ ᠤᠳ ᠬᠠᠮᠵᠢᠯᠴᠠᠨ᠂ ᠭᠤᠷᠪᠠᠨ ᠱᠠᠲᠤ ᠪᠠᠷ ᠢᠶᠠᠨ ᠬᠤᠯᠪᠤᠭᠠᠯᠠᠨ ᠡᠭᠦᠳᠬᠦ ᠠᠵᠢᠯ ᠤᠨ ᠲᠣᠭᠲᠠᠴᠠ ᠶᠢ | ᠪᠠᠶᠢᠭᠤᠯᠤᠨ᠎ᠠ︔ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶᠠᠲᠤ ᠰᠢᠰᠲ᠋ᠧᠮᠵᠢ ᠶᠢᠨ ᠳᠦᠷᠢᠮ ᠢ ᠪᠠᠶᠢᠭᠤᠯᠤᠨ᠎ᠠ︔ | ᠠᠮᠢ ᠠᠬᠤᠢ ᠶᠢᠨ ᠬᠡᠪᠡᠷᠡᠭ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢᠨ | ᠬᠡᠪᠡᠷᠡᠭ ᠣᠷᠣᠨ ᠢ ᠬᠠᠮᠠᠭᠠᠯᠠᠬᠤ᠂ ᠰᠡᠷᠭᠦᠭᠡᠨ ᠵᠠᠰᠠᠬᠤ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠂ ᠬᠠᠮᠢᠶ᠎ᠠ ᠪᠦᠬᠦᠢ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠵᠤ᠂ ᠠᠮᠢ ᠠᠬᠤᠢ ᠶᠢᠨ | ᠬᠡᠪᠡᠷᠡᠭ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠯᠤᠭ᠎ᠠ ᠬᠠᠷᠢᠯᠴᠠᠨ ᠲᠣᠬᠢᠷᠠᠯᠴᠠᠭᠰᠠᠨ ᠣᠷᠴᠢᠨ | ᠲᠣᠭᠤᠷᠢᠨ ᠢᠶᠠᠷ ᠨᠦᠬᠦᠷᠰᠡᠭ ᠬᠡᠯᠪᠡᠷᠢ ᠪᠦᠬᠦᠢ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠠᠮᠢ | ᠠᠬᠤᠢ ᠶᠢᠨ ᠬᠡᠪᠡᠷᠡᠭ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ︔ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠪᠤᠬᠢᠷᠳᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠎ᠡ᠃ 2020 ᠣᠨ ᠪᠣᠯᠲᠠᠯ᠎ᠠ᠂ | ᠪᠦᠬᠦ ᠣᠷᠣᠨ ᠤ ᠠᠭᠤᠷᠬᠠᠢ ᠶᠢ ᠶᠡᠷᠦᠩᠬᠡᠢ ᠳᠡᠭᠡᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠦᠨᠳᠦᠰᠦᠨ ᠨᠦᠬᠦᠴᠡᠯ ᠤᠨ ᠪᠠᠷᠢᠮᠵᠢᠶ᠎ᠠ ᠳᠤ ᠬᠦᠷᠦᠭᠦᠯᠵᠦ᠂ ᠡᠬᠢ ᠪᠠᠶᠠᠯᠢᠭ ᠢ ᠡᠷᠴᠢᠮᠲᠡᠢ ᠠᠷᠪᠢᠲᠠᠢ ᠠᠰᠢᠭᠯᠠᠬᠤ | ᠬᠢᠷᠢ ᠬᠡᠮᠵᠢᠶ᠎ᠡ ᠶᠢ ᠮᠡᠳᠡᠭᠳᠡᠮ᠎ᠡ ᠳᠡᠭᠡᠭᠰᠢᠯᠡᠭᠦᠯᠦᠨ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ | ᠪᠦᠲᠦᠮᠵᠢᠲᠡᠢ ᠬᠠᠮᠠᠭᠠᠯᠠᠵᠤ᠂ ᠠᠭᠤᠷᠬᠠᠢ ᠶᠢᠨ ᠣᠷᠣᠨ ᠤ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ | ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠭᠤᠷᠬᠠᠢ ᠶᠢᠨ ᠦᠢᠯᠡᠰ ᠢ ᠪᠣᠬᠢᠷᠳᠤᠯ ᠦᠭᠡᠢ ᠪᠠᠷ | ᠦᠷᠭᠦᠯᠵᠢᠯᠡᠨ ᠬᠥᠭᠵᠢᠬᠦ ᠰᠠᠶᠢᠨ ᠰᠠᠶᠢᠬᠠᠨ ᠣᠷᠴᠢᠯ ᠤᠨ ᠵᠠᠮ ᠳᠤ ᠣᠷᠤᠭᠤᠯᠵᠤ᠂ ᠠᠷᠪᠢᠲᠠᠢ ᠪᠦᠭᠡᠳ ᠦᠨᠳᠦᠷ | ᠪᠦᠲᠦᠮᠵᠢᠲᠡᠢ᠂ ᠣᠷᠴᠢᠨ ᠲᠣᠭᠤᠷᠢᠨ ᠨᠢ ᠦᠵᠡᠰᠭᠦᠯᠡᠩ᠂ ᠡᠶ᠎ᠡ ᠵᠣᠬᠢᠴᠠᠯ ᠲᠠᠢ ᠠᠭᠤᠷᠬᠠᠢ ᠶᠢᠨ ᠭᠠᠵᠠᠷ ᠨᠤᠲᠤᠭ | ᠪᠣᠯᠭᠠᠬᠤ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠡᠭᠡᠨ | ᠪᠠᠶᠢᠭᠤᠯᠤᠨ᠎ᠠ᠃ | 2018 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠰᠢᠨ᠎ᠡ ᠪᠠᠷ ᠪᠠᠶᠢᠭᠤᠯᠬᠤ ᠠᠭᠤᠷᠬᠠᠢ ᠪᠦᠬᠦᠨ ᠢ | ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ | ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠤᠰᠤᠭᠠᠷ ᠲᠦᠷᠭᠡᠳᠭᠡᠨ ᠰᠢᠨᠡᠳᠭᠡᠨ ᠵᠠᠰᠠᠵᠤ ᠳᠡᠰ ᠳᠡᠪᠰᠢᠭᠦᠯᠦᠨ᠂ ᠬᠤᠭᠤᠴᠠᠭ᠎ᠠ ᠬᠢᠵᠠᠭᠠᠷᠯᠠᠵᠤ | ᠪᠠᠶᠢᠭᠠᠳ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ | ᠦᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠣᠭᠤᠷᠢᠭ ᠢ 3 ᠪᠠᠶᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ | ᠦᠵᠡᠭᠦᠯᠬᠦ ᠲᠦᠷᠦᠯ ᠵᠦᠢᠯ ᠢ ᠡᠬᠢᠯᠡᠭᠦᠯᠵᠦ ᠡᠭᠦᠳᠦᠨ ᠪᠠᠶᠢᠭᠤᠯᠤᠨ᠎ᠠ᠃ 2018 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢ 35 ᠡᠭᠦᠳᠦᠨ ᠪᠠᠶᠢᠭᠤᠯᠵᠤ ᠪᠡᠶᠡᠯᠡᠭᠦᠯᠦᠨ᠎ᠡ᠃ | 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ | ᠠᠭᠤᠷᠬᠠᠢ ᠶᠢ 300 ᠪᠠᠶᠢᠭᠤᠯᠵᠤ ᠪᠡᠶᠡᠯᠡᠭᠦᠯᠦᠨ᠎ᠡ᠃ 2025 ᠣᠨ ᠪᠣᠯᠲᠠᠯ᠎ᠠ᠂ ᠪᠦᠬᠦ ᠠᠭᠤᠷᠬᠠᠢ ᠶᠢ ᠤᠯᠤᠰ ᠤᠨ | ᠪᠤᠶᠤ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠠᠭᠤᠷᠬᠠᠢ ᠶᠢᠨ | ᠠᠵᠤ ᠠᠬᠤᠶᠢᠯᠠᠯ ᠢ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠪᠤᠴᠠᠭᠠᠵᠤ ᠭᠠᠷᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠲᠦᠯᠦᠪᠵᠢᠭᠦᠯᠭᠡ ᠶᠢᠨ | ᠰᠢᠰᠲ᠋ᠧᠮᠵᠢ ᠶᠢ ᠪᠠᠶᠢᠭᠤᠯᠤᠨ᠎ᠠ᠃ ᠪᠦᠬᠦ ᠣᠷᠣᠨ ᠤ ᠦᠢᠯᠡᠳᠪᠦᠷᠢᠯᠡᠵᠦ ᠪᠠᠶᠢᠭ᠎ᠠ ᠠᠭᠤᠷᠬᠠᠢ᠂ ᠰᠢᠨ᠎ᠡ ᠪᠠᠷ | ᠪᠠᠶᠢᠭᠤᠯᠤᠭᠰᠠᠨ ᠠᠭᠤᠷᠬᠠᠢ ᠪᠦᠬᠦᠨ ᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠲᠦᠯᠦᠪᠵᠢᠭᠦᠯᠭᠡ ᠳᠤ ᠣᠷᠤᠭᠤᠯᠬᠤ ᠬᠡᠷᠡᠭᠲᠡᠢ᠃ 2017 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠤᠯᠢ | ᠶᠤᠰᠤᠭᠠᠷ ᠠᠭᠤᠷᠬᠠᠢ ᠡᠷᠬᠢᠯᠡᠬᠦ᠂ ᠵᠢᠷᠤᠮᠵᠢᠯ ᠲᠠᠢ ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠤᠨ | ᠰᠢᠨ᠎ᠡ ᠶᠢ ᠡᠭᠦᠳᠬᠦ᠂ ᠡᠨᠧᠷᠬᠢ ᠶᠢ ᠠᠷᠪᠢᠯᠠᠵᠤ ᠪᠣᠬᠢᠷ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠣᠷᠴᠢᠨ | ᠲᠣᠭᠤᠷᠢᠨ ᠢ ᠬᠠᠮᠠᠭᠠᠯᠠᠬᠤ᠂ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ᠂ ᠨᠡᠶᠢᠭᠡᠮ ᠲᠣᠭᠤᠷᠢᠭ ᠢ ᠡᠶ᠎ᠡ | ᠵᠣᠬᠢᠴᠠᠯ ᠲᠠᠢ ᠪᠠᠶᠢᠯᠭᠠᠬᠤ᠂ ᠠᠵᠤ ᠠᠬᠤᠶᠢᠯᠠᠯ ᠤᠨ ᠰᠤᠶᠤᠯ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠪᠤᠬᠢᠷᠳᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠨᠠᠶᠢᠷᠠᠭᠤᠯᠵᠤ ᠳᠠᠭᠤᠰᠬᠠᠬᠤ ᠬᠡᠷᠡᠭᠲᠡᠢ᠃ | ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠦᠪᠡᠷᠲᠡᠭᠡᠨ | ᠵᠠᠰᠬᠠᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶ | ︵ᠬᠤᠶᠠᠷ︶ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶᠠᠲᠦ | ᠰᠢᠰᠲ᠋ᠧᠮᠵᠢ ᠶᠢ ᠪᠠᠶᠢᠭᠤᠯᠤᠨ᠎ᠠ᠃ ᠭᠠᠵᠠᠷ ᠣᠷᠣᠨ ᠪᠠ ᠠᠵᠢᠯ ᠲᠦᠷᠦᠯ ᠤᠨ ᠣᠨᠴᠠᠯᠢᠭ ᠲᠠᠢ ᠨᠢ ᠤᠶᠠᠯᠳᠤᠭᠤᠯᠤᠨ᠂ | ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ 2017 | ᠣᠨ ᠤ ᠵᠢᠯ ᠤᠨ ᠰᠡᠭᠦᠯᠴᠢ ᠠᠴᠠ ᠡᠮᠦᠨ᠎ᠡ᠂ ᠨᠡᠭᠦᠷᠡᠰᠦ᠂ ᠦᠩᠭᠡᠲᠦ ᠲᠡᠮᠦᠷᠯᠢᠭ᠂ ᠠᠯᠲᠠ᠂ ᠲᠡᠮᠦᠷᠯᠢᠭ | ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠰᠤ᠂ ᠬᠠᠶᠢᠷ ᠲᠠᠢ ᠰᠢᠷᠤᠢ ᠶᠢᠨ ᠠᠭᠤᠷᠬᠠᠢ | ᠵᠡᠷᠭᠡ ᠠᠵᠢᠯ ᠲᠦᠷᠦᠯ ᠤᠨ ᠲᠠᠯ᠎ᠠ ᠪᠠᠷ ᠬᠢ ᠦᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠠᠷᠢᠮᠵᠢᠶ᠎ᠠ ᠶᠢ ᠲᠣᠭᠲᠠᠭᠠᠵᠤ ᠪᠡᠶᠡᠯᠡᠭᠦᠯᠦᠨ᠎ᠡ᠃ ︵ | ᠦᠪᠡᠷᠲᠡᠭᠡᠨ ᠵᠠᠰᠬᠠᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ | ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶ | ︵ᠭᠤᠷᠪᠠ︶ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠲᠣᠭᠲᠠᠴᠠ ᠶᠢᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠲᠣᠬᠠᠢ ᠤᠯᠤᠰ ᠤᠨ ᠲᠥᠷᠥ ᠶᠢᠨ | ᠪᠣᠳᠣᠯᠭ᠎ᠠ ᠶᠤᠰᠤᠭᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠵᠠᠷ | ᠬᠦᠷᠦᠰᠦᠨ ᠤ ᠣᠷᠴᠢᠨ ᠲᠣᠭᠤᠷᠢᠨ ᠤ ᠵᠠᠰᠠᠯᠲᠠ ᠬᠠᠮᠢᠶᠠᠷᠤᠯᠲᠠ ᠶᠢᠨ ᠠᠷᠭ᠎ᠠ︾ ᠶᠢ ᠴᠠᠭ ᠲᠤᠨᠢ ᠲᠣᠬᠢᠷᠠᠭᠤᠯᠤᠨ | ᠵᠠᠰᠠᠪᠤᠷᠢ ᠣᠷᠤᠭᠤᠯᠵᠤ᠂ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠤ ᠪᠠᠲᠤᠯᠠᠭ᠎ᠠ ᠶᠢᠨ | ᠮᠦᠩᠭᠦ ᠶᠢ ᠬᠦᠴᠦᠨ ᠦᠭᠡᠢ ᠪᠣᠯᠭᠠᠨ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢ ᠰᠡᠷᠭᠦᠭᠡᠬᠦ ᠰᠠᠭᠤᠷᠢ | ᠮᠦᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ᠦᠪᠡᠷ ᠤᠨ ᠦᠷᠲᠡᠭ ᠲᠤ ᠪᠤᠳᠤᠵᠤ ᠣᠷᠤᠭᠤᠯᠤᠨ᠂ | ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠶᠡᠷᠦᠩᠬᠡᠢ ᠵᠠᠰᠠᠯᠲᠠ ᠳᠤ ᠬᠡᠷᠡᠭᠯᠡᠨ᠎ᠡ᠃ 2017 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠣᠳᠣ ᠶᠢᠨ ᠪᠠᠶᠢᠭ᠎ᠠ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ | ᠲᠣᠭᠤᠷᠢᠨ ᠤ ᠪᠠᠲᠤᠯᠠᠭ᠎ᠠ ᠶᠢᠨ ᠮᠦᠩᠭᠦ ᠶᠢ ᠬᠥᠭᠵᠢᠭᠡᠨ ᠭᠦᠢᠯᠭᠡᠭᠡᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ | ᠠᠭᠤᠷᠬᠠᠢ ᠶᠢᠨ ᠠᠵᠤ ᠠᠬᠤᠶᠢᠯᠠᠯ ︵ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠲᠠᠢ ᠨᠠᠩᠭᠢ ᠰᠢᠷᠤᠢ ᠪᠠᠭᠲᠠᠬᠤ | ᠦᠭᠡᠢ︶ ᠤᠨ ᠬᠢᠨ ᠤ ᠬᠤᠭᠤᠴᠠᠭ᠎ᠠ ᠬᠤᠪᠢᠶᠠᠨ ᠵᠠᠰᠠᠬᠤ ᠲᠦᠰᠦᠯ ᠢ ᠦᠨᠳᠦᠰᠦᠯᠡᠨ᠂ ᠠᠭᠤᠷᠬᠠᠢ ᠶᠢᠨ ᠭᠠᠵᠠᠷ | ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠪᠠᠲᠤᠯᠠᠭ᠎ᠠ ᠶᠢᠨ ᠮᠦᠩᠭᠦ ᠶᠢ ᠱᠠᠲᠤ ᠬᠤᠭᠤᠴᠠᠭ᠎ᠠ ᠬᠤᠪᠢᠶᠠᠵᠤ | ᠵᠤᠬᠢᠬᠤ ᠬᠡᠮᠵᠢᠶ᠎ᠡ ᠪᠠᠷ ᠭᠠᠷᠭᠠᠨ ᠠᠪᠴᠤ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠳᠤ ᠬᠡᠷᠡᠭᠯᠡᠬᠦ ᠶᠢ | ᠵᠥᠪᠰᠢᠶᠡᠷᠡᠨ᠎ᠡ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ | ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠬᠠᠤᠯᠢ ᠳᠦᠷᠢᠮ ᠤᠨ ᠠᠯᠪᠠᠨ | ᠭᠡᠷ ᠠᠴᠠ ᠬᠠᠮᠵᠢᠯᠴᠠᠨ᠎ᠠ︶ | ︵ᠳᠥᠷᠪᠡ︶ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠲᠣᠭᠤᠷᠢᠭ ᠢ ᠡᠭᠦᠳᠦᠨ ᠪᠠᠶᠢᠭᠤᠯᠤᠨ᠎ᠠ᠃ ᠣᠷᠳᠣᠰ ᠬᠤᠲᠠ ᠶᠢᠨ ᠵᠡᠭᠦᠨᠭᠠᠷ — ᠳ᠋ᠦᠩᠱᠧᠩ ᠬᠦᠷᠲᠡᠯᠡᠬᠢ᠂ | ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠬᠦᠯᠦᠨ ᠪᠤᠶᠢᠷ ᠬᠤᠲᠠ ᠶᠢᠨ ᠵᠠᠯᠠᠶᠢᠨᠠᠭᠤᠷ — ᠢᠮᠢᠨ ᠬᠦᠷᠲᠡᠯᠡᠬᠢ | ᠭᠤᠷᠪᠠᠨ ᠲᠤᠮᠤ ᠣᠷᠣᠨ ᠪᠦᠰᠡ ᠳᠤ ᠦᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠵᠢᠱᠢᠶ᠎ᠡ | ᠦᠵᠡᠭᠦᠯᠬᠦ ᠲᠣᠭᠤᠷᠢᠭ ᠢ ᠪᠠᠶᠢᠭᠤᠯᠵᠤ᠂ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠨᠢᠭᠡ ᠪᠦᠯᠦᠭ ᠵᠢᠷᠤᠮᠯᠡᠨ | ᠳᠠᠭᠤᠷᠢᠶᠠᠬᠤ ᠪᠠ ᠳᠡᠯᠭᠡᠷᠡᠭᠦᠯᠵᠦ ᠪᠣᠯᠬᠤᠶᠢᠴᠠ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠪᠣᠢ ᠪᠣᠯᠭᠠᠨ᠎ᠠ᠃ ᠵᠢᠱᠢᠶ᠎ᠡ | ᠦᠵᠡᠭᠦᠯᠬᠦ ᠲᠤᠭᠤᠷᠢᠭ ᠲᠠᠬᠢ ᠪᠦᠬᠦ ᠠᠭᠤᠷᠬᠠᠢ ᠶᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠲᠦᠯᠦᠪᠵᠢᠭᠦᠯᠭᠡ ᠳᠤ ᠣᠷᠤᠭᠤᠯᠵᠤ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠭᠤᠷᠬᠠᠢ ᠶᠢᠨ | ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠵᠦᠢ ᠵᠣᠬᠢᠰᠲᠠᠢ ᠲᠣᠬᠢᠷᠠᠭᠤᠯᠤᠨ᠂ ᠠᠭᠤᠷᠬᠠᠢ ᠶᠢᠨ ᠦᠢᠯᠡᠰ ᠤᠨ ᠠᠵᠤ | ᠦᠢᠯᠡᠰ ᠤᠨ ᠪᠦᠲᠦᠴᠡ ᠶᠢ ᠲᠣᠬᠢᠷᠠᠭᠤᠯᠤᠨ᠎ᠠ︔ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ | ᠬᠢᠭᠡᠳ ᠡᠬᠢ ᠪᠠᠶᠠᠯᠢᠭ ᠢ ᠨᠡᠶᠢᠯᠡᠭᠦᠯᠦᠨ ᠡᠮᠬᠢᠯᠡᠬᠦ᠂ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ | ᠪᠠ ᠬᠠᠮᠠᠭᠠᠯᠠᠯᠲᠠ ᠶᠢᠨ ᠣᠷᠣᠨ ᠤ ᠠᠭᠤᠷᠬᠠᠢ ᠶᠢ ᠴᠡᠪᠡᠷᠯᠡᠨ ᠴᠡᠭᠴᠡᠯᠡᠬᠦ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ᠎ᠠ︔ ᠶᠡᠷᠦᠩᠬᠡᠶᠢᠯᠡᠨ ᠬᠠᠶᠢᠨ ᠪᠠᠶᠢᠴᠠᠭᠠᠬᠤ᠂ ᠦᠨᠡᠯᠡᠯᠲᠡ ᠬᠢᠬᠦ᠂ ᠨᠡᠭᠡᠭᠡᠨ ᠬᠥᠭᠵᠢᠭᠦᠯᠬᠦ ᠪᠠ | ᠠᠰᠢᠭᠯᠠᠬᠤ ᠶᠢ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠡᠨᠧᠷᠬᠢ᠂ ᠭᠠᠵᠠᠷ ᠰᠢᠷᠤᠢ ᠪᠠ ᠤᠰᠤ | ᠬᠤᠷᠤᠭᠠᠬᠤ ᠬᠦᠴᠦᠯᠡᠴᠡ ᠶᠢ ᠪᠠᠭᠤᠷᠠᠭᠤᠯᠤᠨ᠎ᠠ᠃ ᠠᠭᠤᠷᠬᠠᠢ ᠶᠢᠨ ᠭᠠᠵᠠᠷ ᠤᠨ ᠡᠶ᠎ᠡ ᠵᠣᠬᠢᠴᠠᠯ ᠲᠠᠢ ᠬᠥᠭᠵᠢᠬᠦ | ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢᠨ ᠠᠰᠢᠭ ᠲᠤᠰᠠ | ᠬᠤᠪᠢᠶᠠᠷᠢᠯᠠᠬᠤ ᠲᠣᠭᠲᠠᠴᠠ ᠶᠢ ᠰᠤᠳᠤᠯᠤᠨ ᠲᠡᠭᠦᠯᠳᠡᠷᠵᠢᠭᠦᠯᠵᠦ᠂ ᠠᠭᠤᠷᠬᠠᠢ ᠶᠢᠨ ᠣᠷᠣᠨ ᠤ ᠰᠠᠭᠤᠭᠠᠯᠢ | ᠠᠷᠠᠳ ᠤᠨ ᠠᠰᠢᠭ ᠲᠤᠰᠠ ᠪᠠ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠬᠤ ᠬᠡᠷᠡᠭᠲᠡᠢ᠃ ︵ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ | ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ | ᠵᠦᠪᠯᠡᠯ᠂ ᠡᠳ᠋ ᠤᠨ ᠵᠠᠰᠠᠭ ᠤᠨ ᠲᠢᠩᠭᠢᠮ ᠠᠴᠠ ᠬᠠᠮᠵᠢᠯᠴᠠᠨ᠎ᠠ︶ | ︵ᠲᠠᠪᠤ︶ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠦᠷᠦᠯ | ᠵᠦᠢᠯ ᠢ ᠡᠬᠢᠯᠡᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠵᠤ ᠦᠷᠨᠢᠭᠦᠯᠦᠭᠰᠡᠨ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠬᠤ ᠲᠦᠷᠦᠯ ᠵᠦᠢᠯ ᠨᠢ ᠡᠷᠬᠡᠪᠰᠢ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ | ᠲᠠᠯ᠎ᠠ ᠪᠠᠷ ᠵᠢᠱᠢᠶ᠎ᠡ ᠦᠵᠡᠭᠦᠯᠵᠦ ᠰᠢᠨ᠎ᠡ ᠶᠢ ᠡᠭᠦᠳᠦᠨ᠂ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ | ᠲᠣᠷᠰᠢᠯᠲᠠ ᠶᠢ ᠢᠳᠡᠪᠬᠢᠲᠡᠢ ᠦᠷᠨᠢᠭᠦᠯᠵᠦ᠂ ᠨᠡᠶᠢᠭᠡᠮ ᠤᠨ ᠬᠢᠨ ᠤ ᠪᠡᠯᠡ ᠭᠠᠷᠭᠠᠭᠰᠠᠨ ᠭᠠᠵᠠᠷ ᠬᠦᠷᠦᠰᠦᠨ ᠤ | ᠲᠦᠷᠦᠯ ᠵᠦᠢᠯ ᠳᠤ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢ ᠰᠢᠨ᠎ᠡ ᠡᠭᠦᠳᠦᠯᠲᠡ ᠲᠠᠢ ᠪᠠᠷ ᠠᠬᠢᠭᠤᠯᠬᠤ ᠶᠢ | ᠵᠣᠷᠢᠬᠵᠢᠭᠤᠯᠬᠤ ᠪᠠ ᠳᠡᠮᠵᠢᠬᠦ ᠬᠡᠷᠡᠭᠲᠡᠢ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠦᠷᠦᠯ ᠨᠢ | ᠣᠷᠴᠢᠨ ᠲᠣᠭᠤᠷᠢᠨ ᠢ ᠬᠠᠮᠠᠭᠠᠯᠠᠬᠤ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ᠂ ᠤᠷ᠎ᠠ ᠮᠡᠷᠭᠡᠰᠢᠯ | ᠪᠣᠯᠣᠨ ᠠᠷᠭ᠎ᠠ ᠶᠢ ᠰᠤᠳᠤᠯᠬᠤ ᠪᠠ ᠳᠡᠯᠭᠡᠷᠡᠭᠦᠯᠵᠦ ᠬᠡᠷᠡᠭᠯᠡᠬᠦ ᠶᠢ ᠴᠢᠩᠭᠠᠳᠬᠠᠵᠤ᠂ ᠬᠦᠷᠦᠰᠦᠨ ᠤ ᠤᠷᠭᠤᠮᠠᠯ ᠤᠨ | ᠬᠤᠴᠢᠯᠭ᠎ᠠ ᠶᠢᠨ ᠡᠪᠳᠡᠬᠦ ᠶᠢ ᠪᠠᠭᠠᠰᠬᠠᠨ᠂ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ ᠤᠨ | ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠭᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ ᠠᠴᠠ ᠬᠠᠮᠵᠢᠯᠴᠠᠨ᠎ᠠ︶ | ︵ᠵᠢᠷᠭᠤᠭ᠎ᠠ︶ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ | ᠴᠢᠩᠳᠠᠯᠠᠨ᠎ᠠ᠃ 2018 ᠣᠨ ᠠᠴᠠ ᠡᠬᠢᠯᠡᠵᠦ᠂ ᠰᠢᠨ᠎ᠡ ᠪᠠᠷ ᠪᠠᠶᠢᠭᠤᠯᠬᠤ ᠠᠭᠤᠷᠬᠠᠢ ᠳᠤ ᠪᠤᠬᠢᠷᠳᠤᠯ ᠦᠭᠡᠢ | ᠠᠭᠤᠷᠬᠠᠢ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠦᠲᠦᠭᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠰᠠᠯᠠᠭ᠎ᠠ ᠮᠦᠴᠢᠷ ᠤᠳ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ | ᠠᠰᠢᠭᠯᠠᠬᠤ᠂ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠵᠢᠴᠢ ᠭᠠᠵᠠᠷ ᠰᠢᠷᠤᠢ ᠶᠢ | ᠥᠩ ᠰᠢᠮᠡᠯᠢᠭ ᠪᠣᠯᠭᠠᠨ ᠠᠰᠢᠭᠯᠠᠬᠤ ᠲᠦᠰᠦᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠪᠤᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ | ᠲᠦᠰᠦᠯ ᠳᠡᠭᠡᠨ ᠣᠷᠤᠭᠤᠯᠵᠤ᠂ ᠨᠢᠭᠡᠲᠦᠯᠲᠡᠢ ᠨᠠᠶᠢᠷᠠᠭᠤᠯᠤᠨ ᠵᠣᠬᠢᠶᠠᠵᠤ᠂ ᠨᠢᠭᠡᠲᠦᠯᠲᠡᠢ ᠬᠢᠨᠠᠨ ᠪᠠᠶᠢᠴᠠᠭᠠᠵᠤ᠂ | ᠨᠢᠭᠡᠲᠦᠯᠲᠡᠢ ᠬᠡᠷᠡᠭᠵᠢᠭᠦᠯᠦᠨ᠎ᠡ︔ ᠣᠷᠴᠢᠨ ᠲᠣᠭᠤᠷᠢᠨ ᠳᠤ ᠡᠪᠳᠡᠭᠳᠡᠯ ᠢᠶᠠᠷ ᠨᠡᠯᠢᠶᠡᠳ ᠪᠠᠭ᠎ᠠ ᠪᠣᠯᠬᠤ ᠨᠡᠭᠡᠭᠡᠨ | ᠮᠠᠯᠲᠠᠬᠤ ᠠᠷᠭ᠎ᠠ ᠬᠡᠯᠪᠡᠷᠢ᠂ ᠠᠭᠤᠷᠬᠠᠢ ᠮᠠᠯᠲᠠᠬᠤ ᠮᠡᠷᠭᠡᠵᠢᠯ ᠪᠠ ᠬᠦᠳᠡᠷ ᠰᠢᠯᠢᠬᠦ ᠠᠷᠭ᠎ᠠ ᠶᠢ ᠰᠤᠩᠭᠤᠵᠤ᠂ | ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃ ᠣᠷᠴᠢᠨ | ᠲᠣᠭᠤᠷᠢᠨ ᠤ ᠬᠠᠮᠠᠭᠠᠯᠠᠯᠲᠠ᠂ ᠣᠰᠣᠨ ᠠᠰᠢᠭᠯᠠᠯᠲᠠ ᠶᠢᠨ ᠰᠠᠯᠠᠭ᠎ᠠ ᠮᠦᠴᠢᠷ ᠤᠳ ᠠᠭᠤᠷᠬᠠᠢ ᠶᠢᠨ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠲᠦᠰᠦᠯ ᠪᠣᠯᠣᠨ ᠤᠰᠤ ᠬᠦᠷᠦᠰᠦ ᠶᠢ ᠬᠠᠮᠠᠭᠠᠯᠠᠬᠤ | ᠲᠦᠰᠦᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠢᠨ ᠤ ᠬᠠᠮᠠᠭᠠᠯᠠᠬᠤ ᠠᠷᠭ᠎ᠠ | ᠬᠡᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠮᠢ ᠠᠬᠤᠢ ᠶᠢ ᠬᠠᠮᠠᠭᠠᠯᠠᠬᠤ ᠠᠷᠭ᠎ᠠ ᠬᠡᠮᠵᠢᠶ᠎ᠠ ᠶᠢ | ᠨᠠᠶᠢᠳᠠᠪᠤᠷᠢᠵᠢᠭᠤᠯᠵᠤ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠨ᠂ ᠠᠭᠤᠷᠬᠠᠢ ᠶᠢᠨ ︽ᠭᠤᠷᠪᠠᠨ ᠬᠠᠶᠠᠭᠳᠠᠮᠠᠯ︾ ᠢ | ᠪᠦᠲᠦᠮᠵᠢᠲᠡᠢ ᠰᠢᠢᠳᠪᠦᠷᠢᠯᠡᠵᠦ᠂ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ | ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠠᠮᠦᠷ ᠲᠥᠪᠰᠢᠨ ᠤ | ᠪᠡᠯᠡᠳᠭᠡᠮᠵᠢ ᠶᠢᠨ ᠵᠢᠷᠤᠭ ᠲᠦᠯᠦᠪᠯᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠬᠢᠨ ᠤ ᠠᠮᠦᠷ | ᠲᠥᠪᠰᠢᠨ ᠤ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠢ ᠶᠢᠨ ᠪᠤᠷᠬᠢᠳᠤᠯ | ᠦᠭᠡᠢ ᠪᠦᠭᠡᠳ ᠠᠶᠤᠯ ᠦᠭᠡᠢ ᠦᠢᠯᠡᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠦᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠣᠰᠤᠨ ᠠᠰᠢᠭᠯᠠᠯᠲᠠ ᠶᠢᠨ ᠲᠢᠩᠭᠢᠮ᠂ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠵᠢᠯᠴᠠᠨ᠎ᠠ︶ | ︵ᠳᠣᠯᠤᠭ᠎ᠠ︶ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ 2017 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ | ᠠᠶᠢᠮᠠᠭ ᠬᠤᠲᠠ ᠨᠢ ᠠᠭᠤᠷᠬᠠᠢ ᠶᠢᠨ ᠣᠷᠴᠢᠨ ᠲᠣᠭᠤᠷᠢᠨ ᠤ ᠣᠳᠣ ᠶᠢᠨ ᠪᠠᠶᠢᠳᠠᠯ ᠳᠤ ᠪᠠᠶᠢᠴᠠᠭᠠᠯᠲᠠ ᠬᠢᠬᠦ ᠶᠢ | ᠪᠡᠶᠡᠯᠡᠭᠦᠯᠵᠦ᠂ ︽ᠬᠡᠨ ᠰᠦᠢᠳᠭᠡᠪᠡᠯ᠂ ᠲᠡᠷᠡ ᠥᠩ ᠰᠢᠮᠡᠯᠢᠭ ᠪᠣᠯᠭᠠᠨ ᠠᠰᠢᠭᠯᠠᠬᠤ︾ ᠵᠠᠷᠴᠢᠮ ᠢᠶᠠᠷ᠂ | ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ | ᠬᠠᠷᠢᠭᠤᠴᠠᠯᠭ᠎ᠠ ᠶᠢᠨ ᠭᠤᠣᠯ ᠴᠤᠭᠴᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠪᠤᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠲᠦᠷᠭᠡᠳᠭᠡᠨ ᠨᠠᠶᠢᠷᠠᠭᠤᠯᠵᠤ᠂ | ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠪᠤᠷᠬᠢᠳᠤᠯ ᠦᠭᠡᠢ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠠᠭᠤᠷᠬᠠᠢ ᠶᠢᠨ ᠭᠠᠵᠠᠷ ᠬᠦᠷᠦᠰᠦ ᠶᠢᠨ ᠣᠷᠴᠢᠨ ᠲᠣᠭᠤᠷᠢᠨ ᠤ ᠬᠤᠭᠤᠴᠠᠭ᠎ᠠ ᠬᠤᠪᠢᠶᠠᠨ | ᠵᠠᠰᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠯᠲᠠ ᠬᠢᠬᠦ︾ | ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠢ ᠶᠢᠨ ᠤᠯᠠᠭᠠᠨ ᠲᠤᠭ᠎ᠠ ᠲᠠᠢ ᠪᠠᠶᠢᠯᠭᠠᠵᠤ ᠪᠣᠯᠬᠤ ᠦᠭᠡᠢ᠃ ᠨᠡᠭᠡᠭᠡᠨ | ᠮᠠᠯᠲᠠᠭᠰᠠᠨ ᠢᠶᠠᠨ ᠪᠤᠴᠠᠭᠠᠨ ᠮᠠᠯᠲᠠᠵᠤ ᠠᠰᠢᠭᠯᠠᠬᠤ ᠨᠤᠷᠮ᠎ᠠ᠂ ᠰᠢᠯᠢᠵᠦ ᠦᠯᠡᠳᠡᠭᠰᠡᠨ ᠢᠶᠠᠨ ᠪᠤᠴᠠᠭᠠᠨ ᠬᠤᠷᠢᠶᠠᠬᠤ | ᠨᠤᠷᠮ᠎ᠠ᠂ ᠶᠡᠷᠦᠩᠬᠡᠶᠢᠯᠡᠨ ᠠᠰᠢᠭᠯᠠᠬᠤ ᠨᠤᠷᠮ᠎ᠠ ᠳᠤ ᠰᠤᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢ | ᠴᠢᠩᠭᠠᠷᠠᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ | ᠲᠦᠷᠭᠡᠬᠡᠨ ᠬᠦᠷᠦᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ | ᠵᠢᠴᠢ ᠪᠠᠷᠢᠮᠵᠢᠶ᠎ᠠ ᠶᠤᠰᠤᠭᠠᠷ᠂ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠵᠦ ᠰᠢᠨᠡᠴᠢᠯᠡᠬᠦ ᠶᠢ ᠲᠦᠷᠭᠡᠳᠭᠡᠨ | ᠠᠬᠢᠭᠤᠯᠤᠨ᠎ᠠ᠃ ︽ᠭᠤᠷᠪᠠᠨ ᠬᠠᠶᠠᠭᠳᠠᠮᠠᠯ︾ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠯᠡᠳᠡᠭᠳᠡᠯ ᠬᠦᠳᠡᠷ ᠪᠠ | ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠲᠡᠷᠢᠭᠦᠨ ᠤ | ᠠᠭᠤᠷᠬᠠᠢ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠬᠡᠯᠪᠡᠷᠢ ᠶᠢ ᠠᠰᠢᠭᠯᠠᠨ᠂ ᠠᠮᠢ ᠠᠬᠤᠢ ᠶᠢᠨ ᠣᠷᠴᠢᠨ | ᠲᠣᠭᠤᠷᠢᠨ ᠳᠠᠬᠢ ᠨᠦᠯᠦᠭᠡᠯᠡᠯ ᠢ ᠪᠠᠭᠠᠰᠬᠠᠬᠤ ᠶᠢ ᠨᠢ ᠵᠣᠷᠢᠬᠵᠢᠭᠤᠯᠤᠨ᠎ᠠ᠃ ᠠᠭᠤᠷᠬᠠᠢ ᠳᠤ ᠬᠡᠷᠡᠭᠯᠡᠬᠦ ᠭᠠᠵᠠᠷ ᠢ | ᠬᠢᠨᠠᠨ ᠵᠥᠪᠰᠢᠶᠡᠷᠡᠬᠦ ᠳᠤ᠂ ᠬᠠᠶᠠᠭᠳᠠᠮᠠᠯ ᠪᠤᠳᠠᠰ ᠰᠢᠷᠤᠢ ᠴᠢᠯᠠᠭᠤ ᠤᠪᠤᠭᠠᠯᠠᠬᠤ ᠭᠠᠵᠠᠷ ᠤᠨ ᠲᠠᠯᠠᠪᠠᠢ ᠪᠠ ᠲᠤᠭ᠎ᠠ | ᠬᠡᠮᠵᠢᠶ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ 2020 ᠣᠨ ᠪᠣᠯᠲᠠᠯ᠎ᠠ᠂ ᠪᠦᠬᠦ ᠣᠷᠣᠨ ᠳᠤ ᠪᠤᠬᠢᠷᠳᠤᠯ ᠦᠭᠡᠢ | ᠠᠭᠤᠷᠬᠠᠢ ᠶᠢ 300 ᠭᠠᠷᠤᠢ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠦᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠠᠴᠠ | ᠬᠠᠮᠵᠢᠯᠴᠠᠨ᠎ᠠ︶ | ︵ᠨᠠᠢᠮᠠ︶ ᠠᠭᠤᠷᠬᠠᠢ ᠶᠢᠨ ᠭᠠᠵᠠᠷ ᠨᠤᠲᠤᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ᠂ ᠣᠯᠠᠨ ᠲᠦᠮᠡᠨ ᠤ ᠲᠦᠯᠦᠭᠡᠯᠡᠭᠴᠢ ᠬᠢᠭᠡᠳ ᠠᠵᠤ | ᠠᠬᠤᠶᠢᠯᠠᠯ ᠯᠤᠭ᠎ᠠ ᠶᠢᠨ ᠤᠴᠢᠷ ᠶᠠᠪᠤᠳᠠᠯ ᠢ ᠵᠦᠪᠯᠡᠵᠦ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠠᠭᠤᠷᠬᠠᠢ ᠶᠢᠨ ᠭᠠᠵᠠᠷ ᠨᠤᠲᠤᠭ ᠤᠨ ᠵᠦᠷᠢᠴᠡᠯ ᠢ ᠵᠢᠭᠰᠠᠭᠠᠨ ᠪᠠᠶᠢᠴᠠᠭᠠᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ | ᠬᠠᠷᠢᠭᠤᠴᠠᠬᠤ ᠪᠠᠶᠢᠭᠤᠯᠤᠮᠵᠢ ᠪᠣᠯᠣᠨ ᠠᠵᠢᠯᠲᠠᠳ ᠢ ᠲᠤᠳᠤᠷᠬᠠᠶᠢᠯᠠᠨ᠂ ᠡᠯ᠎ᠡ ᠲᠦᠷᠦᠯ ᠤᠨ ᠵᠦᠷᠢᠴᠡᠯ ᠢ ᠴᠠᠭ | ᠲᠣᠬᠠᠢ ᠳᠤᠨᠢ ᠲᠣᠬᠢᠲᠠᠢ ᠰᠢᠢᠳᠪᠦᠷᠢᠯᠡᠨ᠎ᠡ᠃ ᠠᠭᠤᠷᠬᠠᠢ ᠶᠢᠨ ᠠᠵᠤ ᠠᠬᠤᠶᠢᠯᠠᠯ ᠨᠢ ᠬᠠᠤᠯᠢ ᠶᠤᠰᠤᠭᠠᠷ | ᠵᠢᠷᠤᠮᠵᠢᠯ ᠲᠠᠢ ᠨᠡᠭᠡᠭᠡᠨ ᠮᠠᠯᠲᠠᠵᠤ᠂ ᠠᠭᠤᠷᠬᠠᠢ ᠶᠢᠨ ᠭᠠᠵᠠᠷ ᠨᠤᠲᠤᠭ ᠤᠨ ᠵᠦᠷᠢᠴᠡᠯ ᠢ ᠵᠣᠬᠢᠴᠠᠭᠤᠯᠤᠨ ᠠᠷᠢᠯᠭᠠᠬᠤ | ᠲᠣᠭᠲᠠᠴᠠ ᠶᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠭᠦᠢᠴᠡᠳᠭᠡᠵᠦ᠂ ᠰᠠᠶᠢᠨ ᠰᠠᠶᠢᠬᠠᠨ ᠠᠵᠤ ᠠᠬᠤᠶᠢᠯᠠᠯ ᠤᠨ ᠳᠦᠷᠢ ᠳᠥᠷᠬᠦ ᠶᠢ ᠪᠣᠢ ᠪᠣᠯᠭᠠᠨ᠎ᠠ︔ | ᠣᠷᠣᠨ ᠨᠣᠲᠤᠭ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ | ᠠᠭᠤᠷᠬᠠᠢ ᠶᠢᠨ ᠣᠷᠣᠨ ᠵᠢᠴᠢ ᠣᠶᠢᠷ᠎ᠠ ᠬᠠᠪᠢ ᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠰᠠᠶᠢᠵᠢᠷᠠᠭᠤᠯᠤᠨ᠎ᠠ︔ ᠠᠵᠢᠯ ᠣᠯᠭᠤᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠠᠭᠤᠷᠬᠠᠢ ᠶᠢᠨ ᠣᠷᠣᠨ ᠤ | ᠣᠶᠢᠷ᠎ᠠ ᠬᠠᠪᠢ ᠶᠢᠨ ᠰᠠᠭᠤᠭᠠᠯᠢ ᠠᠷᠠᠳ ᠵᠢᠴᠢ ᠲᠡᠳᠡᠨᠦᠰ ᠤᠨ ᠦᠷ᠎ᠡ ᠬᠡᠦᠬᠡᠳ ᠤᠨ ᠠᠵᠢᠯ ᠣᠯᠭᠤᠯᠲᠠ ᠶᠢ | ᠤᠷᠢᠳᠠᠪᠠᠷ ᠲᠣᠬᠢᠷᠠᠭᠤᠯᠤᠨ᠂ ᠶᠠᠳᠠᠭᠤ ᠶᠢ ᠲᠡᠳᠭᠦᠵᠦ ᠠᠪᠤᠷᠠᠨ ᠲᠤᠰᠠᠯᠠᠬᠤ ᠵᠡᠷᠭᠡ ᠠᠷᠠᠳ ᠲᠤ ᠠᠰᠢᠭ ᠬᠦᠷᠲᠡᠭᠡᠬᠦ | ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠎ᠡ︔ ᠬᠦᠳᠡᠯᠮᠦᠷᠢ ᠦᠢᠯᠡᠴᠢᠯᠡᠭᠡ ᠶᠢ ᠨᠠᠶᠢᠳᠠᠬᠤ᠂ ᠪᠠᠷᠢᠯᠭ᠎ᠠ ᠶᠢ | ᠳᠠᠭᠠᠭᠠᠴᠢᠯᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠪᠠᠶᠢᠭ᠎ᠠ ᠭᠠᠵᠠᠷ ᠣᠷᠣᠨ ᠤ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ᠤ ᠬᠢᠨ ᠤ ᠬᠠᠮᠲᠤ ᠨᠡᠶᠢᠲᠡ ᠶᠢᠨ ᠠᠵᠤ ᠠᠬᠤᠢ ᠪᠠᠨ ᠬᠥᠭᠵᠢᠭᠦᠯᠦᠨ ᠬᠦᠴᠦᠷᠭᠡᠭᠵᠢᠭᠦᠯᠬᠦ ᠶᠢ | ᠳᠡᠮᠵᠢᠨ᠎ᠡ᠃ ᠦᠢᠯᠡᠳᠪᠦᠷᠢᠯᠡᠯ ᠤᠨ ᠶᠠᠪᠤᠴᠠ ᠳᠤ᠂ ᠠᠭᠤᠷᠬᠠᠢ ᠨᠤᠭᠤᠳ ᠨᠢ ᠨᠡᠶᠢᠭᠡᠮ ᠲᠣᠭᠤᠷᠢᠭ ᠤᠨ ᠠᠮᠢᠳᠤᠷᠠᠯ ᠢ | ᠨᠦᠯᠦᠭᠡᠯᠡᠳᠡᠭ ᠦᠢᠯᠡᠳᠪᠦᠷᠢᠯᠡᠯ ᠤᠨ ᠠᠵᠢᠯᠯᠠᠭᠠᠨ ᠢ ᠴᠠᠭ ᠲᠣᠬᠠᠢ ᠳᠤᠨᠢ ᠲᠣᠬᠢᠷᠠᠭᠤᠯᠵᠤ᠂ ᠴᠦᠬᠡᠨ ᠲᠣᠭᠠᠲᠤ | ᠦᠨᠳᠦᠰᠦᠲᠡᠨ ᠤ ᠭᠠᠵᠠᠷ ᠣᠷᠣᠨ ᠤ ᠰᠤᠶᠤᠯ ᠠᠮᠢᠳᠤᠷᠠᠯ ᠤᠨ ᠵᠠᠩ ᠵᠠᠩᠰᠢᠯ ᠢ ᠭᠦᠢᠴᠡᠳ ᠬᠦᠨᠳᠦᠳᠭᠡᠬᠦ ᠬᠡᠷᠡᠭᠲᠡᠢ᠃ | ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠦᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ | ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠵᠢᠯᠴᠠᠨ᠎ᠠ︶ | ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠳᠡᠮᠵᠢᠬᠦ ᠲᠥᠷᠥ ᠶᠢᠨ ᠪᠣᠳᠣᠯᠭ᠎ᠠ᠃ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠵᠤ | ᠠᠬᠤᠶᠢᠯᠠᠯ ᠤᠳ ᠤᠨ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢ ᠴᠢᠷᠮᠠᠶᠢᠨ ᠡᠭᠦᠳᠬᠦ ᠶᠢ | ᠵᠣᠷᠢᠬᠵᠢᠭᠤᠯᠤᠨ᠎ᠠ᠃ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠨᠡᠷᠡᠰ ᠲᠤ ᠵᠢᠭᠰᠠᠭᠠᠭᠳᠠᠭᠰᠠᠨ | ᠠᠵᠤ ᠠᠬᠤᠶᠢᠯᠠᠯ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃ | 1. ᠠᠭᠤᠷᠬᠠᠢ ᠶᠢᠨ ᠡᠬᠢ ᠪᠠᠶᠠᠯᠢᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠶᠡᠷᠦᠩᠬᠡᠢ | ᠬᠡᠮᠵᠢᠶ᠎ᠡ ᠳᠤᠨᠢ ᠲᠣᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ ᠪᠠᠶᠢᠭ᠎ᠠ ᠠᠭᠤᠷᠬᠠᠢ ᠶᠢᠨ ᠲᠦᠷᠦᠯ ᠤᠨ ᠨᠡᠭᠡᠭᠡᠨ | ᠮᠠᠯᠲᠠᠬᠤ ᠭᠦᠢᠴᠡᠳᠭᠡᠯ ᠲᠤᠭ᠎ᠠ᠂ ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠲᠠᠯᠪᠢᠬᠤ ᠳᠤ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠠ ᠠᠭᠤᠷᠬᠠᠢ ᠶᠢᠨ ᠬᠥᠭᠵᠢᠯᠲᠡ ᠶᠢᠨ ᠲᠦᠯᠦᠪᠵᠢᠭᠦᠯᠭᠡ ᠳᠤ ᠨᠡᠶᠢᠴᠡᠭᠰᠡᠨ | ᠪᠠᠶᠢᠪᠠᠯ ᠪᠤᠬᠢᠷᠳᠤᠯ ᠦᠭᠡᠢ ᠠᠭᠤᠷᠬᠠᠢ ᠪᠠ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ | ᠵᠢᠱᠢᠶ᠎ᠡ ᠦᠵᠡᠭᠦᠯᠬᠦ ᠣᠷᠣᠨ ᠳᠤ ᠤᠷᠢᠳᠠᠪᠠᠷ ᠲᠣᠬᠢᠷᠠᠭᠤᠯᠤᠨ᠎ᠠ᠃ ᠲᠤᠮᠤ ᠳᠤᠮᠳᠠ ᠬᠡᠯᠪᠡᠷᠢ ᠪᠦᠬᠦᠢ ᠪᠤᠬᠢᠷᠳᠤᠯ | ᠦᠭᠡᠢ ᠠᠭᠤᠷᠬᠠᠢ ᠨᠤᠭᠤᠳ ᠤᠨ ᠵᠦᠪᠯᠡᠯᠴᠡᠭᠡᠷ ᠤᠨ ᠠᠷᠭ᠎ᠠ ᠬᠡᠯᠪᠡᠷᠢ ᠪᠠᠷ ᠠᠭᠤᠷᠬᠠᠢ ᠶᠢᠨ ᠭᠦᠨ ᠬᠡᠰᠡᠭ ᠤᠨ ᠡᠬᠢ | ᠪᠠᠶᠠᠯᠢᠭ ᠤᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠶᠢ ᠵᠥᠪᠰᠢᠶᠡᠷᠡᠨ᠎ᠡ᠃ | 2. ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠶᠢ ᠳᠡᠮᠵᠢᠬᠦ | ᠲᠥᠷᠥ ᠶᠢᠨ ᠪᠣᠳᠣᠯᠭ᠎ᠠ᠃ | ︵1︶ ᠭᠠᠵᠠᠷ ᠰᠢᠷᠤᠢ ᠠᠰᠢᠭᠯᠠᠬᠤ ᠲᠦᠯᠦᠪᠵᠢᠭᠦᠯᠭᠡ ᠲᠦᠯᠦᠪᠯᠡᠭᠡ ᠶᠢᠨ ᠪᠠᠲᠤᠯᠠᠭ᠎ᠠ᠃ ᠡᠯ᠎ᠡ ᠭᠠᠵᠠᠷ | ᠣᠷᠣᠨ ᠨᠢ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠶᠢ ᠲᠣᠬᠢᠷᠠᠭᠤᠯᠬᠤ ᠪᠠ ᠲᠡᠭᠦᠯᠳᠡᠷᠵᠢᠭᠦᠯᠬᠦ ᠳᠤ᠂ | ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠯᠦᠪᠵᠢᠭᠦᠯᠭᠡ ᠳᠠᠬᠢ | ᠭᠤᠣᠯᠳᠠᠯᠭ᠎ᠠ ᠲᠠᠢ ᠲᠦᠷᠦᠯ ᠵᠦᠢᠯ ᠤᠨ ᠨᠠᠷᠢᠨ ᠬᠠᠭᠤᠳᠠᠰᠤ ᠳᠤ ᠣᠷᠤᠭᠤᠯᠬᠤ ᠶᠢᠨ ᠬᠠᠮᠲᠤ᠂ ᠭᠠᠵᠠᠷ ᠰᠢᠷᠤᠢ | ᠠᠰᠢᠭᠯᠠᠬᠤ ᠣᠨ ᠤ ᠲᠦᠯᠦᠪᠯᠡᠭᠡ ᠳᠤ ᠪᠤᠬᠢᠷᠳᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ | ᠥᠷᠭᠡᠳᠭᠡᠨ ᠪᠠᠶᠢᠭᠤᠯᠬᠤ ᠪᠠᠷ ᠰᠢᠨ᠎ᠡ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠵᠦᠢ | ᠶᠤᠰᠤᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠬᠤ ᠬᠡᠷᠡᠭᠲᠡᠢ᠃ | ︵2︶ ᠭᠠᠵᠠᠷ ᠬᠡᠷᠡᠭᠯᠡᠬᠦ ᠦᠪᠡᠷ ᠤᠨ ᠥᠷᠲᠡᠭ ᠢ ᠪᠠᠭᠤᠷᠠᠭᠤᠯᠤᠨ᠎ᠠ᠃ ᠠᠭᠤᠷᠬᠠᠢ ᠮᠠᠯᠲᠠᠬᠤ ᠳᠤ ᠬᠡᠷᠡᠭᠯᠡᠬᠦ | ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠬᠠᠤᠯᠢ ᠶᠤᠰᠤᠭᠠᠷ ᠭᠦᠢᠴᠡᠳᠭᠡᠭᠰᠡᠨ ᠤ | ᠳᠠᠷᠠᠭ᠎ᠠ᠂ ᠵᠦᠪᠯᠡᠯᠴᠡᠭᠡᠷ ᠤᠨ ᠠᠷᠭ᠎ᠠ ᠬᠡᠯᠪᠡᠷᠢ ᠶᠢ ᠠᠪᠴᠤ ᠬᠢᠮᠳᠠ ᠦᠨ᠎ᠡ ᠪᠠᠷ ᠬᠤᠳᠠᠯᠳᠤᠬᠤ᠂ ᠳᠦᠷᠢᠶᠡᠰᠦᠯᠡᠭᠦᠯᠬᠦ | ᠪᠤᠶᠤ ᠤᠷᠢᠳᠠᠪᠠᠷ ᠳᠦᠷᠢᠶᠡᠰᠦᠯᠡᠭᠦᠯᠵᠦ ᠳᠠᠷᠠᠭ᠎ᠠ ᠨᠢ ᠬᠢᠮᠳᠠ ᠦᠨ᠎ᠡ ᠪᠠᠷ ᠬᠤᠳᠠᠯᠳᠤᠵᠤ ᠪᠣᠯᠣᠨ᠎ᠠ︔ ᠠᠭᠤᠷᠬᠠᠢ ᠶᠢᠨ | ᠦᠢᠯᠡᠳᠪᠦᠷᠢᠯᠡᠯ ᠤᠨ ᠦᠶᠡᠯᠡᠯ᠂ ᠨᠡᠭᠡᠭᠡᠨ ᠮᠠᠯᠲᠠᠬᠤ ᠵᠢᠯ ᠬᠤᠭᠤᠴᠠᠭ᠎ᠠ ᠶᠢ ᠦᠨᠳᠦᠰᠦᠯᠡᠨ᠂ ᠬᠢᠮᠳᠠ ᠦᠨ᠎ᠡ ᠪᠠᠷ | ᠬᠤᠳᠠᠯᠳᠤᠵᠤ ᠪᠣᠯᠬᠤ ᠪᠠᠷ ᠬᠠᠤᠯᠢ ᠳᠤ ᠲᠣᠭᠲᠠᠭᠠᠭᠰᠠᠨ ᠬᠠᠮᠤᠭ ᠠᠴᠠ ᠤᠷᠲᠤ ᠵᠢᠯ ᠬᠤᠭᠤᠴᠠᠭᠠᠨ ᠳᠤ ᠭᠠᠵᠠᠷ | ᠰᠢᠷᠣᠢ ᠶᠢᠨ ᠬᠡᠷᠡᠭᠯᠡᠬᠦ ᠡᠷᠬᠡ ᠶᠢᠨ ᠬᠢᠮᠳᠠ ᠦᠨ᠎ᠡ ᠪᠠᠷ ᠬᠤᠳᠠᠯᠳᠤᠬᠤ ᠬᠤᠭᠤᠴᠠᠭ᠎ᠠ ᠶᠢ ᠠᠮᠢᠳᠤᠯᠢᠭ ᠢᠶᠠᠷ ᠰᠤᠩᠭᠤᠵᠤ᠂ | ᠤᠶᠠᠨ ᠬᠠᠷᠢᠮᠠᠬᠠᠢ ᠪᠠᠷ ᠬᠢᠮᠳᠠ ᠦᠨ᠎ᠡ ᠪᠠᠷ ᠬᠤᠳᠠᠯᠳᠤᠬᠤ ᠶᠢᠨ ᠬᠠᠮᠲᠤ᠂ ᠭᠠᠵᠠᠷ ᠰᠢᠷᠤᠢ ᠶᠢᠨ ᠬᠢᠮᠳᠠ ᠦᠨ᠎ᠡ ᠪᠠᠷ | ᠬᠤᠳᠠᠯᠳᠤᠬᠤ ᠭᠡᠷ᠎ᠡ ᠳᠤ ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠬᠤ ᠦᠨ᠎ᠡ ᠶᠢ ᠬᠤᠭᠤᠴᠠᠭ᠎ᠠ | ᠬᠤᠪᠢᠶᠠᠵᠤ ᠲᠤᠰᠢᠶᠠᠬᠤ ᠪᠠᠷ ᠪᠤᠯᠵᠤᠵᠤ ᠪᠣᠯᠣᠨ᠎ᠠ᠃ | ︵3︶ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠤᠨ ᠤᠭ ᠤᠨ ᠪᠠᠶᠢᠭᠰᠠᠨ ᠦᠢᠯᠡᠳᠪᠦᠷᠢ | ᠠᠭᠤᠷᠬᠠᠢ ᠳᠤ ᠬᠡᠷᠡᠭᠯᠡᠬᠦ ᠭᠠᠵᠠᠷ ᠢ ᠥᠩ ᠰᠢᠮᠡᠯᠢᠭ ᠪᠣᠯᠭᠠᠨ ᠠᠰᠢᠭᠯᠠᠵᠤ ᠴᠢᠯᠦᠭᠡᠲᠡᠢ ᠭᠦᠢᠯᠭᠡᠭᠡᠬᠦ ᠶᠢ ᠳᠡᠮᠵᠢᠨ᠎ᠡ᠃ | ᠪᠤᠬᠢᠷᠳᠤᠯ ᠦᠭᠡᠢ ᠠᠭᠤᠷᠬᠠᠢ ᠶᠢᠨ ᠬᠢᠨ ᠤ ᠤᠭ ᠤᠨ ᠪᠠᠶᠢᠭᠰᠠᠨ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ ᠢ | ᠴᠠᠭ ᠲᠣᠬᠠᠢ ᠳᠤᠨᠢ ᠥᠩ ᠰᠢᠮᠡᠯᠢᠭ ᠪᠣᠯᠭᠠᠨ ᠠᠰᠢᠭᠯᠠᠵᠤ ᠴᠢᠯᠦᠭᠡᠲᠡᠢ ᠭᠦᠢᠯᠭᠡᠭᠡᠬᠦ ᠶᠢ ᠳᠡᠮᠵᠢᠬᠦ ᠶᠢᠨ ᠬᠠᠮᠲᠤ᠂ | ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠯᠤᠭ᠎ᠠ ᠬᠤᠯᠪᠣᠬᠤ ᠬᠡᠷᠡᠭᠲᠡᠢ︔ | ᠲᠦᠯᠦᠪᠵᠢᠭᠦᠯᠭᠡ ᠪᠠ ᠠᠮᠢ ᠠᠬᠤᠢ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠳᠠᠯ ᠳᠣᠣᠷ᠎ᠠ᠂ ᠦᠩᠭᠡᠷᠡᠭᠰᠡᠨ ᠠᠴᠠ | ᠦᠯᠡᠳᠡᠭᠳᠡᠵᠦ ᠢᠷᠡᠭᠰᠡᠨ ᠦᠢᠯᠡᠳᠪᠦᠷᠢ ᠠᠭᠤᠷᠬᠠᠢ ᠶᠢᠨ ᠣᠷᠬᠢᠭᠳᠠᠵᠤ ᠪᠠᠶᠢᠭᠰᠠᠨ ᠭᠠᠵᠠᠷ ᠢ ᠥᠩ ᠰᠢᠮᠡᠯᠢᠭ | ᠪᠣᠯᠭᠠᠵᠤ ᠠᠰᠢᠭᠯᠠᠨ ᠨᠡᠮᠡᠭᠳᠡᠭᠦᠯᠦᠭᠰᠡᠨ ᠲᠠᠷᠢᠶᠠᠯᠠᠬᠤ ᠭᠠᠵᠠᠷ ᠢ ᠲᠠᠷᠢᠶᠠᠯᠠᠬᠤ ᠭᠠᠵᠠᠷ ᠤᠨ ᠡᠵᠡᠯᠡᠭᠰᠡᠨ ᠪᠠ | ᠨᠦᠬᠦᠪᠦᠷᠢᠯᠡᠬᠦ ᠶᠢ ᠲᠡᠩᠴᠡᠭᠦᠷᠢ ᠲᠠᠢ ᠪᠣᠯᠭᠠᠬᠤ ᠳᠤ ᠬᠡᠷᠡᠭᠯᠡᠬᠦ ᠶᠢ ᠵᠥᠪᠰᠢᠶᠡᠷᠡᠨ᠎ᠡ︔ ᠠᠭᠤᠷᠬᠠᠢ ᠶᠢ ᠬᠠᠤᠯᠢ | ᠶᠤᠰᠤᠭᠠᠷ ᠨᠡᠭᠡᠭᠡᠨ ᠮᠠᠯᠲᠠᠵᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠤᠢ ᠶᠢ ᠡᠪᠳᠡᠵᠦ | ᠰᠦᠢᠳᠭᠡᠭᠰᠡᠨ ᠮᠦᠷᠲᠡᠭᠡᠨ ᠰᠡᠷᠭᠦᠭᠡᠵᠦ ᠳᠡᠶᠢᠯᠬᠦ ᠦᠭᠡᠢ ᠪᠣᠯᠣᠭᠰᠠᠨ ᠪᠠᠶᠢᠪᠠᠯ ᠭᠠᠵᠠᠷ ᠰᠢᠷᠤᠢ ᠶᠢᠨ ᠬᠡᠷᠡᠭᠯᠡᠬᠦ ᠶᠢ | ᠬᠤᠪᠢᠷᠠᠭᠤᠯᠬᠤ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠪᠠ ᠳᠡᠰ ᠳᠠᠷᠠᠭᠠᠯᠠᠯ ᠢᠶᠠᠷ ᠪᠤᠳᠠᠳᠤ ᠭᠠᠵᠠᠷ ᠲᠤᠨᠢ | ᠪᠠᠶᠢᠴᠠᠭᠠᠯᠲᠠ ᠦᠷᠨᠢᠭᠦᠯᠵᠦ᠂ ᠲᠤᠰᠬᠠᠢ ᠮᠡᠳᠡᠭᠦᠯᠵᠦ ᠬᠢᠨᠠᠨ ᠪᠠᠶᠢᠴᠠᠭᠠᠯᠲᠠ ᠪᠠᠷ ᠪᠠᠲᠤᠯᠠᠭᠰᠠᠨ ᠤ ᠳᠠᠷᠠᠭ᠎ᠠ ᠣᠨ ᠤ | ᠬᠤᠪᠢᠷᠠᠭᠤᠯᠬᠤ ᠪᠠᠶᠢᠴᠠᠭᠠᠯᠲᠠ ᠳᠤ ᠣᠷᠤᠭᠤᠯᠤᠨ᠎ᠠ᠂ ᠲᠠᠷᠢᠶᠠᠯᠠᠬᠤ ᠭᠠᠵᠠᠷ ᠲᠤ ᠬᠤᠯᠪᠣᠭᠳᠠᠭᠰᠠᠨ ᠪᠠᠶᠢᠪᠠᠯ | ᠪᠠᠶᠢᠯᠭᠠᠪᠠᠰᠤ ᠵᠤᠬᠢᠬᠤ ᠲᠠᠷᠢᠶᠠᠯᠠᠬᠤ ᠭᠠᠵᠠᠷ ᠤᠨ ᠬᠡᠮᠵᠢᠶ᠎ᠡ ᠶᠢ ᠦᠨᠡᠨ ᠪᠣᠲᠠᠲᠠᠢ ᠪᠠᠷ ᠬᠠᠷᠭᠤᠭᠤᠯᠵᠤ ᠬᠠᠰᠤᠨ᠎ᠠ᠂ | ᠭᠡᠪᠡᠴᠦ ᠡᠯ᠎ᠡ ᠭᠠᠵᠠᠷ ᠣᠷᠣᠨ ᠤ ᠬᠢᠵᠠᠭᠠᠷᠯᠠᠬᠤ ᠲᠣᠭᠠᠨ ᠤ ᠳᠡᠭᠡᠳᠦ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠢ᠂ | ᠦᠨᠳᠦᠰᠦᠨ ᠲᠠᠷᠢᠶᠠᠨ ᠭᠠᠵᠠᠷ ᠲᠤ ᠬᠤᠯᠪᠣᠭᠳᠠᠭᠰᠠᠨ ᠪᠠᠶᠢᠪᠠᠯ ᠨᠦᠬᠦᠵᠦ ᠲᠦᠯᠦᠪᠵᠢᠭᠦᠯᠵᠦ ᠬᠤᠪᠢᠶᠠᠷᠢᠯᠠᠬᠤ | ᠬᠡᠷᠡᠭᠲᠡᠢ᠃ | 3. ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠡᠳ᠋ ᠤᠨ ᠵᠠᠰᠠᠭ ᠵᠢᠴᠢ | ᠲᠦᠷᠦᠯ ᠵᠦᠢᠯ ᠤᠨ ᠬᠠᠮᠢᠶ᠎ᠠ ᠪᠦᠬᠦᠢ ᠵᠢᠷᠤᠮᠵᠢᠭᠰᠠᠨ ᠪᠠᠷᠢᠮᠵᠢᠶ᠎ᠠ ᠳᠤ ᠵᠠᠰᠠᠪᠤᠷᠢ ᠣᠷᠤᠭᠤᠯᠤᠨ ᠲᠣᠭᠲᠠᠭᠠᠵᠤ᠂ | ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ ᠢ ᠬᠡᠷᠡᠭᠯᠡᠬᠦ ᠳᠤ ᠰᠢᠨ᠎ᠡ ᠪᠠᠷ ᠨᠡᠮᠡᠭᠳᠡᠭᠰᠡᠨ ᠰᠦᠢᠳᠭᠡᠯ ᠵᠢᠴᠢ | ᠠᠵᠢᠯᠯᠠᠬᠤ ᠣᠷᠣᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠰᠦᠢᠳᠭᠡᠯ ᠢ ᠲᠦᠷᠦᠯ ᠵᠦᠢᠯ ᠤᠨ ᠲᠦᠰᠥᠪ ᠲᠤ | ᠣᠷᠤᠭᠤᠯᠬᠤ ᠶᠢ ᠵᠥᠪᠰᠢᠶᠡᠷᠡᠨ᠎ᠡ᠃ ᠡᠳ᠋ ᠤᠨ ᠵᠠᠰᠠᠭ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ | ᠮᠦᠴᠢᠷ ᠤᠳ ᠭᠠᠵᠠᠷ ᠬᠦᠷᠦᠰᠦᠨ ᠤ ᠠᠭᠤᠷᠬᠠᠢ ᠶᠢᠨ ᠭᠠᠷᠤᠯᠲᠠ ᠶᠢᠨ ᠪᠠᠶᠢᠴᠠᠭᠠᠵᠤ ᠦᠨᠡᠯᠡᠬᠦ ᠪᠡᠯᠡ ᠮᠦᠩᠭᠦ ᠶᠢ | ᠲᠣᠬᠢᠷᠠᠭᠤᠯᠬᠤ ᠳᠠᠭᠠᠨ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠪᠤᠬᠢᠷᠳᠤᠯ ᠦᠭᠡᠢ | ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠦᠬᠦᠴᠡᠯ ᠳᠤ ᠨᠡᠶᠢᠴᠡᠭᠰᠡᠨ | ᠲᠦᠷᠦᠯ ᠵᠦᠢᠯ ᠲᠡᠰᠢ ᠪᠠᠨ ᠵᠣᠬᠢᠰᠲᠠᠢ ᠪᠠᠷ ᠬᠠᠷᠠᠭᠠᠯᠵᠠᠯ ᠦᠵᠡᠭᠦᠯᠦᠨ᠎ᠡ︔ ᠲᠥᠪ ᠤᠨ ᠪᠡᠯᠡ ᠮᠦᠩᠭᠦ ᠶᠢ ᠰᠠᠶᠢᠲᠤᠷ | ᠬᠡᠷᠡᠭᠯᠡᠬᠦ ᠶᠢᠨ ᠬᠠᠮᠲᠤ᠂ ᠣᠷᠣᠨ ᠨᠤᠲᠤᠭ ᠤᠨ ᠭᠠᠵᠠᠷ ᠬᠦᠷᠦᠰᠦᠨ ᠤ ᠠᠭᠤᠷᠬᠠᠢ ᠶᠢᠨ ᠭᠠᠷᠤᠯᠲᠠ᠂ ᠠᠭᠤᠷᠬᠠᠢ ᠶᠢᠨ | ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ᠂ ᠬᠦᠨᠳᠦ ᠦᠩᠭᠡᠲᠦ ᠲᠡᠮᠦᠷᠯᠢᠭ ᠤᠨ ᠪᠣᠬᠢᠷᠳᠤᠯ ᠢ ᠰᠡᠷᠭᠡᠶᠢᠯᠡᠨ | ᠵᠠᠰᠠᠬᠤ᠂ ᠭᠠᠵᠠᠷ ᠰᠢᠷᠤᠢ ᠶᠢ ᠥᠩ ᠰᠢᠮᠡᠯᠢᠭ ᠪᠣᠯᠭᠠᠨ ᠠᠰᠢᠭᠯᠠᠬᠤ ᠵᠡᠷᠭᠡ ᠡᠳ᠋ ᠤᠨ ᠵᠠᠰᠠᠭ ᠤᠨ ᠪᠡᠯᠡ ᠮᠦᠩᠭᠦ ᠶᠢ | ᠨᠢᠭᠡᠲᠦᠯᠲᠡᠢ ᠲᠦᠯᠦᠪᠯᠡᠵᠦ ᠲᠣᠬᠢᠷᠠᠭᠤᠯᠬᠤ ᠪᠠᠨ ᠴᠢᠩᠭᠠᠳᠬᠠᠵᠤ᠂ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠦᠬᠦᠴᠡᠯ ᠳᠤ ᠨᠡᠶᠢᠴᠡᠭᠰᠡᠨ ᠲᠦᠷᠦᠯ ᠵᠦᠢᠯ ᠢ ᠤᠷᠢᠳᠠᠪᠠᠷ | ᠳᠡᠮᠵᠢᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠦᠩᠭᠦ ᠳᠤ ᠱᠠᠩᠨᠠᠨ ᠬᠦᠬᠢᠭᠦᠯᠬᠦ ᠳᠦᠷᠢᠮ ᠢ ᠪᠠᠶᠢᠭᠤᠯᠵᠤ᠂ | ᠪᠤᠬᠢᠷᠳᠤᠯ ᠦᠭᠡᠢ ᠠᠭᠤᠷᠬᠠᠢ ᠶᠢᠨ ᠰᠢᠯᠢᠳᠡᠭ ᠠᠵᠤ ᠠᠬᠤᠶᠢᠯᠠᠯ ᠢ ᠱᠠᠩᠨᠠᠨ ᠬᠦᠬᠢᠭᠦᠯᠬᠦ ᠬᠡᠷᠡᠭᠲᠡᠢ᠃ ︽ᠤᠯᠤᠰ ᠤᠨ | ᠭᠤᠣᠯᠳᠠᠯᠭ᠎ᠠ ᠲᠠᠢ ᠳᠡᠮᠵᠢᠵᠦ ᠪᠦᠬᠦᠢ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ ᠴᠠᠷᠠᠭ᠎ᠠ︾ ᠶᠢᠨ ᠬᠡᠪᠴᠢᠶᠡᠨ ᠳᠠᠬᠢ᠂ | ᠨᠦᠬᠦᠴᠡᠯ ᠳᠤ ᠨᠡᠶᠢᠴᠡᠬᠦ ᠮᠦᠷᠲᠡᠭᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠤᠯᠢ ᠶᠤᠰᠤᠭᠠᠷ | ᠪᠠᠭᠠᠰᠬᠠᠭᠠᠳ 15% ᠶᠢᠨ ᠭᠠᠶᠢᠯᠢ ᠶᠢᠨ ᠨᠤᠷᠮ᠎ᠠ ᠪᠠᠷ ᠲᠠᠲᠠᠪᠤᠷᠢᠯᠠᠨ᠎ᠠ᠃ | 4. ᠵᠦᠢ ᠶᠤᠰᠤᠨ ᠤ ᠮᠦᠩᠭᠦᠨ ᠭᠦᠢᠯᠭᠡᠭᠡᠨ ᠢᠶᠠᠷ ᠳᠡᠳᠭᠦᠬᠦ ᠲᠥᠷᠥ ᠶᠢᠨ ᠪᠣᠳᠣᠯᠭ᠎ᠠ᠃ ᠪᠠᠩᠭᠢ ᠶᠢᠨ | ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠪᠣᠬᠢᠷᠳᠤᠯ ᠦᠭᠡᠢ | ᠠᠭᠤᠷᠬᠠᠢ ᠶᠢᠨ ᠣᠨᠴᠠᠯᠢᠭᠲᠤ ᠢᠲᠡᠭᠡᠮᠵᠢᠲᠦ ᠵᠢᠭᠡᠯᠡᠯᠭᠡ ᠶᠢᠨ ᠨᠡᠷᠡᠳᠭᠦᠨ ᠢ ᠰᠤᠳᠤᠯᠤᠨ ᠬᠥᠭᠵᠢᠭᠦᠯᠵᠦ᠂ ᠪᠤᠬᠢᠷᠳᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠡᠯᠡ ᠮᠦᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠤᠬᠢᠷᠳᠤᠯ ᠦᠭᠡᠢ ᠠᠭᠤᠷᠬᠠᠢ ᠶᠢᠨ ᠠᠵᠤ | ᠠᠬᠤᠶᠢᠯᠠᠯ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠪᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠢᠳᠡᠪᠬᠢᠲᠡᠢ | ᠰᠠᠶᠢᠲᠤᠷ ᠬᠢᠯᠭᠡᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠨᠢ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠵᠦᠢ ᠶᠤᠰᠤᠨ ᠤ ᠴᠡᠪᠡᠷ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠶᠢ ᠴᠢᠩᠭᠠᠳᠬᠠᠬᠤ ᠬᠡᠷᠡᠭᠲᠡᠢ᠃ | ᠪᠤᠬᠢᠷᠳᠤᠯ ᠦᠭᠡᠢ ᠠᠭᠤᠷᠬᠠᠢ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠣᠯᠬᠤ ᠰᠢᠰᠲ᠋ᠧᠮ ᠳᠤ | ᠣᠷᠤᠭᠤᠯᠵᠤ᠂ ᠪᠠᠩᠭᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠢᠲᠡᠭᠡᠮᠵᠢᠲᠦ | ᠵᠢᠭᠡᠯᠡᠯᠭᠡ ᠶᠢᠨ ᠲᠣᠬᠠᠶᠢᠯᠠᠭᠰᠠᠨ ᠠᠵᠢᠯ ᠢ ᠭᠦᠢᠴᠡᠳᠭᠡᠬᠦ ᠪᠠ ᠪᠤᠰᠤᠳ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡ ᠬᠠᠩᠭᠠᠬᠤ ᠴᠢᠬᠤᠯᠠ ᠭᠦᠢᠴᠡᠳᠭᠡᠯ ᠲᠣᠭᠠᠨ ᠤ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ | ᠴᠢᠨᠠᠷᠲᠠᠢ ᠳᠠᠭᠠᠭᠠᠯᠲᠠ ᠶᠢᠨ ᠪᠠᠶᠢᠭᠤᠯᠤᠮᠵᠢ ᠶᠢ ᠳᠡᠮᠵᠢᠵᠦ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ | ᠪᠦᠲᠦᠴᠡᠲᠦ ᠳᠠᠭᠠᠭᠠᠯᠲᠠ ᠶᠢᠨ ᠰᠠᠭᠤᠷᠢ ᠮᠦᠩᠭᠦ ᠶᠢ ᠰᠦᠪᠡᠭᠴᠢᠯᠡᠨ ᠪᠠᠶᠢᠭᠤᠯᠵᠤ᠂ ᠪᠤᠬᠢᠷᠳᠤᠯ ᠦᠭᠡᠢ | ᠠᠭᠤᠷᠬᠠᠢ ᠶᠢᠨ ᠠᠵᠤ ᠠᠬᠤᠶᠢᠯᠠᠯ ᠪᠠ ᠲᠦᠷᠦᠯ ᠵᠦᠢᠯ ᠳᠤ ᠢᠲᠡᠭᠡᠮᠵᠢ ᠨᠡᠮᠡᠭᠳᠡᠭᠦᠯᠬᠦ ᠦᠢᠯᠡᠴᠢᠯᠡᠭᠡ ᠶᠢ ᠬᠠᠩᠭᠠᠨ᠎ᠠ᠃ | ᠨᠡᠶᠢᠭᠡᠮ ᠤᠨ ᠬᠦᠷᠦᠩᠭᠡ ᠮᠦᠩᠭᠦ ᠶᠢ ᠵᠣᠷᠢᠬᠵᠢᠭᠤᠯᠵᠤ ᠪᠤᠬᠢᠷᠳᠤᠯ ᠦᠭᠡᠢ ᠠᠭᠤᠷᠬᠠᠢ ᠶᠢᠨ ᠠᠵᠤ ᠦᠢᠯᠡᠰ ᠤᠨ | ᠰᠠᠭᠤᠷᠢ ᠮᠦᠩᠭᠦ ᠶᠢ ᠪᠠᠶᠢᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠲᠦᠷᠦᠯ ᠵᠦᠢᠯ ᠳᠤ ᠪᠡᠯᠡ ᠮᠦᠩᠭᠦ ᠶᠢᠨ | ᠳᠡᠮᠵᠢᠯᠭᠡ ᠬᠠᠩᠭᠠᠨ᠎ᠠ᠃ ᠨᠦᠬᠦᠴᠡᠯ ᠳᠤ ᠨᠡᠶᠢᠴᠡᠭᠰᠡᠨ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠤᠨ | ᠬᠢᠯᠢ ᠶᠢᠨ ᠳᠤᠲᠤᠷᠠᠬᠢ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠠᠮᠪᠠᠷ᠎ᠠ᠂ ᠠᠳᠠᠯ ᠦᠢᠯᠡᠰ ᠴᠤᠭᠴᠠᠯᠠᠬᠤ | ᠰᠠᠮᠪᠠᠷ᠎ᠠ ᠪᠠ ᠭᠤᠣᠯ ᠰᠠᠮᠪᠠᠷ᠎ᠠ ᠵᠢᠴᠢ ︽ᠰᠢᠨ᠎ᠡ ᠭᠤᠷᠪᠠᠳᠤᠭᠠᠷ ᠰᠠᠮᠪᠠᠷ᠎ᠠ︾ ᠪᠣᠯᠣᠨ ᠣᠷᠣᠨ ᠪᠦᠰᠡ ᠶᠢᠨ | ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠵᠦ ᠪᠡᠯᠡ ᠲᠣᠬᠢᠷᠠᠭᠤᠯᠭ᠎ᠠ ᠬᠢᠬᠦ ᠶᠢ ᠠᠬᠢᠭᠤᠯᠤᠨ᠎ᠠ᠃ | ︵ᠬᠤᠶᠠᠷ︶ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ | ᠴᠢᠩᠳᠠᠯᠠᠨ᠎ᠠ᠃ ᠠᠭᠤᠷᠬᠠᠢ ᠶᠢᠨ ᠠᠵᠤ ᠠᠬᠤᠶᠢᠯᠠᠯ ᠪᠣᠯ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠤᠭᠴᠠ ᠪᠣᠯᠣᠨ᠎ᠠ᠂ ᠪᠣᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠲᠦᠯᠦᠪᠵᠢᠭᠦᠯᠭᠡ ᠶᠤᠰᠤᠭᠠᠷ᠂ ᠪᠤᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠲᠦᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠭᠤᠷᠬᠠᠢ ᠶᠢᠨ | ᠳᠡᠰ ᠳᠡᠪᠰᠢᠵᠦ ᠰᠢᠨᠡᠳᠭᠡᠨ ᠦᠭᠡᠷᠡᠴᠢᠯᠡᠬᠦ ᠶᠢ ᠬᠡᠷᠡᠭᠵᠢᠭᠦᠯᠦᠨ᠎ᠡ᠃ ᠤᠯᠤᠰ ᠤᠨ ᠳᠡᠰ ᠤᠨ ᠪᠤᠬᠢᠷᠳᠤᠯ ᠦᠭᠡᠢ | ᠠᠭᠤᠷᠬᠠᠢ ᠶᠢ ᠤᠯᠤᠰ ᠤᠨ ᠲᠣᠭᠲᠠᠭᠠᠭᠰᠠᠨ ᠬᠤᠯᠪᠤᠭᠳᠠᠯ ᠪᠦᠬᠦᠢ ᠳᠡᠰ ᠳᠠᠷᠠᠭᠠᠯᠠᠯ ᠶᠤᠰᠤᠭᠠᠷ ᠦᠨᠡᠯᠡᠨ ᠵᠢᠱᠢᠵᠦ | ᠲᠣᠭᠲᠠᠭᠠᠨ᠎ᠠ᠃ ᠦᠪᠡᠷᠲᠡᠭᠡᠨ ᠵᠠᠰᠠᠬᠤ ᠣᠷᠣᠨ ᠤ ᠳᠡᠰ ᠤᠨ ᠪᠤᠬᠢᠷᠳᠤᠯ ᠦᠭᠡᠢ ᠠᠭᠤᠷᠬᠠᠢ ᠨᠢ ᠠᠵᠤ | ᠠᠬᠤᠶᠢᠯᠠᠯ ᠤᠨ ᠬᠢᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠰᠠᠯᠠᠭ᠎ᠠ ᠮᠦᠴᠢᠷ ᠲᠤ ᠦᠪᠡᠷ ᠢ ᠪᠠᠨ ᠦᠨᠡᠯᠡᠭᠰᠡᠨ ᠮᠡᠳᠡᠭᠦᠯᠦᠯᠲᠡ ᠪᠠᠨ ᠲᠤᠰᠢᠶᠠᠵᠤ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ | ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠵᠡᠷᠭᠡ ᠰᠠᠯᠠᠭ᠎ᠠ ᠮᠦᠴᠢᠷ ᠲᠠᠢ | ᠬᠠᠮᠲᠤᠷᠠᠯᠴᠠᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠡᠬᠢ | ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠲᠣᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ ᠦᠨᠡᠯᠡᠨ | ᠵᠢᠱᠢᠬᠦ ᠠᠵᠢᠯ ᠢ ᠦᠷᠨᠢᠭᠦᠯᠵᠦ᠂ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠶᠢᠮᠠᠭ ᠬᠤᠲᠠ ᠶᠢᠨ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠲᠤ ᠮᠡᠳᠡᠭᠦᠯᠬᠦ ᠶᠢᠨ ᠬᠠᠮᠲᠤ ᠢᠯᠡ ᠨᠡᠶᠢᠲᠡᠯᠡᠨ᠎ᠡ᠂ ᠢᠯᠡ | ᠨᠡᠶᠢᠲᠡᠯᠡᠭᠡᠳ ᠣᠨᠳᠣᠣ ᠰᠠᠨᠠᠯ ᠦᠭᠡᠢ ᠪᠣᠯ᠂ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ | ᠨᠡᠷᠡᠰ ᠲᠤ ᠵᠢᠭᠰᠠᠭᠠᠨ ᠣᠷᠤᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ︔ ᠱᠠᠭᠠᠷᠳᠠᠯᠭ᠎ᠠ ᠳᠤ | ᠨᠡᠶᠢᠴᠡᠭᠰᠡᠨ ᠦᠭᠡᠢ ᠪᠠᠶᠢᠪᠠᠯ᠂ ᠦᠨᠡᠯᠡᠨ ᠵᠢᠱᠢᠭᠰᠡᠨ ᠰᠠᠨᠠᠯ ᠳᠤ ᠵᠢᠭᠠᠨ ᠭᠠᠷᠭᠠᠭᠰᠠᠨ ᠠᠰᠠᠭᠤᠳᠠᠯ ᠤᠳ ᠢ | ᠦᠨᠳᠦᠰᠦᠯᠡᠨ᠂ ᠬᠤᠯᠪᠤᠭᠳᠠᠭᠰᠠᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠵᠤ ᠠᠬᠤᠶᠢᠯᠠᠯ ᠳᠤ ᠴᠡᠭᠴᠡᠯᠡᠨ | ᠰᠠᠶᠢᠵᠢᠷᠠᠭᠤᠯᠬᠤ ᠰᠠᠨᠠᠯ ᠢ ᠪᠠᠭᠤᠯᠭᠠᠨ᠎ᠠ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ | ︶ ᠤ ᠠᠷᠠᠳ ᠤᠨ ᠵᠠᠰᠠᠭ ᠤᠨ ᠣᠷᠳᠣᠨ ᠪᠣᠯ ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠶᠢᠨ ᠬᠢᠨᠠᠯᠲᠠ | ᠬᠠᠮᠢᠶᠠᠷᠤᠯᠲᠠ ᠶᠢᠨ ᠭᠤᠣᠯ ᠴᠤᠭᠴᠠ ᠪᠣᠯᠣᠨ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠣᠳᠤᠭᠠᠲᠤ ᠶᠢ | ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠮᠡᠳᠡᠭᠡ ᠵᠠᠩᠬᠢᠵᠢᠯᠲᠠ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ | ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢ ᠦᠷᠨᠢᠭᠦᠯᠬᠦ ᠬᠡᠷᠡᠭᠲᠡᠢ᠃ ᠲᠦᠯᠦᠪᠵᠢᠭᠦᠯᠭᠡ ᠶᠢᠨ | ᠬᠤᠭᠤᠴᠠᠭᠠᠨ ᠳᠤ ᠪᠤᠶᠤ ᠦᠨᠡᠯᠡᠨ ᠵᠢᠱᠢᠭᠡᠳ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠦᠯᠦ ᠬᠦᠷᠦᠭᠰᠡᠨ ᠠᠭᠤᠷᠬᠠᠢ ᠶᠢᠨ ᠠᠵᠤ ᠠᠬᠤᠶᠢᠯᠠᠯ ᠢ ᠪᠣᠯ ᠬᠠᠮᠢᠶ᠎ᠠ ᠪᠦᠬᠦᠢ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠪᠠᠷ | ᠵᠠᠷᠯᠢᠭᠳᠠᠵᠤ᠂ ᠬᠠᠤᠯᠢ ᠴᠠᠭᠠᠵᠠ ᠠᠴᠠ ᠵᠦᠷᠢᠴᠡᠭᠰᠡᠨ ᠪᠠᠶᠢᠪᠠᠯ ᠬᠠᠤᠯᠢ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠬᠤᠭᠤᠴᠠᠭ᠎ᠠ ᠬᠡᠲᠦᠷᠡᠲᠡᠯ᠎ᠡ ᠪᠠᠨ ᠴᠡᠭᠴᠡᠯᠡᠨ ᠰᠠᠶᠢᠵᠢᠷᠠᠭᠤᠯᠬᠤ ᠶᠢ ᠪᠤᠲᠠᠲᠠᠶᠢᠵᠢᠭᠤᠯᠤᠭᠰᠠᠨ ᠦᠭᠡᠢ ᠪᠤᠬᠢᠷᠳᠤᠯ ᠦᠭᠡᠢ | ᠠᠭᠤᠷᠬᠠᠢ ᠶᠢ ᠪᠣᠯ ᠳᠡᠰ ᠳᠠᠷᠠᠭᠠᠯᠠᠯ ᠶᠤᠰᠤᠭᠠᠷ ᠪᠤᠬᠢᠷᠳᠤᠯ ᠦᠭᠡᠢ ᠠᠭᠤᠷᠬᠠᠢ ᠶᠢᠨ ᠨᠡᠷᠡᠰ ᠠᠴᠠ ᠨᠡᠷ᠎ᠡ ᠶᠢ ᠨᠢ | ᠬᠠᠰᠤᠵᠤ᠂ ᠵᠣᠬᠢᠴᠠᠭᠰᠠᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠬᠤ ᠶᠢᠨ | ᠬᠠᠮᠲᠤ ᠢᠯᠡ ᠪᠣᠯᠭᠠᠨ ᠢᠯᠡᠴᠢᠯᠡᠨ᠎ᠡ᠂ ᠡᠭᠦᠨ ᠳᠤ᠂ ᠴᠡᠭᠴᠡᠯᠡᠨ ᠰᠠᠶᠢᠵᠢᠷᠠᠭᠤᠯᠬᠤ ᠶᠢ ᠪᠤᠲᠠᠲᠠᠶᠢᠵᠢᠭᠤᠯᠤᠭᠰᠠᠨ | ᠦᠭᠡᠢ ᠤᠯᠤᠰ ᠤᠨ ᠳᠡᠰ ᠤᠨ ᠪᠤᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠨᠢ ᠦᠪᠡᠷᠲᠡᠭᠡᠨ ᠵᠠᠰᠠᠬᠤ | ᠣᠷᠣᠨ ᠤ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠨᠡᠶᠢᠴᠡᠪᠡᠯ᠂ ᠦᠪᠡᠷᠲᠡᠭᠡᠨ ᠵᠠᠰᠠᠬᠤ | ᠣᠷᠣᠨ ᠤ ᠳᠡᠰ ᠤᠨ ᠪᠣᠬᠢᠷᠳᠤᠯ ᠦᠭᠡᠢ ᠠᠭᠤᠷᠬᠠᠢ ᠶᠢᠨ ᠠᠵᠤ ᠠᠬᠤᠶᠢᠯᠠᠯ ᠪᠣᠯᠭᠠᠬᠤ ᠪᠠᠷ ᠳᠡᠰ ᠢ ᠨᠢ ᠪᠠᠭᠤᠷᠠᠭᠤᠯᠵᠤ | ᠪᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠬᠦ ᠪᠣᠶᠣ ᠴᠡᠭᠴᠡᠯᠡᠨ ᠰᠠᠶᠢᠵᠢᠷᠠᠭᠤᠯᠬᠤ ᠶᠢ | ᠪᠣᠲᠠᠲᠠᠶᠢᠵᠢᠭᠤᠯᠬᠤ ᠳᠤ ᠬᠦᠴᠢᠷᠲᠡᠢ ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠢ ᠪᠣᠯ ᠡᠯ᠎ᠡ ᠭᠠᠵᠠᠷ ᠣᠷᠣᠨ ᠨᠢ | ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠲᠤᠳᠤᠭᠠᠲᠤ ᠶᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ | ᠂ ᠠᠵᠤ ᠠᠬᠤᠢ ᠪᠠ ᠮᠡᠳᠡᠭᠡ ᠵᠠᠩᠬᠢᠵᠢᠯᠲᠠ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ | ᠴᠠᠭᠠᠵᠠ ᠪᠣᠯᠣᠨ ᠠᠵᠤ ᠠᠬᠤᠢ ᠶᠢᠨ ᠠᠷᠭ᠎ᠠ ᠠᠪᠴᠠᠯ ᠢ ᠶᠡᠷᠦᠩᠬᠡᠶᠢᠯᠡᠨ ᠠᠰᠢᠭᠯᠠᠵᠤ᠂ ᠬᠠᠤᠯᠢ ᠶᠤᠰᠤᠭᠠᠷ ᠬᠠᠭᠠᠵᠤ | ᠵᠣᠭᠰᠤᠭᠠᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠵᠢᠯ ᠪᠣᠯᠭᠠᠵᠤ᠂ | ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ | ᠨᠢᠮᠪᠠᠢ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠂ ᠡᠯ᠎ᠡ ᠲᠠᠯ᠎ᠠ ᠶᠢᠨ ᠬᠦᠴᠦᠨ ᠴᠢᠳᠠᠯ ᠢ | ᠳᠠᠶᠢᠴᠢᠯᠠᠵᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠢᠶᠠᠷᠬᠤ ᠪᠠ ᠠᠭᠤᠷᠬᠠᠢ ᠶᠢᠨ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠤᠬᠢᠷᠳᠤᠯ ᠦᠭᠡᠢ | ᠠᠭᠤᠷᠬᠠᠢ ᠶᠢ ᠪᠦᠲᠦᠭᠡᠨ ᠪᠠᠶᠢᠭᠤᠯᠬᠤ ᠪᠠ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ | ᠲᠦᠷᠭᠡᠳᠭᠡᠨ ᠠᠬᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠪᠤᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠪᠡᠷᠲᠡᠭᠡᠨ ᠵᠠᠰᠠᠬᠤ | ᠣᠷᠣᠨ ᠤ ᠬᠤᠪᠢᠳᠠᠨ ᠬᠠᠮᠢᠶᠠᠷᠬᠤ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠦᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠲᠤᠳᠤᠭᠠᠲᠤ ᠶᠢ ᠬᠠᠮᠠᠭᠠᠯᠠᠬᠤ | ᠲᠢᠩᠭᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠭᠢᠮ᠂ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠭᠢᠮ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠭᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ ᠦᠪᠦᠷ ᠮᠣᠩᠭᠤᠯ ᠤᠨ | ᠪᠠᠩᠭᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠢᠶᠠᠷ | ᠪᠦᠷᠢᠯᠳᠦᠭᠦᠨ ᠨᠢᠭᠡᠴᠡ ᠪᠣᠯᠭᠠᠵᠤ᠂ ᠪᠦᠬᠦ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠨᠢᠭᠡᠲᠦᠯᠲᠡᠢ ᠲᠦᠯᠦᠪᠯᠡᠵᠦ ᠵᠢᠯᠤᠭᠤᠳᠬᠤ ᠶᠢ ᠬᠠᠷᠢᠭᠤᠴᠠᠨ᠂ ᠪᠤᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠨᠢ ᠵᠣᠬᠢᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ | ᠭᠠᠵᠠᠷ ᠣᠷᠣᠨ ᠤ ᠪᠤᠬᠢᠷᠳᠤᠯ ᠦᠭᠡᠢ ᠠᠭᠤᠷᠬᠠᠢ ᠶᠢᠨ ᠲᠦᠯᠦᠪᠵᠢᠭᠦᠯᠭᠡ ᠪᠠ ᠠᠵᠢᠯ ᠤᠨ ᠲᠦᠰᠦᠯ ᠢ ᠱᠠᠯᠠᠪᠳᠠᠨ | ᠲᠣᠭᠲᠠᠭᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠡᠭᠦᠷᠭᠡ᠂ | ᠠᠵᠢᠯ ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ | ᠳᠦᠬᠦᠷᠵᠢᠭᠦᠯᠬᠦ ᠲᠥᠷᠥ ᠶᠢᠨ ᠪᠣᠳᠣᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠶᠢ | ᠨᠠᠷᠢᠯᠢᠬᠵᠢᠭᠤᠯᠵᠤ ᠪᠤᠳᠠᠳᠠᠶᠢᠵᠢᠭᠤᠯᠬᠤ ᠶᠢᠨ ᠬᠠᠮᠲᠤ᠂ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠬᠤ ᠶᠢ ᠰᠠᠶᠢᠲᠤᠷ | ᠠᠳᠬᠤᠬᠤ ᠬᠡᠷᠡᠭᠲᠡᠢ᠃ | ︵ᠬᠤᠶᠠᠷ︶ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠢ | ᠪᠣᠯᠭᠠᠨ᠎ᠠ᠃ ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠠᠵᠢᠯ ᠲᠦᠷᠦᠯ ᠤᠨ ᠬᠥᠭᠵᠢᠯᠲᠡ ᠶᠢᠨ | ᠲᠦᠯᠦᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠬᠠᠷᠭᠤᠭᠤᠯᠤᠨ ᠵᠥᠪᠰᠢᠶᠡᠷᠡᠬᠦ᠂ ᠪᠦᠷᠢᠳᠭᠡᠨ ᠳᠠᠩᠰᠠᠯᠠᠬᠤ ᠶᠢ ᠴᠢᠩᠳᠠᠯᠠᠨ᠎ᠠ᠃ ᠡᠳ᠋ ᠤᠨ ᠵᠠᠰᠠᠭ ᠤᠨ | ᠰᠠᠯᠠᠭ᠎ᠠ ᠮᠦᠴᠢᠷ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠦᠰᠥᠪ ᠤᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ᠂ ᠭᠤᠷᠪᠠᠳᠡᠬᠢ ᠡᠲᠡᠭᠡᠳ ᠢᠶᠠᠷ ᠦᠨᠡᠯᠡᠨ | ᠵᠢᠱᠢᠭᠦᠯᠬᠦ᠂ ᠪᠤᠬᠢᠷᠳᠤᠯ ᠦᠭᠡᠢ ᠠᠭᠤᠷᠬᠠᠢ ᠶᠢ ᠱᠠᠩᠨᠠᠨ ᠬᠦᠬᠢᠭᠦᠯᠬᠦ ᠰᠦᠢᠳᠭᠡᠯ ᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠵᠤ ᠰᠡᠷᠭᠦᠭᠡᠬᠦ ᠰᠠᠭᠤᠷᠢ ᠮᠦᠩᠭᠦ ᠶᠢᠨ ᠳᠦᠷᠢᠮ ᠪᠠ | ᠪᠠᠲᠤᠯᠠᠭ᠎ᠠ ᠶᠢᠨ ᠮᠦᠩᠭᠦ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠬᠠᠮᠵᠢᠯᠴᠠᠨ ᠰᠠᠶᠢᠲᠤᠷ ᠬᠢᠨ᠎ᠡ᠃ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠨᠢ ᠪᠤᠬᠢᠷᠳᠤᠯ ᠦᠭᠡᠢ ᠠᠭᠤᠷᠬᠠᠢ ᠶᠢᠨ ᠡᠳᠦᠷ | ᠲᠤᠳᠤᠮ ᠤᠨ ᠠᠵᠢᠯ᠂ ᠨᠡᠷᠡᠰ ᠤᠨ ᠳᠠᠩᠰᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠮᠡᠷᠭᠡᠵᠢᠯ ᠤᠨ ᠪᠠᠷᠢᠮᠵᠢᠶ᠎ᠠ ᠶᠢ | ᠲᠦᠷᠦᠭᠦᠯᠡᠨ ᠲᠣᠭᠲᠠᠭᠠᠵᠤ᠂ ᠪᠤᠬᠢᠷᠳᠤᠯ ᠦᠭᠡᠢ ᠠᠭᠤᠷᠬᠠᠢ ᠵᠢᠴᠢ ᠭᠠᠵᠠᠷ ᠬᠦᠷᠦᠰᠦᠨ ᠤ ᠣᠷᠴᠢᠨ ᠲᠣᠭᠤᠷᠢᠨ ᠢ | ᠵᠠᠰᠠᠬᠤ ᠳᠤ ᠬᠢᠨᠠᠯᠲᠠ ᠬᠠᠮᠢᠶᠠᠷᠤᠯᠲᠠ ᠬᠢᠬᠦ᠂ ︽ᠭᠤᠷᠪᠠᠨ ᠨᠤᠷᠮ᠎ᠠ︾ ᠶᠢᠨ ᠭᠦᠢᠴᠡᠳᠭᠡᠯ ᠲᠤᠭ᠎ᠠ ᠶᠢ | ᠨᠠᠶᠢᠳᠠᠪᠤᠷᠢᠵᠢᠭᠤᠯᠵᠤ ᠵᠡᠷᠭᠡ ᠠᠵᠢᠯ ᠢ ᠬᠠᠷᠢᠭᠤᠴᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ | ᠮᠦᠴᠢᠷ ᠨᠢ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ᠂ | ᠠᠭᠤᠷᠬᠠᠢ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠪᠠ ᠪᠤᠬᠢᠷᠳᠤᠯ ᠪᠤᠳᠠᠰ ᠢ ᠵᠠᠰᠠᠬᠤ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠰᠠᠯᠠᠭ᠎ᠠ ᠮᠦᠴᠢᠷ ᠨᠢ ᠠᠵᠢᠯ | ᠲᠦᠷᠦᠯ ᠤᠨ ᠲᠦᠯᠦᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠤᠨ | ᠠᠷᠭ᠎ᠠ ᠶᠢ ᠵᠣᠬᠢᠶᠠᠨ ᠪᠠᠶᠢᠭᠤᠯᠵᠤ ᠰᠤᠳᠤᠯᠬᠤ ᠪᠠ ᠶᠡᠬᠡᠪᠡᠷ ᠳᠡᠯᠭᠡᠷᠡᠭᠦᠯᠦᠨ᠎ᠡ︔ ᠦᠯᠡᠳᠡᠭᠳᠡᠯ ᠬᠦᠳᠡᠷ ᠢ | ᠶᠡᠷᠦᠩᠬᠡᠶᠢᠯᠡᠨ ᠠᠰᠢᠭᠯᠠᠬᠤ ᠲᠦᠯᠦᠪᠵᠢᠭᠦᠯᠭᠡ ᠶᠢ ᠲᠣᠭᠲᠠᠭᠠᠵᠤ᠂ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠨ᠎ᠠ᠃ ᠤᠰᠤᠨ ᠠᠰᠢᠭᠯᠠᠯᠲᠠ ᠶᠢᠨ ᠰᠠᠯᠠᠭ᠎ᠠ ᠮᠦᠴᠢᠷ ᠨᠢ ᠠᠭᠤᠷᠬᠠᠢ ᠶᠢ ᠨᠡᠭᠡᠭᠡᠨ | ᠮᠠᠯᠲᠠᠬᠤ ᠳᠤ ᠤᠰᠤ ᠠᠪᠬᠤ ᠶᠢᠨ ᠬᠠᠮᠢᠶᠠᠷᠤᠯᠲᠠ ᠪᠠ ᠬᠦᠷᠦᠰᠦ ᠰᠢᠷᠤᠢ ᠢᠳᠡᠭᠳᠡᠬᠦ ᠶᠢ ᠰᠡᠷᠭᠡᠶᠢᠯᠡᠨ ᠵᠠᠰᠠᠬᠤ | ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ ᠤᠳ | ᠦᠪᠡᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠪᠤᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠰᠠᠶᠢᠲᠤᠷ | ᠨᠠᠶᠢᠳᠠᠪᠤᠷᠢᠵᠢᠭᠤᠯᠤᠨ᠎ᠠ᠃ | ︵ᠭᠤᠷᠪᠠ︶ ᠬᠠᠷᠠᠯᠲᠠ ᠶᠢᠨ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠭᠠᠵᠠᠷ | ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ | ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠤᠬᠢᠷᠳᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠪᠠᠶᠢᠭᠤᠯᠤᠨ ᠪᠦᠷᠢᠨᠰᠢᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠤᠬᠢᠷᠳᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠪᠠ ᠪᠣᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠵᠣᠬᠢᠬᠤ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠪᠤᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠨᠢ ᠵᠢᠯ ᠤᠨ ᠰᠡᠭᠦᠯᠴᠢ ᠶᠢᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠤᠭᠤᠯᠵᠤ᠂ ᠵᠢᠯ ᠤᠨ ᠪᠣᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠦᠷ᠎ᠡ ᠪᠦᠲᠦᠮᠵᠢ ᠶᠢᠨ ᠦᠨᠡᠯᠡᠨ ᠵᠢᠱᠢᠬᠦ ᠶᠢ | ᠦᠷᠨᠢᠭᠦᠯᠦᠨ᠂ ᠭᠤᠣᠯ ᠪᠣᠯᠬᠤ ᠬᠠᠷᠠᠯᠲᠠ ᠶᠢᠨ ᠭᠦᠢᠴᠡᠳᠭᠡᠯ ᠲᠤᠭ᠎ᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ | ᠶᠡᠭᠡ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠬᠤ ᠡᠷᠴᠢᠮ ᠢ | ᠴᠢᠩᠭᠠᠷᠠᠭᠤᠯᠬᠤ ᠬᠡᠷᠡᠭᠲᠡᠢ᠃ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠢᠴᠢ ᠠᠭᠤᠷᠬᠠᠢ ᠶᠢᠨ | ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠳᠤ ᠬᠠᠷᠢᠭᠤᠴᠠᠯᠭ᠎ᠠ ᠠᠯᠳᠠᠭᠰᠠᠳ ᠢ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ᠂ ᠵᠠᠰᠠᠭ ᠤᠨ ᠣᠷᠳᠣᠨ ᠤ ᠠᠯᠪᠠᠨ ᠲᠢᠩᠭᠢᠮ ᠤᠨ ︽︿ᠨᠠᠮ | ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠢ ᠶᠢᠨ ᠣᠷᠴᠢᠨ ᠲᠣᠭᠤᠷᠢᠨ ᠡᠪᠳᠡᠭᠳᠡᠭᠰᠡᠨ ᠬᠠᠷᠢᠭᠤᠴᠠᠯᠭ᠎ᠠ ᠶᠢ | ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠣᠬᠠᠢ | ᠮᠡᠳᠡᠭᠳᠡᠯ﹀︾ ︵ᠦᠪᠦᠷ ᠨᠠᠮ ᠠᠯᠪᠠᠨ ᠲᠠᠷᠬᠠᠭᠠᠭᠰᠠᠨ ﹇2016﹈ 7 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ | ᠲᠣᠭᠲᠠᠭᠠᠯ ᠢ ᠴᠢᠩᠭ᠎ᠠ ᠵᠢᠷᠤᠮᠯᠡᠵᠦ ᠬᠠᠷᠢᠭᠤᠴᠠᠯᠭ᠎ᠠ ᠬᠡᠯᠡᠯᠴᠡᠨ᠎ᠡ᠃ | ︵ᠳᠥᠷᠪᠡ︶ ᠰᠣᠨᠢᠨ ᠮᠡᠳᠡᠭᠡᠨ ᠤ ᠤᠬᠠᠭᠤᠯᠭ᠎ᠠ ᠮᠡᠳᠡᠭᠡᠯᠡᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠦᠴᠢᠷ ᠤᠳ ᠪᠤᠬᠢᠷᠳᠤᠯ ᠦᠭᠡᠢ ᠠᠭᠤᠷᠬᠠᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠡᠪᠴᠡᠩ | ᠵᠢᠴᠢ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ | ᠠᠰᠢᠭᠯᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠲᠣᠷᠰᠢᠯᠭ᠎ᠠ ᠪᠣᠯᠣᠨ | ᠠᠬᠢᠴᠠ ᠶᠢᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠤᠨ᠂ ᠶᠠᠷᠢᠶ᠎ᠠ ᠬᠡᠯᠡᠯᠴᠡᠭᠡᠨ ᠢᠶᠠᠷ ᠤᠬᠠᠭᠤᠯᠵᠤ | ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠢᠯᠠᠩᠭᠤᠶ᠎ᠠ ᠠᠭᠤᠷᠬᠠᠢ ᠶᠢᠨ ᠣᠷᠣᠨ ᠤ | ᠪᠤᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠤᠷᠤᠯᠴᠠᠬᠤ | ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠲᠤ ᠪᠤᠬᠢᠷᠳᠤᠯ ᠦᠭᠡᠢ ᠠᠭᠤᠷᠬᠠᠢ ᠶᠢ | ᠣᠶᠢᠯᠠᠭᠠᠭᠤᠯᠵᠤ᠂ ᠪᠤᠬᠢᠷᠳᠤᠯ ᠦᠭᠡᠢ ᠠᠭᠤᠷᠬᠠᠢ ᠶᠢ ᠲᠠᠨᠢᠭᠤᠯᠤᠨ᠂ ᠪᠤᠬᠢᠷᠳᠤᠯ ᠦᠭᠡᠢ ᠠᠭᠤᠷᠬᠠᠢ ᠶᠢ ᠮᠡᠳᠡᠷᠡᠭᠦᠯᠬᠦ | ᠬᠡᠷᠡᠭᠲᠡᠢ᠃ |