1 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2017 ᠣᠨ ᠤ ᠪᠥᠬᠦ | ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ | ᠦᠷᠨᠢᠭᠦᠯᠦᠭᠰᠡᠨ ᠪᠠᠶᠢᠳᠠᠯ ᠢ ᠨᠡᠪᠲᠡᠷᠡᠭᠦᠯᠪᠡ᠃ | 2017 ᠣᠨ ᠳᠤ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠨᠤᠭᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮᠲᠤ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠨᠠᠮ ᠤᠨ ᠲᠦᠷᠢᠮ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠢᠨᠠᠯᠲᠠ | ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠵᠤ᠂ ᠪᠥᠬᠦ ᠣᠷᠣᠨ ᠤ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠰᠢᠨ᠎ᠡ | ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠮᠵᠢ ᠣᠯᠵᠠᠶ᠃ | ᠰᠣᠨᠢᠨ ᠮᠡᠳᠡᠭᠡ ᠨᠡᠶᠢᠲᠡᠯᠡᠬᠦ ᠬᠤᠷᠠᠯ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠪᠤᠲᠠᠲᠠᠶᠢᠵᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ᠂ ᠲᠣᠭᠤᠷᠢᠨ | ᠦᠵᠡᠵᠦ ᠲᠤᠭᠤᠷᠢᠨ ᠪᠠᠶᠢᠴᠠᠭᠠᠬᠤ ᠬᠢᠨᠠᠯᠲᠠ ᠲᠠᠯᠪᠢᠬᠤ ᠪᠠᠨ ᠴᠢᠩᠭᠠᠳᠬᠠᠬᠤ᠂ ᠬᠢᠨᠠᠯᠲᠠ ᠲᠠᠯᠪᠢᠵᠤ ᠰᠠᠬᠢᠯᠭ᠎ᠠ | ᠪᠠᠲᠤ ᠶᠢ ᠬᠡᠷᠡᠭᠵᠢᠭᠦᠯᠬᠦ ︽ᠳᠦᠷᠪᠡᠨ ᠵᠦᠢᠯ ᠤᠨ ᠬᠡᠯᠪᠡᠷᠢ︾ ᠶᠢ ᠬᠡᠷᠡᠭᠯᠡᠬᠦ᠂ ᠤᠯᠤᠰ ᠤᠨ ᠬᠢᠨᠠᠨ ᠪᠠᠶᠢᠴᠠᠭᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠵᠡᠷᠭᠡ 8 ᠲᠠᠯ᠎ᠠ ᠪᠠᠷ ᠥᠩᠭᠡᠷᠡᠭᠰᠡᠨ ᠨᠢᠭᠡ ᠵᠢᠯ ᠤᠨ ᠲᠤᠷᠰᠢᠬᠢ | ᠪᠦᠬᠦ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ | ᠦᠷᠨᠢᠭᠦᠯᠦᠭᠰᠡᠨ ᠪᠠᠶᠢᠳᠠᠯ ᠢ ᠡᠷᠭᠢᠴᠡᠭᠦᠯᠦᠨ ᠳ᠋ᠦᠩᠨᠡᠪᠡ᠃ 2017 ᠤᠨ ᠳᠤ᠂ ᠪᠥᠬᠦ ᠣᠷᠣᠨ ᠤ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠨᠤᠭᠤᠳ ᠠᠰᠠᠭᠤᠳᠠᠯ ᠤᠨ ᠰᠦᠪᠡᠭᠴᠢ ᠶᠢ ᠨᠡᠶᠢᠲᠡ 27829 | ᠰᠢᠢᠳᠪᠦᠷᠢᠯᠡᠵᠦ᠂ 8445 ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ᠂ 8373 ᠬᠦᠮᠦᠨ ᠳᠤ ᠨᠠᠮ ᠵᠠᠰᠠᠭ ᠤᠨ | ᠰᠠᠬᠢᠯᠭ᠎ᠠ ᠪᠠᠲᠤ ᠶᠢᠨ ᠰᠢᠳᠬᠡᠯ ᠦᠭᠪᠡ᠃ ᠪᠥᠬᠦ ᠣᠷᠣᠨ ᠤ 12 ᠠᠶᠢᠮᠠᠭ ᠬᠤᠲᠠ᠂ 50 ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ︽ | ᠬᠤᠶᠠᠷ ᠬᠠᠷᠢᠭᠤᠴᠠᠯᠭ᠎ᠠ︾ ᠶᠢ ᠨᠠᠶᠢᠢᠳᠠᠪᠤᠷᠢᠭᠤᠯᠤᠭᠰᠠᠨ ᠪᠠᠶᠢᠳᠠᠯ ᠳᠤ 3 ᠡᠭᠡᠯᠵᠢ ᠶᠢᠨ ᠬᠢᠨᠠᠨ ᠵᠢᠯᠤᠭᠤᠳᠤᠯᠭ᠎ᠠ | ᠬᠢᠵᠦ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠢ ᠠᠰᠠᠭᠤᠳᠠᠯ ᠢ | 331 ᠪᠠᠶᠢᠴᠠᠭᠠᠨ ᠰᠢᠶᠳᠪᠦᠷᠢᠯᠡᠵᠦ᠂ 367 ᠬᠥᠮᠦᠨ ᠳᠤ ᠬᠠᠷᠢᠭᠤᠴᠠᠯᠭ᠎ᠠ ᠲᠤᠯᠭᠠᠵᠤ᠂ 115 ᠬᠥᠮᠦᠨ ᠳᠤ ᠨᠠᠮ | ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠦᠭᠪᠡ᠃ ᠪᠦᠬᠦ ᠵᠢᠯ ᠳᠤ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ 588 ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 526 | ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠥᠭᠴᠦ᠂ ᠠᠳᠠᠯᠢ ᠬᠤᠭᠤᠴᠠᠭᠠᠨ ᠤ ᠬᠢ ᠠᠴᠠ ᠲᠤᠰ | ᠲᠤᠰ 295% ᠪᠠ 258% ᠨᠡᠮᠡᠭᠳᠡᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ | ᠬᠡᠷᠡᠭᠵᠢᠭᠦᠯᠦᠭᠰᠡᠨ ᠠᠴᠠ ᠨᠠᠰᠢ ᠥᠪᠥᠷ ᠮᠣᠩᠭᠤᠯ ᠤᠨ ᠪᠠᠶᠢᠴᠠᠭᠠᠨ ᠰᠢᠢᠳᠪᠦᠷᠢᠯᠡᠭᠰᠡᠨ ᠠᠰᠠᠭᠤᠳᠠᠯ ᠪᠠ ᠬᠥᠮᠦᠨ ᠤ | ᠲᠤᠭ᠎ᠠ ᠨᠢ ᠬᠠᠮᠤᠭ ᠲᠦᠷᠭᠡᠨ ᠨᠡᠮᠡᠭᠳᠡᠭᠰᠡᠨ ᠨᠢᠭᠡ ᠵᠢᠯ ᠪᠤᠯᠪᠠ᠃ ︽ᠭᠠᠯᠠᠭᠤ ᠦᠩᠭᠡᠷᠡᠪᠡᠯ ᠦᠳᠦ ᠶᠢ ᠦᠭᠲᠡᠭᠡᠬᠦ︾ | ᠮᠠᠶ᠋ᠢᠭ ᠤᠨ ᠢᠯᠵᠠᠷᠠᠯ ᠤᠨ 2454 ᠠᠰᠠᠭᠤᠳᠠᠯ ᠢ ᠬᠡᠷᠡᠭ ᠪᠤᠯᠭᠠᠨ ᠳᠠᠩᠰᠠᠯᠠᠵᠤ᠂ 5162 ᠬᠦᠮᠦᠨ ᠢ | ᠰᠢᠢᠳᠪᠦᠷᠢᠯᠡᠵᠦ᠂ 2684 ᠬᠦᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠦᠭᠴᠦ᠂ 283 | ᠬᠦᠮᠦᠨ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠠᠢ᠃ ᠪᠥᠬᠦ ᠣᠷᠣᠨ ᠳᠤ ᠨᠡᠶᠢᠲᠡ | 292 ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠭᠤᠷᠢᠨ ᠪᠠᠶᠢᠴᠠᠭᠠᠬᠤ ᠺᠠᠳ᠋ᠷ 1708 ᠬᠥᠮᠦᠨ | ᠲᠣᠬᠢᠷᠠᠭᠤᠯᠵᠤ᠂ ᠲᠤᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠪᠦᠬᠦ ᠵᠢᠯ ᠳᠤ 1840 ᠨᠠᠮ ᠤᠨ ᠵᠣᠬᠢᠶᠠᠨ ᠪᠠᠶᠢᠭᠤᠯᠤᠯᠲᠠ ᠶᠢ ᠲᠤᠭᠤᠷᠢᠨ ᠪᠠᠶᠢᠴᠠᠭᠠᠵᠤ᠂ 9532 ᠠᠰᠠᠭᠤᠳᠠᠯ ᠢ | ᠢᠯᠡᠷᠡᠭᠦᠯᠵᠦ᠂ 2099 ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠠᠢ᠃ ᠣᠳᠣᠬᠠᠨ ᠪᠣᠯᠲᠠᠯ᠎ᠠ᠂ | ᠬᠤᠳᠠ ᠶᠢᠨ ᠱᠠᠲᠤᠨ ᠤ 6 ᠬᠢᠨᠠᠨ ᠪᠠᠶᠢᠴᠠᠭᠠᠬᠤ ᠬᠤᠷᠢᠶ᠎ᠠ ᠪᠠ ᠰᠢᠶᠠᠨ ᠤ ᠱᠠᠲᠤᠨ ᠤ 99 ᠬᠢᠨᠠᠨ ᠪᠠᠶᠢᠴᠠᠭᠠᠬᠤ | ᠬᠤᠷᠢᠶ᠎ᠠ ᠠᠵᠢᠯᠳᠠᠨ ᠢ ᠰᠢᠯᠵᠢᠭᠦᠯᠦᠨ ᠬᠠᠷᠢᠶᠠᠯᠠᠭᠤᠯᠬᠤ᠂ ᠵᠣᠬᠢᠶᠠᠨ ᠪᠠᠶᠢᠭᠤᠯᠤᠨ ᠢᠯᠡᠷᠬᠡᠶᠢᠯᠡᠯ ᠡᠯᠭᠦᠬᠦ ᠠᠵᠢᠯ ᠢ | ᠪᠦᠷ ᠪᠡᠶᠡᠯᠡᠭᠦᠯᠪᠡ᠃ |