ᠥᠪᠥᠷ ᠮᠣᠩᠭᠤᠯ ᠠᠴᠠ 10 ᠬᠥᠮᠦᠨ ᠤᠯᠤᠰ ᠤᠨ ︽ᠲᠦᠮᠡᠨ ᠬᠥᠮᠦᠨ ᠤ ᠲᠥᠯᠥᠪᠯᠡᠭᠡ︾᠎ ᠶᠢᠨ ᠳᠠᠭᠠᠭᠤᠯᠤᠭᠴᠢ ᠴᠢᠳᠠᠪᠤᠷᠢᠲᠠᠨ ᠳᠤ ᠰᠤᠩᠭᠤᠭᠳᠠᠪᠠ
ᠨᠡᠶᠢᠲᠡᠯᠡᠭᠰᠡᠨ ᠴᠠᠭ᠄
2018/1/18
      ᠲᠥᠪ ᠤᠨ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠣᠷᠴᠢᠮᠬᠠᠨ ᠭᠤᠷᠪᠠᠳᠤᠭᠠᠷ ᠪᠦᠯᠦᠭ ︽ᠲᠦᠮᠡᠨ ᠬᠥᠮᠦᠨ ᠤ ᠲᠥᠯᠥᠪᠯᠡᠭᠡ︾᠎ ᠶᠢᠨ ᠳᠠᠭᠠᠭᠤᠯᠤᠭᠴᠢ ᠴᠢᠳᠠᠪᠤᠷᠢᠲᠠᠨ ᠤ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠨᠡᠶᠢᠲᠡ 10 ᠬᠥᠮᠦᠨ ᠰᠤᠩᠭᠤᠭᠳᠠᠵᠤ᠂ ᠡᠭᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ 1 ᠬᠥᠮᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ ᠴᠢᠳᠠᠪᠤᠷᠢᠲᠠᠨ 6᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ  ᠳᠠᠭᠠᠭᠤᠯᠤᠭᠴᠢ ᠴᠢᠳᠠᠪᠤᠷᠢᠲᠠᠨ 2 ᠬᠦᠮᠦᠨ᠂ ᠬᠢᠴᠢᠶᠡᠯ ᠬᠦᠮᠦᠵᠢᠯ ᠤᠨ ᠨᠠᠷᠠᠲᠤ ᠪᠠᠭᠰᠢ 1 ᠬᠦᠮᠦᠨ ᠪᠣᠶ᠃ ᠤᠳᠤ ᠪᠤᠯᠲᠠᠯ᠎ᠠ᠂ ᠥᠪᠥᠷ ᠮᠣᠩᠭᠤᠯ ᠠᠴᠠ ᠨᠢᠭᠡᠨᠲᠡ 24 ᠬᠥᠮᠦᠨ ︽ᠲᠦᠮᠡᠨ ᠬᠥᠮᠦᠨ ᠤ ᠲᠥᠯᠥᠪᠯᠡᠭᠡ︾᠎ ᠳᠤ ᠰᠤᠩᠭᠤᠭᠳᠠᠵᠠᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠯᠢᠦ ᠲᠢᠩ ᠰᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠢᠶᠠᠷ ᠰᠤᠩᠭᠤᠭᠳᠠᠪᠠ︔ ᠤᠯᠠᠭᠠᠨᠬᠠᠳᠠ ᠶᠢᠨ ᠱᠧᠩ ᠰᠧᠨ ᠴᠠᠬᠢᠭᠤᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠮᠠ ᠭᠦᠡᠭ ᠯᠢᠨ᠂ ᠤᠯᠠᠭᠠᠨᠬᠠᠳᠠ ᠶᠢᠨ ᠶᠤᠸᠠᠨ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠧᠨ ᠯᠢ ᠳ᠋ᠦᠩ᠂ ᠥᠪᠥᠷ ᠮᠣᠩᠭᠤᠯ ᠤᠨ ᠭᠧ ᠯᠢᠨ ᠲᠧ ᠡᠮ ᠦᠢᠯᠡᠳᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠤᠤ ᠢ ᠨᠠᠨ᠂ ᠥᠪᠥᠷ ᠮᠣᠩᠭᠤᠯ ᠤᠨ ᠬᠤᠸᠠ ᠲᠢᠶᠠᠨ ᠡᠮ ᠦᠢᠯᠡᠳᠬᠦ ᠬᠢᠵᠠᠭᠠᠷᠲᠤ ᠺᠣᠮᠫᠠᠨᠢ ᠶᠢᠨ ᠭᠦᠸᠧ ᠸᠧᠶ ᠪᠢᠩ᠂ ᠥᠪᠥᠷ ᠮᠣᠩᠭᠤᠯ ᠤᠨ ᠢᠯᠢ ᠪᠦᠯᠦᠭᠯᠡᠯ ᠤᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠫᠠᠠ ᠭᠠᠨᠭ᠌᠂ ᠥᠪᠥᠷ ᠮᠣᠩᠭᠤᠯ ᠤᠨ ᠵᠧᠨ ᠎ ᠶᠢᠨ ᠲᠠᠷᠢᠮᠠᠯ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠠᠩ ᠵᠢᠶᠦ᠋ᠨ ᠵᠡᠷᠭᠡ 6 ᠬᠥᠮᠦᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ ᠴᠢᠳᠠᠪᠤᠷᠢᠲᠠᠨ ᠢᠶᠠᠷ ᠰᠤᠩᠭᠤᠭᠳᠠᠪᠠ︔ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠨ ᠴᠢᠤᠸᠠᠨ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠵᠤᠤ ᠯᠢᠨ ᠫᠢᠩ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠳᠠᠭᠠᠭᠤᠯᠤᠭᠴᠢ ᠴᠢᠳᠠᠪᠤᠷᠢᠲᠠᠨ ᠢᠶᠠᠷ ᠰᠤᠩᠭᠤᠭᠳᠠᠪᠠ︔ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠾᠧᠦ ᠸᠧᠶ ᠬᠢᠴᠢᠶᠡᠯ ᠬᠥᠮᠦᠵᠢᠯ ᠤᠨ ᠨᠡᠷᠡᠲᠦ ᠪᠠᠭᠰᠢ ᠪᠠᠷ ᠰᠤᠩᠭᠤᠭᠳᠠᠪᠠ᠃ ᠲᠤᠰ ᠪᠦᠯᠦᠭ ᠲᠤ ᠡᠯ᠎ᠡ ᠬᠦᠷᠢᠶᠡᠨ ᠤ ᠨᠡᠶᠢᠲᠡ 1513 ᠲᠤᠰᠬᠠᠶ ᠮᠡᠷᠭᠡᠵᠢᠯᠲᠡᠨ ᠰᠣᠩᠭᠤᠭᠳᠠᠵᠤ᠂ ᠡᠬᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ 723 ᠬᠥᠮᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠳᠠᠭᠠᠭᠤᠯᠤᠭᠴᠢ ᠴᠢᠳᠠᠪᠤᠷᠢᠲᠠᠨ 373 ᠬᠦᠮᠦᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠳᠠᠭᠠᠭᠤᠯᠤᠭᠴᠢ ᠴᠢᠳᠠᠪᠤᠷᠢᠲᠠᠨ 220 ᠬᠦᠮᠦᠨ᠂  ᠬᠢᠴᠢᠶᠡᠯ ᠬᠥᠮᠦᠵᠢᠯ ᠤᠨ ᠨᠡᠷᠡᠲᠦ ᠪᠠᠭᠰᠢ 197 ᠬᠥᠮᠦᠨ ᠰᠤᠩᠭᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号