2017 ᠣᠨ ᠳᠤ ᠥᠪᠥᠷ ᠮᠣᠩᠭᠤᠯ ᠬᠤᠳᠠ ᠬᠥᠳᠡᠭᠡ ᠶᠢᠨ 7793 ᠵᠡᠮᠳᠡᠭᠴᠦᠳ ᠲᠤ ᠠᠵᠢᠯ ᠤᠯᠭᠤᠵᠠᠢ
ᠨᠡᠶᠢᠲᠡᠯᠡᠭᠰᠡᠨ ᠴᠠᠭ᠄
2018/1/19
      1 ᠳ᠋ᠤᠭᠡᠷ ᠰᠠᠷ᠎ᠠ ᠶᠢᠨ 18᠎ ᠤ ᠡᠳᠦᠷ᠂ ᠰᠤᠷᠪᠤᠯᠵᠢᠯᠠᠭᠴᠢ 2018 ᠣᠨ ᠤ ᠪᠦᠬᠦ ᠣᠷᠣᠨ ᠤ ᠵᠡᠮᠳᠡᠭᠴᠦᠳ ᠤᠨ ᠠᠵᠢᠯ ᠵᠢᠴᠢ ᠵᠡᠮᠳᠡᠭᠴᠦᠳ ᠤᠨ ᠬᠤᠯᠪᠤᠭᠠᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ  ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ ᠠᠴᠠ ᠣᠶᠢᠯᠠᠭᠠᠵᠤ ᠮᠡᠳᠡᠭᠰᠡᠨ ᠢᠶᠠᠷ᠂ 2017 ᠣᠨ ᠳᠤ ᠮᠠᠨ ᠤ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠤᠭ᠎ᠠ ᠨᠢ ᠶᠠᠳᠠᠭᠤ ᠶᠢ ᠲᠡᠳᠬᠦᠬᠦ ᠶᠠᠪᠤᠳᠠᠯ ᠢ ᠡᠷᠴᠢ ᠵᠤᠷᠢᠭ ᠶᠢ ᠨᠢ ᠲᠡᠳᠭᠦᠭᠦ ᠤᠶᠤᠨ ᠰᠠᠨᠠᠭ᠎ᠠ ᠶᠢ ᠨᠢ ᠲᠡᠳᠭᠦᠭᠦ ᠲᠠᠢ ᠤᠶᠠᠯᠳᠤᠭᠤᠯᠤᠨ᠂ ᠬᠤᠳᠠ ᠬᠥᠳᠡᠭᠡ ᠶᠢᠨ 7793 ᠵᠡᠮᠳᠡᠭᠴᠦᠳ ᠲᠤ ᠠᠵᠢᠯ ᠤᠯᠭᠤᠪᠠ᠂ ᠡᠭᠦᠨ ᠳᠤ ᠬᠤᠲᠠ ᠪᠠᠯᠭᠠᠰᠤ ᠶᠢᠨ 3192 ᠵᠡᠮᠳᠡᠭᠴᠦᠳ ᠲᠤ ᠠᠵᠢᠯ ᠤᠯᠭᠤᠵᠤ᠂ ᠬᠥᠳᠡᠭᠡ ᠲᠣᠰᠬᠤᠨ ᠤ 4601 ᠵᠡᠮᠳᠡᠭᠴᠦᠳ ᠲᠤ ᠠᠵᠢᠯ ᠤᠯᠭᠤᠪᠠ᠃ 2017 ᠣᠨ ᠪᠣᠯᠲᠠᠯ᠎ᠠ᠂ ᠮᠠᠨ ᠤ ᠣᠷᠣᠨ ᠤ ᠵᠡᠮᠳᠡᠭᠴᠦᠳ ᠲᠤ ᠠᠵᠢᠯ ᠤᠯᠭᠤᠬᠤ ᠨᠤᠷᠮ᠎ᠠ 50%᠎ ᠳᠤ ᠬᠦᠷᠴᠦ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠴᠠᠢ᠃      ᠵᠡᠮᠳᠡᠭᠴᠦᠳ ᠤᠨ ᠡᠷᠴᠢ ᠵᠤᠷᠢᠭ ᠪᠠ ᠤᠶᠤᠨ ᠰᠠᠨᠠᠭ᠎ᠠ ᠶᠢ ᠨᠢ ᠲᠡᠳᠭᠦᠭᠦ ᠠᠵᠢᠯ ᠢ ᠢᠳᠡᠪᠬᠢᠲᠡᠶ ᠥᠷᠨᠢᠭᠦᠯᠵᠦ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯᠯᠠᠭᠠᠨ ᠤ ᠲᠥᠯᠥᠪᠯᠡᠭᠡ ︵2016 - 2020 ᠣᠨ︶︾᠂ ︽ᠵᠡᠮᠳᠡᠭᠴᠦᠳ ᠲᠤ ᠲᠤᠰᠠᠯᠠᠬᠤ ᠴᠢᠨᠠᠷᠲᠠᠶ ᠠᠵᠢᠯ ᠤᠯᠭᠤᠬᠤ ᠶᠢ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠲᠠᠭᠠᠵᠤ᠂ ᠴᠢᠰᠤ ᠶᠡᠭᠦᠯᠡᠬᠦ ᠶᠢ ᠴᠢᠰᠤ ᠪᠦᠲᠦᠭᠡᠬᠦ ᠪᠣᠯᠭᠠᠨ ᠬᠤᠪᠢᠷᠠᠭᠤᠯᠵᠤ᠂ ᠵᠡᠮᠳᠡᠭᠴᠦᠳ ᠤᠨ ᠠᠵᠢᠯ ᠤᠯᠬᠤ ᠠᠮᠢᠵᠢᠷᠠᠯ ᠤᠨ ᠬᠦᠴᠦᠨ ᠢ ᠨᠢ ᠬᠦᠭᠵᠢᠭᠡᠭᠰᠡᠨ ᠪᠠᠶᠢᠨ᠎ᠠ᠃ ᠤᠶᠢᠷ᠎ᠠ ᠶᠢᠨ ᠵᠢᠯ ᠤᠳ ᠲᠤ᠂ ᠵᠡᠮᠳᠡᠭᠴᠦᠳ ᠤᠨ ᠠᠵᠢᠯ ᠤᠯᠵᠤ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢᠨ ᠲᠤᠯᠠᠳᠠ᠂ ᠮᠠᠨ ᠤ ᠣᠷᠣᠨ ᠵᠢᠯ ᠪᠦᠷᠢ 2000 ᠲᠦᠮᠡᠨ ᠲᠥᠭᠦᠷᠢᠭ ᠠᠴᠠ 2500 ᠲᠦᠮᠡᠨ ᠲᠥᠭᠦᠷᠢᠭ ᠲᠣᠬᠢᠷᠠᠭᠤᠯᠵᠤ ᠪᠠᠶᠢᠭᠠᠳ ᠵᠡᠮᠳᠡᠭᠴᠦᠳ ᠤᠨ ᠠᠵᠢᠯ ᠤᠯᠵᠤ ᠠᠳᠠᠯ ᠦᠢᠯᠡᠰ ᠴᠣᠭᠴᠠᠯᠠᠬᠤ ᠳᠤᠨᠢ ᠳᠡᠮᠵᠢᠯᠭᠡ ᠦᠵᠡᠭᠦᠯᠵᠤ᠂ 500 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠬᠤᠳᠠ ᠪᠠᠯᠭᠠᠰᠤᠨ ᠤ ᠠᠵᠢᠯ ᠤᠯᠬᠤ ᠬᠦᠰᠡᠯ ᠡᠷᠡᠮᠡᠯᠵᠡᠯ ᠲᠠᠢ ᠪᠠ ᠬᠦᠳᠡᠯᠮᠦᠷᠢᠯᠡᠬᠦ ᠴᠢᠳᠠᠪᠤᠷᠢ ᠲᠠᠢ 1 ᠲᠦᠮᠡᠨ ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠪᠡ᠃ 2017 ᠣᠨ ᠳᠤ᠂ ᠮᠠᠨ ᠤ ᠣᠷᠣᠨ ᠤ ᠰᠣᠬᠤᠷ ᠬᠥᠮᠦᠨ ᠤ ᠢᠯᠢᠬᠦ ᠵᠠᠰᠠᠯ ᠤᠨ 27 ᠡᠮᠴᠢᠯᠡᠭᠡᠨ ᠤ ᠪᠠᠶᠢᠭᠤᠯᠤᠮᠵᠢ ᠳᠤ 100 ᠲᠦᠮᠡᠨ ᠲᠥᠭᠦᠷᠢᠭ ᠤᠨ ᠨᠥᠬᠦᠪᠥᠷᠢ ᠤᠯᠭᠤᠪᠠ᠃      ᠵᠡᠮᠳᠡᠭᠴᠦᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠯᠠᠳᠠ᠂ ᠮᠠᠨ ᠤᠨ ᠣᠷᠣᠨ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠠᠴᠠ ᠵᠢᠯ ᠪᠦᠷᠢ 150 ᠲᠦᠮᠡᠨ ᠲᠥᠭᠦᠷᠢᠭ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 1.5 ᠲᠦᠮᠡᠨ ᠵᠡᠮᠳᠡᠭᠴᠦᠳ ᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠬᠦᠷᠲᠡᠭᠡᠪᠡ᠃ ᠪᠤᠭᠤᠲᠤ ᠬᠤᠳᠠ᠂ ᠬᠢᠩᠭᠠᠨ ᠠᠶᠢᠮᠠᠭ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠳᠤᠮᠳᠠ ᠵᠡᠮᠳᠡᠭᠴᠦᠳ ᠲᠤ ᠰᠦᠢᠳᠭᠡᠯ ᠬᠤᠷᠢᠶᠠᠬᠤ ᠦᠭᠡᠢ ᠪᠠᠷ ᠲᠠᠷᠢᠶᠠᠯᠭ᠎ᠠ ᠶᠢᠨ ᠰᠠᠭᠤᠷᠢᠨ ᠭᠠᠵᠠᠷ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠠᠵᠢᠯ ᠣᠯᠭᠤᠬᠤ ᠰᠠᠭᠤᠷᠢᠨ ᠭᠠᠵᠠᠷ ᠤᠯᠭᠤᠵᠤ᠂ ︽ᠲᠣᠪᠶᠤᠭ ᠤᠨ ᠬᠡᠯᠪᠡᠷᠢ︾᠎ ᠲᠠᠢ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠵᠡᠮᠳᠡᠭᠴᠦᠳ ᠢ ᠬᠠᠪᠰᠤᠷᠴᠤ ᠪᠠᠶᠢᠭᠠᠳ ᠶᠠᠳᠠᠭᠤ ᠠᠴᠠ  ᠠᠩᠬᠢᠵᠢᠷᠠᠭᠤᠯᠤᠨ᠂ ᠵᠡᠮᠳᠡᠭᠴᠦᠳ ᠲᠤ ᠠᠵᠢᠯ ᠤᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠪᠡ᠃      ᠵᠡᠮᠳᠡᠭᠴᠦᠳ ᠲᠤ ᠲᠤᠰᠠᠯᠠᠬᠤ ᠴᠢᠨᠠᠷᠲᠠᠶ ᠠᠵᠢᠯ ᠤᠯᠭᠤᠬᠤ ᠶᠢ ᠠᠬᠢᠭᠤᠯᠤᠨ ᠵᠢᠷᠤᠮᠵᠢᠭᠤᠯᠬᠤ ᠶᠢᠨ ᠲᠤᠯᠠᠳᠠ᠂ 2017 ᠣᠨ ᠳᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠬᠤᠯᠪᠤᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠢᠶᠠᠷ ᠲᠤᠰᠠᠯᠠᠬᠤ ᠪᠦᠷᠢᠨ ᠲᠦᠭᠦᠷ ᠠᠷᠭ᠎ᠠ ᠶᠢ ᠲᠤᠭᠲᠠᠭᠠᠵᠤ᠂ ᠰᠢᠯᠵᠢᠭᠦᠯᠦᠨ ᠥᠭᠬᠦ ᠲᠤᠰᠬᠠᠶ ᠪᠡᠯᠡ ᠮᠥᠩᠭᠦ ᠶᠢ 763 ᠲᠦᠮᠡᠨ ᠲᠥᠭᠦᠷᠢᠭ ᠲᠣᠬᠢᠷᠠᠭᠤᠯᠵᠤ᠂ ᠡᠯ᠎ᠡ ᠠᠶᠢᠮᠠᠭ ᠬᠤᠳᠠ ᠶᠢᠨ ᠵᠡᠮᠳᠡᠭᠴᠦᠳ ᠤᠨ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ ᠳᠤ ᠨᠦᠬᠦᠪᠦᠷᠢ ᠤᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号