1 ᠳ᠋ᠦ᠋ᠭᠡᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ | ᠺᠢᠨᠣ᠋ ᠲᠧᠯᠸᠢᠰ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠣᠶᠢᠯᠠᠭᠠᠭᠰᠠᠨ ᠢᠶᠠᠷ᠂ 2017 | ᠣᠨ ᠳᠤ ᠮᠠᠨ ᠤ ᠣᠷᠣᠨ 3400 ᠲᠦᠮᠡᠨ ᠲᠦᠭᠦᠷᠢᠭ ᠣᠷᠤᠭᠤᠯᠤᠨ᠂ 6.9 ᠲᠦᠮᠡᠨ ᠡᠷᠦᠬᠡ ᠳᠤ ︽ᠡᠷᠦᠬᠡ | ᠪᠣᠯᠭᠠᠨ ᠳᠤ ᠨᠡᠪᠲᠡᠷᠡᠭᠦᠯᠬᠦ︾ ᠶᠢ ᠪᠡᠶᠡᠯᠡᠭᠦᠯᠵᠦ᠂ ᠷᠠᠳᠢᠣ᠋ ᠨᠡᠪᠲᠡᠷᠡᠭᠦᠯᠭᠡ ᠲᠧᠯᠸᠢᠰ ᠢ ︽ᠭᠠᠴᠠᠭ᠎ᠠ ᠪᠣᠯᠭᠠᠨ ᠳᠤ | ᠨᠡᠪᠲᠡᠷᠡᠭᠦᠯᠬᠦ︾ ᠶᠢ ︽ᠡᠷᠦᠬᠡ ᠪᠣᠯᠭᠠᠨ ᠳᠤ ᠨᠡᠪᠲᠡᠷᠡᠭᠦᠯᠬᠦ︾ ᠳᠠᠪᠰᠢᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ | 2017 ᠣᠨ ᠳᠤ ᠪᠥᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ | ᠠᠵᠢᠯᠲᠠᠳ ᠭᠦᠨ ᠨᠠᠷᠢᠨ ᠦᠵᠡᠯ ᠰᠠᠨᠠᠭ᠎ᠠ ᠲᠠᠢ᠂ ᠢᠯᠡ ᠲᠣᠳᠣ ᠦᠨᠳᠦᠰᠦᠲᠡᠨ ᠤ ᠣᠨᠴᠠᠯᠢᠭ ᠲᠠᠢ ᠰᠣᠨᠢᠨ ᠮᠡᠳᠡᠭᠡ | ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠨᠢᠭᠡ ᠪᠦᠯᠦᠭ ᠰᠣᠳᠣᠨ ᠪᠦᠲᠦᠭᠡᠯ ᠢ ᠪᠦᠲᠦᠭᠡᠭᠰᠡᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ 2018 ᠣᠨ ᠤ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ | ᠺᠢᠨᠣ᠋ ᠲᠧᠯᠸᠢᠰ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠴᠢᠨᠠᠷ ᠰᠠᠶᠢᠲᠠᠶ ᠬᠥᠭᠵᠢᠭᠦᠯᠬᠦ ᠡᠨᠡᠬᠦ ᠦᠨᠳᠦᠰᠦᠨ ᠱᠠᠭᠠᠷᠳᠠᠯᠭ᠎ᠠ ᠶᠢ ᠪᠠᠲᠤ | ᠡᠵᠡᠮᠰᠢᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠭᠤᠣᠯᠳᠠᠯᠭ᠎ᠠ ᠶᠢ ᠠᠳᠬᠤᠵᠦ᠂ | ᠳᠤᠲᠠᠭᠤᠳᠠᠯ ᠢ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ | ᠵᠢᠯᠣᠭᠤᠳᠬᠤ ᠴᠢᠳᠠᠪᠤᠷᠢ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ᠂ ᠤᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ᠂ ᠵᠢᠭᠰᠠᠭᠠᠯ ᠤᠨ ᠭᠠᠵᠠᠷ ᠢ ᠬᠠᠮᠢᠶᠠᠷᠬᠤ ᠴᠢᠳᠠᠪᠤᠷᠢ᠂ ᠰᠣᠳᠣᠨ ᠪᠦᠲᠦᠭᠡᠯ ᠵᠣᠬᠢᠶᠠᠨ | ᠪᠦᠲᠦᠭᠡᠬᠦ ᠴᠢᠳᠠᠪᠤᠷᠢ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠪᠠᠨ ᠡᠷᠴᠢᠮᠯᠡᠨ ᠳᠡᠭᠡᠭᠰᠢᠯᠡᠭᠦᠯᠵᠦ᠂ ︽ | ᠦᠵᠡᠮᠵᠢᠲᠦ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ | ᠬᠠᠮᠲᠤ ᠪᠠᠷ ᠲᠡᠷᠭᠡᠯᠰᠢᠭᠦᠯᠬᠦ︾ ᠳᠤ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ | ᠤᠶᠦᠠ ᠰᠠᠨᠠᠭᠠᠨ ᠤ ᠬᠥᠳᠡᠯᠭᠡᠭᠴᠢ ᠬᠦᠴᠦᠨ ᠪᠣᠯᠣᠨ ᠤᠶᠤᠨ ᠤ ᠳᠡᠮᠵᠢᠯᠭᠡ ᠦᠵᠡᠭᠦᠯᠬᠦ ᠪᠣᠯᠣᠨ᠎ᠠ᠃ |