ᠦᠪᠦᠷ ᠮᠤᠩᠭᠤᠯ ︽ᠲᠤᠮᠤ ᠳ᠋ᠠᠶᠢᠲ᠋ᠠ — ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠳᠡ ᠶᠢ ᠬᠦᠲᠦᠯᠦᠨ ᠲᠠᠭᠠᠭᠤᠯᠤᠨ᠎ᠠ︾ ᠭᠡᠬᠦ ᠶᠠᠷᠢᠶᠠᠨ ᠲᠠᠪᠴᠠᠩ ᠢ ᠡᠷᠬᠢᠯᠡᠪᠡ
ᠨᠡᠶᠢᠲᠡᠯᠡᠭᠰᠡᠨ ᠴᠠᠭ᠄
2018/1/18
     ᠤᠷᠴᠢᠮᠬᠠᠨ᠂ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠶᠢᠨ ᠰᠤᠳᠤᠯᠭᠠᠨ ᠤ ᠲᠦᠪ ︽ᠲᠤᠮᠤ ᠳ᠋ᠠᠶᠢᠲ᠋ᠠ — ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠳᠡ ᠶᠢ ᠬᠦᠲᠦᠯᠦᠨ ᠲᠠᠭᠠᠭᠤᠯᠤᠨ᠎ᠠ︾ ᠬᠡᠬᠦ ᠭᠤᠤᠯ ᠰᠡᠳᠦᠪᠲᠦ ᠶᠠᠷᠢᠶᠠᠨ ᠤ ᠲᠠᠪᠴᠠᠩ ᠢ ᠡᠷᠬᠢᠯᠡᠵᠦ᠂ ᠲᠤᠮᠤ ᠳ᠋ᠠᠶᠢᠲ᠋ᠠ ᠶᠢᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠵᠡᠷᠬᠡ ᠰᠡᠳᠦᠪ ᠤᠨ ᠲᠤᠭᠤᠷᠢᠨ ᠳᠤ ᠬᠦᠨᠵᠡᠬᠡᠢ ᠰᠤᠳᠤᠯᠤᠨ ᠶᠠᠷᠢᠯᠴᠠᠭᠰᠠᠨ ᠪᠠᠶᠢᠨ᠎ᠠ᠃      ᠶᠠᠷᠢᠶᠠᠨ ᠤ ᠲᠠᠪᠴᠠᠩ ᠳᠤ ᠤᠷᠤᠯᠴᠠᠬᠰᠠᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠲᠢᠩᠬᠢᠮ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠤᠮᠤ ᠳ᠋ᠠᠶᠢᠲ᠋ᠠ ᠶᠢᠨ ᠲᠤᠪᠴᠢᠶ᠎ᠠ᠂ ᠦᠪᠦᠷ ᠮᠤᠩᠭᠤᠯ ᠤᠨ ᠡᠳ᠋ ᠤᠨ ᠵᠠᠰᠠᠬ ᠠᠵᠦ ᠠᠬᠤᠢ ᠶᠢᠨ ᠶᠡᠭᠡ ᠰᠤᠷᠭᠠᠭᠤᠯᠢ᠂ ᠬᠦᠬᠡᠬᠤᠳᠠ ᠶᠢᠨ ᠡᠬᠦᠯᠡᠨ ᠪᠤᠳᠤᠯᠳᠠ ᠲᠤᠮᠤ ᠳ᠋ᠠᠶᠢᠲ᠋ᠠ ᠶᠢᠨ ᠠᠵᠦ ᠦᠢᠯᠡᠰ ᠤᠨ ᠰᠠᠭᠤᠷᠢᠨ ᠵᠡᠷᠬᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠴᠠ᠂ ᠮᠠᠨ ᠤ ᠤᠷᠤᠨ ᠤ ᠲᠤᠮᠤ ᠳ᠋ᠠᠶᠢᠲ᠋ᠠ ᠶᠢᠨ ᠠᠵᠦ ᠦᠢᠯᠡᠰ ᠤᠨ ᠬᠦᠭᠵᠢᠯᠳᠡ ᠢᠳᠡᠪᠬᠢᠳᠡᠢ ᠦᠷ᠎ᠠ ᠪᠦᠲᠦᠮᠵᠢ ᠤᠯᠵᠦ᠂ ᠲᠤᠮᠤ ᠳ᠋ᠠᠶᠢᠲ᠋ᠠ ᠶᠢᠨ ᠰᠠᠭᠤᠷᠢ ᠪᠡᠯᠡᠳᠬᠡᠮᠵᠢ ᠶᠢᠨ ᠪᠦᠲᠦᠬᠡᠨ ᠪᠠᠶᠢᠭᠤᠯᠤᠯᠲᠠ ᠴᠢᠩᠭᠠᠷᠠᠵᠦ᠂ ᠲᠤᠮᠤ ᠳ᠋ᠠᠶᠢᠲ᠋ᠠ ᠪᠠ ᠪᠤᠲᠠᠲᠤ ᠴᠤᠬᠴᠠ ᠶᠢᠨ ᠠᠵᠦ ᠠᠬᠤᠢ ᠬᠦᠨᠵᠡᠬᠡᠢ ᠠᠭᠤᠰᠤᠯᠴᠠᠵᠦ᠂ ᠤᠯᠠᠮᠵᠢᠯᠠᠯᠲᠤ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠬᠰᠠᠨ ᠪᠠᠶᠢᠨ᠎ᠠ᠃ ᠬᠠᠮᠲᠤ ᠳᠤᠨᠢ᠂ ᠤᠳᠤᠬᠠᠨ ᠳᠤ ᠮᠠᠨ ᠤ ᠤᠷᠤᠨ ᠤ ᠲᠤᠮᠤ ᠳ᠋ᠠᠶᠢᠲ᠋ᠠ ᠶᠢᠨ ᠬᠦᠭᠵᠢᠯᠳᠡ ᠶᠢᠨ ᠪᠦᠬᠦᠯᠢ ᠴᠤᠬᠴᠠ ᠶᠢᠨ ᠲᠦᠪᠰᠢᠨ ᠦᠨᠳᠦᠷ ᠪᠤᠰᠤ᠂ ᠲᠤᠮᠤ ᠳ᠋ᠠᠶᠢᠲ᠋ᠠ ᠶᠢᠨ ᠠᠵᠦ ᠦᠢᠯᠡᠰ ᠤᠨ ᠰᠢᠰᠲ᠋ᠧᠮ ᠬᠠᠷᠠᠬᠠᠨ ᠲᠡᠬᠦᠯᠳᠡᠷᠵᠢᠬᠡᠳᠦᠢ ᠪᠠᠶᠢᠵᠤ᠂ ᠤᠨᠴᠠᠭᠠᠶᠢᠯᠠᠨ ᠲᠤᠮᠤ ᠳ᠋ᠠᠶᠢᠲ᠋ᠠ ᠶᠢᠨ ᠴᠢᠳᠠᠪᠤᠷᠢᠳᠠᠨ ᠲᠤᠳᠠᠬᠳᠠᠵᠦ ᠪᠠᠶᠢᠬᠤ ᠪᠠ ᠰᠢᠨ᠎ᠠ ᠶᠢ ᠡᠬᠦᠳᠬᠦ ᠬᠦᠭᠵᠢᠯᠳᠡ ᠶᠢᠨ ᠴᠢᠳᠠᠪᠤᠷᠢ ᠪᠠᠭᠤᠷᠠᠢ ᠪᠠᠶᠢᠬᠤ ᠨᠢ ᠮᠠᠨ ᠤ ᠤᠷᠤᠨ ᠤ ᠲᠤᠮᠤ ᠳ᠋ᠠᠶᠢᠲ᠋ᠠ ᠶᠢᠨ ᠬᠦᠭᠵᠢᠯᠳᠡ ᠶᠢ ᠬᠦᠯᠢᠶᠡᠰᠦᠯᠡᠵᠦ ᠪᠠᠶᠢᠬᠤ ᠠᠰᠠᠭᠤᠳᠠᠯ ᠪᠤᠯᠤᠬᠰᠠᠨ ᠪᠠᠶᠢᠨ᠎ᠠ᠃ ᠡᠶᠢᠨᠬᠦ᠂ ᠳ᠋ᠠᠶᠢᠲ᠋ᠠ ᠶᠢᠨ ᠡᠬᠢ ᠪᠠᠶᠠᠯᠢᠬ ᠢ ᠬᠦᠨᠵᠡᠬᠡᠢ ᠠᠭᠤᠳᠠᠯᠤᠨ᠂ ᠲᠤᠮᠤ ᠳ᠋ᠠᠶᠢᠲ᠋ᠠ ᠶᠢ ᠢᠳᠡᠪᠬᠢᠳᠡᠢ ᠠᠰᠢᠬᠯᠠᠨ᠂ ᠮᠠᠨ ᠤ ᠤᠷᠤᠨ ᠤ ᠦᠢᠯᠡᠰ ᠪᠤᠰᠬᠠᠬᠤ ᠰᠢᠨ᠎ᠠ ᠶᠢ ᠡᠬᠦᠳᠬᠦ ᠴᠢᠳᠠᠪᠤᠷᠢ ᠶᠢ ᠬᠦᠭᠵᠢᠬᠡᠨ ᠪᠠᠳᠠᠷᠠᠭᠠᠵᠦ᠂ ᠦᠪᠡᠷ ᠤᠨ ᠦᠷᠲᠡᠭ ᠲᠤᠤᠷ᠎ᠠ᠂  ᠲᠦᠬᠦᠮ ᠲᠦᠳᠡ᠂ ᠪᠦᠬᠦ ᠡᠯᠧᠮᠧᠨ᠋ᠲ ᠢ ᠬᠠᠮᠤᠷᠤᠬᠰᠠᠨ᠂ ᠨᠡᠭᠡᠭᠡᠯᠲᠡᠲᠤ ᠬᠡᠯᠪᠡᠷᠢ ᠶᠢᠨ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠲᠡ ᠪᠠᠷ ᠢᠶᠠᠨ ᠰᠢᠨ᠎ᠠ ᠶᠢ ᠡᠬᠦᠳᠬᠦ ᠤᠷᠤᠨ ᠵᠠᠢ ᠶᠢ ᠪᠠᠶᠢᠭᠤᠯᠵᠤ᠂ ᠲᠤᠮᠤ ᠳ᠋ᠠᠶᠢᠲ᠋ᠠ ᠬᠢᠬᠡᠳ ᠤᠯᠠᠮᠵᠢᠯᠠᠯᠲᠤ ᠠᠵᠦ ᠦᠢᠯᠡᠰ ᠢ ᠠᠭᠤᠰᠤᠯᠴᠠᠭᠤᠯᠤᠨ ᠬᠦᠭᠵᠢᠬᠦᠯᠦᠭᠰᠡᠨ ᠵᠠᠭᠪᠤᠷ ᠢ ᠬᠠᠶᠢᠨ ᠰᠦᠪᠡᠭᠴᠢᠯᠡᠵᠦ᠂ ᠮᠡᠳᠡᠭᠡ ᠵᠠᠩᠬᠢ ᠶᠢᠨ ᠡᠬᠢ ᠪᠡᠶᠠᠯᠢᠬ ᠢ ᠬᠠᠮᠳᠤᠪᠡᠷ ᠪᠠᠶᠢᠭᠤᠯᠤᠨ ᠬᠠᠮᠳᠤᠪᠡᠷ ᠬᠦᠷᠲᠡᠬᠦ ᠬᠡᠷᠡᠭᠯᠡᠬᠡᠨ ᠎ ᠤ ᠲᠤᠬᠳᠠᠴᠠ ᠶᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠᠷ ᠰᠠᠭᠤᠷᠢ ᠪᠤᠯᠭᠠᠵᠦ᠂ ᠲᠤᠮᠤ ᠳ᠋ᠠᠶᠢᠲ᠋ᠠ ᠶᠢᠨ ᠴᠢᠳᠠᠪᠤᠷᠢᠳᠠᠨ ᠢ ᠲᠦᠷᠬᠡᠳᠬᠡᠨ ᠪᠤᠶᠢᠵᠢᠭᠤᠯᠪᠠᠯ ᠵᠤᠬᠢᠨ᠎ᠠ ᠭᠡᠵᠦ ᠦᠵᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号